ᠨᠠᠢᠮᠠᠨ ᠬᠤᠰᠢᠭᠤᠨ ᠤ ᠲᠤᠭᠤᠯ ᠡᠪᠡᠰᠦᠨ ᠤ ᠲᠠᠷᠢᠮᠠᠯ ᠤᠨ ᠲᠠᠯᠠᠪᠠᠢ3.5 ᠲᠦᠮᠡᠨ ᠮᠦ ᠳᠤ ᠬᠦᠷᠪᠡ
ᠨᠡᠶᠢᠲᠡᠯᠡᠭᠰᠡᠨ ᠴᠠᠭ᠄
2018-11-05
   2015 ᠤᠨ ᠠᠴᠠ ᠨᠠᠰᠢ᠂ ᠨᠠᠢᠮᠠᠨ ᠬᠤᠰᠢᠭᠤ ᠬᠢᠳᠠᠳ ᠡᠮ ᠤᠨ ᠮᠠᠲ᠋ᠧᠷᠢᠶᠠᠯ ᠤᠨ ᠲᠠᠷᠢᠮᠠᠯ ᠠᠵᠤ ᠦᠢᠯᠡᠰ ᠢ ᠶᠡᠭᠡ ᠪᠠᠷ ᠬᠦᠭᠵᠢᠭᠦᠯᠦᠭᠰᠡᠨ ᠠᠴᠠ᠂ ᠣᠳᠤᠬᠠᠨ ᠳᠤ ᠪᠦᠬᠦ ᠬᠤᠰᠢᠭᠤᠨ ᠤ ᠮᠤᠩᠭᠤᠯ ᠬᠢᠳᠠᠳ ᠡᠮ ᠤᠨ ᠮᠠᠲ᠋ᠧᠷᠢᠶᠠᠯ  ᠤᠨ ᠲᠠᠷᠢᠮᠠᠯ ᠤᠨ ᠲᠠᠯᠠᠪᠠᠢ 15 ᠲᠦᠮᠡᠨ ᠮᠦ ᠳᠤ ᠬᠦᠷᠴᠦ᠂ ᠪᠦᠬᠦ ᠬᠤᠰᠢᠭᠤᠨ ᠤ 15 ᠰᠣᠮᠤ ᠰᠢᠶᠠᠩ ᠪᠠᠯᠭᠠᠰᠤ ᠲᠠᠯᠠᠪᠠᠢ ᠶᠢ ᠪᠦᠷᠬᠦᠵᠦ᠂ ᠡᠮ ᠤᠨ ᠮᠠᠲ᠋ᠧᠷᠢᠶᠠᠯ 40 ᠭᠠᠷᠤᠢ ᠲᠦᠷᠦᠯ ᠪᠠᠶᠢᠵᠤ᠂ ᠡᠭᠦᠨ ᠳᠤ ᠲᠤᠭᠤᠯ ᠡᠪᠡᠰᠦ ᠭᠤᠤᠯ ᠪᠠᠶᠢᠷᠢ ᠶᠢ ᠡᠵᠡᠯᠡᠵᠦ᠂ ᠪᠦᠬᠦ ᠲᠠᠯᠠᠪᠠᠢ ᠨᠢ 3.5 ᠲᠦᠮᠡᠨ ᠮᠦ ᠳᠤ ᠬᠦᠷᠴᠦ᠂ ᠲᠤᠰ ᠬᠤᠰᠢᠭᠤ ᠪᠦᠬᠦ ᠤᠯᠤᠰ ᠤᠨ ᠬᠠᠮᠤᠭ ᠤᠨ ᠶᠡᠭᠡ ᠲᠤᠭᠤᠯ ᠡᠪᠡᠰᠦᠨ ᠤᠨ ᠲᠠᠷᠢᠮᠠᠯ ᠤᠨ ᠰᠠᠭᠤᠷᠢᠨ ᠭᠠᠵᠠᠷ ᠢ ᠪᠠᠶᠢᠭᠤᠯᠬᠤ ᠪᠠᠷ ᠪᠡᠯᠡᠳᠭᠡᠵᠦ ᠪᠤᠢ᠃    ᠡᠭᠦᠨ ᠤ ᠬᠠᠮᠲᠤ᠂ ᠲᠤᠰ ᠬᠤᠰᠢᠭᠤ ᠣᠷᠴᠢᠨ ᠲᠤᠭᠤᠷᠢᠨ ᠢ ᠬᠢᠨᠠᠨ ᠰᠢᠯᠭᠠᠬᠤ᠂ ᠡᠮ ᠤᠨ ᠮᠠᠲ᠋ᠧᠷᠢᠶᠠᠯ ᠤᠨ ᠴᠢᠨᠠᠷ ᠴᠢᠨᠰᠠᠭ᠎ᠠ ᠶᠢ ᠪᠠᠶᠢᠴᠠᠭᠠᠬᠤ ᠬᠦᠴᠦᠴᠡ ᠪᠠᠨ ᠶᠡᠭᠡᠰᠭᠡᠵᠦ᠂ ᠮᠡᠷᠭᠡᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠨ᠂ ᠵᠠᠮᠪᠠᠯᠳᠣᠷᠵᠢ ᠮᠤᠩᠭᠤᠯ ᠬᠢᠳᠠᠳ ᠡᠮ ᠤᠨ ᠮᠠᠲ᠋ᠧᠷᠢᠶᠠᠯ ᠤᠨ ᠲᠦᠷᠦᠯ ᠲᠡᠮᠲᠡᠭ ᠢ ᠡᠭᠦᠳᠴᠦ᠂ ᠮᠤᠩᠭᠤᠯ ᠡᠮ ᠡᠮᠨᠡᠯᠭᠡ ᠶᠢᠨ ᠲᠤᠰᠬᠠᠢ ᠴᠢᠳᠠᠪᠤᠷᠢᠲᠠᠨ ᠢ ᠬᠦᠮᠦᠵᠢᠭᠦᠯᠬᠦ ᠠᠵᠢᠯ ᠢ ᠪᠦᠬᠦ ᠬᠦᠴᠦᠨ ᠢᠶᠠᠷ ᠴᠢᠩᠭᠠᠳᠬᠠᠵᠤ ᠪᠠᠶᠢᠨ᠎ᠠ᠃              ︵ᠯᠢ ᠪᠣᠶᠠᠨᠴᠤᠭᠯᠠ︶
 
ᠢᠷᠡᠯᠲᠡ᠄ ᠲᠦᠩᠯᠢᠶᠣᠣ ᠶᠢᠨ ᠰᠣᠨᠢᠨ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号