5 ᠰᠠᠷ᠎ᠠ ᠶᠢᠨ 9 ᠤ ᠦᠳᠡ ᠶᠢᠨ ᠡᠮᠦᠨ᠎ᠠ ᠂ ᠤᠯᠤᠰ ᠤᠨ ᠳᠡᠰ ᠤᠨ ᠪᠤᠳᠠᠰ ᠤᠨ ᠪᠤᠰᠤ | ᠰᠤᠶᠤᠯ ᠤᠨ ᠦᠯᠡᠳᠡᠭᠳᠡᠯ ᠤᠨ ᠳᠦᠷᠦᠯ ᠵᠦᠢᠯ ︽ᠮᠤᠩᠭᠤᠯ ᠦᠨᠳᠦᠰᠦᠳᠡᠨ ᠤ ᠳᠦᠷᠪᠡᠨ ᠤᠳᠠᠰᠤᠳᠤ | ᠬᠤᠭᠤᠷ ᠤᠨ ᠳᠠᠭᠤᠤ ᠬᠦᠭᠵᠢᠮ ᠢ ᠬᠠᠮᠠᠭᠠᠯᠠᠵᠤ ᠤᠯᠠᠮᠵᠢᠯᠠᠬᠤ ᠰᠠᠭᠤᠷᠢᠨ ᠭᠠᠵᠠᠷ ︾ ᠤᠨ ᠫᠠᠶᠢᠰᠠ | ᠤᠯᠭᠤᠬᠤ ᠶᠤᠰᠤᠯᠠᠯ ᡁᠢ ᠠᠨ ᠪᠠᠯᠭᠠᠰᠤ ᠶᠢᠨ ᠵᠠᠰᠠᠭ ᠤᠨ ᠤᠷᠳᠤᠨ ᠳᠤ ᠦᠪᠡᠳᠡᠭᠰᠢ ᠶᠡᠭᠡ ᠪᠠᠷ | ᠶᠠᠪᠤᠭᠳᠠᠪᠠ᠃ ᠳᠦᠡᠭᠯᠢᠶᠤᠤ ᠬᠤᠳᠠ ᠶᠢᠨ ᠦᠨᠳᠦᠰᠦᠳᠡᠨ ᠤ ᠳᠠᠭᠤᠤ ᠪᠦᠵᠢᠭ ᠤᠨ ᠪᠦᠯᠭᠦᠮ ᠤᠨ | ᠳᠡᠳ᠋ ᠪᠦᠯᠭᠦᠮ ᠤᠨ ᠳᠠᠷᠤᠭ᠎ᠠ ᠯᠢ ᠪᠢᠡᠭ᠂ ᠳᠦᠡᠭᠯᠢᠶᠤᠤ ᠬᠤᠳᠠ ᠶᠢᠨ ᠦᠨᠳᠦᠰᠦᠳᠡᠨ ᠤ ᠳᠠᠭᠤᠤ ᠪᠦᠵᠢᠭ ᠤᠨ | ᠪᠦᠯᠬᠦᠮ ᠤᠨ ᠦᠪᠡᠷᠳᠡᠭᠡᠨ ᠵᠠᠰᠠᠬᠤ ᠤᠷᠤᠨ ᠤ ᠪᠤᠳᠠᠰ ᠤᠨ ᠪᠤᠰᠤ ᠰᠤᠶᠤᠯ ᠤᠨ ᠦᠯᠡᠳᠡᠭᠳᠡᠯ ᠤᠨ ᠮᠤᠩᠭᠤᠯ | ᠳᠦᠷᠪᠡᠨ ᠤᠳᠠᠰᠤᠳᠤ ᠬᠤᠭᠤᠷ ᠤᠨ ᠳᠠᠭᠤᠤ ᠬᠦᠭᠵᠢᠮ ᠤᠨ ᠵᠠᠯᠭᠠᠮᠵᠢᠯᠠᠬᠴᠢ ᠵᠠᠩ ᠪᠠᠶᠠᠷ᠂ ᠨᠠᠢᠮᠠᠨ ᠬᠤᠰᠢᠭᠤᠨ | ᠤ ᠰᠤᠶᠤᠯ ᠷᠠᠳᠢᠤ᠋ ᠨᠡᠪᠳᠡᠷᠡᠭᠦᠯᠭᠡ ᠶᠢᠨ ᠳᠤᠪᠴᠢᠶᠠᠨ ᠳᠠᠷᠤᠭ᠎ᠠ ᠸᠠᠩ ᠱᠦ ᠪᠦᠸᠧ᠂ ᠨᠠᠢᠮᠠᠨ ᠬᠤᠰᠢᠭᠤᠨ ᠤ | ᠤᠳᠬ᠎ᠠ ᠤᠷᠠᠯᠢᠭ ᠤᠨ ᠬᠤᠯᠪᠤᠭᠠᠨ ᠤ ᠳᠡᠷᠢᠭᠦᠯᠡᠭᠴᠢ ᠰᠢ ᠯᠢᠶᠠᠩ ᠴᠧᠨ᠂ ᠡᠷᠬᠢᠯᠡᠭᠴᠢ ᠬᠦᠸᠧ ᠬᠠᠢ᠂ ᠨᠠᠢᠮᠠᠨ | ᠬᠤᠰᠢᠭᠤᠨ ᠤ ᠦᠨᠳᠦᠰᠦᠳᠡᠨ ᠱᠠᠰᠢᠨ ᠰᠤᠷᠳᠠᠬᠤᠨ ᠤ ᠭᠡᠷᠡᠭ ᠡᠷᠬᠢᠯᠡᠭᠦ ᠳᠤᠪᠴᠢᠶ᠎ᠠ ᠶᠢᠨ ᠳᠠᠪᠴᠢᠶᠠᠨ ᠳᠠᠷᠤᠭ᠎ᠠ | ᠰᠢ ᠰᠠᠶᠢᠨ᠂ ᠨᠠᠢᠮᠠᠨ ᠬᠤᠰᠢᠭᠤᠨ ᠤ ᠠᠬᠠᠮᠠᠳ ᠺᠠᠳ᠋ᠷ ᠤᠨ ᠳᠤᠪᠴᠢᠶ᠎ᠠ ᠶᠢᠨ ᠳᠤᠪᠴᠢᠶᠠᠨ ᠳᠠᠷᠤᠭ᠎ᠠ ᠯᠢ ᠮᠤᠤ | ᠵᠢᠶᠧ᠂ ᠨᠠᠢᠮᠠᠨ ᠬᠤᠰᠢᠭᠤᠨ ᠤ ᠰᠤᠶᠤᠯ ᠤᠨ ᠤᠷᠳᠤᠨ ᠤ ᠳᠠᠷᠤᠭ᠎ᠠ ᠲᠠᠨ ᠯᠢ ᠹᠸᠡᠭ᠂ ᠨᠠᠢᠮᠠᠨ ᠬᠤᠰᠢᠭᠤᠨ ᠤ | ︽ ᠭᠢᠳᠠᠨ ᠳᠠᠭᠤᠤ ᠬᠦᠭᠵᠢᠮ ᠤᠨ ᠰᠤᠳᠤᠯᠤᠯ ᠤᠨ ᠨᠡᠶᠢᠭᠡᠮᠯᠢᠭ︾ ᠤᠨ ᠳᠠᠷᠤᠭ᠎ᠠ ᠪᠤᠤ ᠶᠢᠨ ᠱᠠᠨ᠂ | ᠳᠡᠷᠢᠭᠦᠯᠡᠭᠴᠢ ᠡᠤ ᠪᠤᠤ ᠵᠢᠴᠢ ᡁᠢ ᠠᠨ ᠪᠠᠯᠭᠠᠰᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠪᠠᠯᠭᠠᠰᠤᠨ | ᠳᠠᠷᠤᠭ᠎ᠠ ᠽᠦᠢ ᠢᠣᠢ ᠪᠦᠸᠧ ᠵᠡᠷᠭᠡ ᠤᠳᠤᠷᠢᠳᠤᠯᠭ᠎ᠠ ᠵᠢᠴᠢ ᡁᠢ ᠠᠨ ᠪᠠᠯᠭᠠᠰᠤ ᠶᠢᠨ ︽ ᠪᠤᠷᠤ ᠬᠤᠰᠢᠭᠤ︾ | ᠠᠷᠠᠳ ᠤᠨ ᠤᠷᠠᠯᠢᠭ ᠤᠨ ᠪᠦᠯᠭᠦᠮ ᠤᠨ ᠳᠠᠷᠤᠭ᠎ᠠ ᠯᠢᠶᠠᠩ ᠶᠢᠨ ᠱᠠᠨ ᠵᠢᠴᠢ ᠭᠡᠰᠢᠭᠦᠳ ᠡᠨᠡ ᠤᠳᠠᠭᠠᠨ ᠤ | ᠫᠠᠶᠢᠰᠠ ᠤᠯᠭᠤᠬᠤ ᠶᠤᠰᠤᠯᠠᠯ ᠳᠤ ᠤᠷᠤᠯᠴᠠᠵᠦ᠂ ᡁᠢ ᠠᠨ ᠪᠠᠯᠭᠠᠰᠤᠨ ᠤ ᠨᠠᠮ ᠤᠨ ᠬᠤᠷᠢᠶ᠎ᠠ ᠶᠢᠨ | ᠤᠬᠠᠭᠤᠯᠬᠤ ᠭᠡᠰᠢᠭᠦᠨ ᠸᠠᠩ ᠬᠤᠤ ᠶᠤᠰᠤᠯᠠᠯ ᠢ ᠡᠷᠬᠢᠯᠡᠵᠡᠢ᠃ | ᠡᠩ ᠳᠡᠷᠢᠭᠦᠨ ᠳᠤ ᡁᠢ ᠠᠨ ᠪᠠᠯᠭᠠᠰᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠪᠠᠯᠭᠠᠰᠤᠨ ᠳᠠᠷᠤᠭ᠎ᠠ | ᠽᠦᠢ ᠢᠣᠢ ᠪᠦᠸᠧ ᠨᠦᠭᠦᠷ ᠠᠴᠠ ᠪᠠᠶᠠᠷ ᠤᠨ ᠦᠭᠡ ᠬᠡᠯᠡᠵᠡᠢ᠃ ︽ᠣᠯᠣᠰ ᠤᠨ ᠳᠡᠰ ᠤᠨ ᠪᠤᠳᠠᠰ ᠤᠨ | ᠪᠤᠰᠤ ᠰᠤᠶᠤᠯ ᠤᠨ ᠦᠯᠡᠳᠡᠭᠳᠡᠯ ᠤᠨ ᠳᠦᠷᠦᠯ ᠵᠦᠢᠯ ᠪᠤᠯᠬᠤ ᠮᠤᠩᠭᠤᠯ ᠦᠨᠳᠦᠰᠦᠳᠡᠨ ᠤ ᠳᠦᠷᠪᠡᠨ | ᠤᠳᠠᠰᠤᠳᠤ ᠬᠤᠭᠤᠷ ᠤᠨ ᠳᠠᠭᠤᠤ ᠭᠦᠭᠵᠢᠮ ᠢ ᠬᠠᠮᠠᠭᠠᠯᠠᠵᠦ ᠤᠯᠠᠮᠵᠢᠯᠠᠬᠤ ᠰᠠᠭᠤᠷᠢᠨ ᠭᠠᠵᠠᠷ︾ ᡁᠢ ᠠᠨ | ᠪᠠᠯᠭᠠᠰᠤᠨ ᠳᠤ ᠨᠤᠳᠤᠬᠰᠢᠬᠰᠠᠨ ᠢ ᠪᠡᠯᠭᠡᠯᠡᠵᠦ᠂ ᠫᠠᠶᠢᠰᠠ ᠤᠯᠭᠤᠬᠤ ᠶᠤᠰᠤᠯᠠᠯ ᠳᠤ ᠮᠤᠷᠢᠯᠠᠨ ᠰᠠᠭᠠᠳᠠᠭᠰᠠᠨ | ᠤᠳᠤᠷᠢᠳᠤᠯᠭ᠎ᠠ ᠂ ᠵᠤᠴᠢᠳ ᠲᠤ ᠴᠢᠩ ᠰᠡᠳᠬᠢᠯ ᠤᠨ ᠳᠠᠯᠠᠷᠬᠠᠯ ᠢᠶᠠᠨ ᠢᠯᠡᠳᠭᠡᠵᠠᠢ᠃ | ︽ᠪᠤᠳᠠᠰ ᠤᠨ ᠪᠤᠰᠤ ᠰᠤᠶᠤᠯ ᠤᠨ ᠦᠯᠡᠳᠡᠭᠳᠡᠯ︾ ᠪᠤᠯ ᠦᠨᠳᠦᠰᠦᠳᠡᠨ ᠤ ᠰᠤᠶᠤᠯ ᠤᠨ ᠤᠬᠢ᠂ | ᠦᠨᠳᠦᠰᠦᠳᠡᠨ ᠤ ᠤᠢ ᠪᠢᠯᠢᠭ ᠤᠨ ᠪᠡᠯᠭᠡ ᠳᠡᠮᠳᠡᠭ᠂ ᠮᠦᠨᠴᠤ ᠦᠨᠳᠦᠰᠦᠳᠡᠨ ᠤ ᠵᠤᠷᠢᠭ ᠰᠠᠨᠠᠭᠠᠨ ᠤ | ᠳᠠᠯᠠᠰᠳᠤ᠂ ᠳᠡᠷᠨ ᠨᠢ ᠨᠢᠭᠡ ᠦᠨᠳᠦᠰᠦᠳᠡᠨ ᠤ ᠲᠡᠤᠭᠡ ᠰᠤᠶᠤᠯ ᠪᠠ ᠦᠨ᠎ᠠ ᠦᠷᠳᠡᠭ ᠤᠨ ᠦᠵᠡᠯᠳᠡ ᠳᠠᠨᠢᠯᠳᠠ | ᠶᠢ ᠤᠯᠠᠮᠵᠢᠯᠠᠵᠠᠢ᠃ ᠽᠦᠢ ᠪᠠᠯᠭᠠᠰᠤᠨ ᠳᠠᠷᠤᠭ᠎ᠠ ᠳᠤᠷᠠᠳᠤᠭᠰᠠᠨ ᠨᠢ᠂ ︽ᡁᠢ ᠠᠨ ᠪᠠᠯᠭᠠᠰᠤᠨ ᠤ ᠤᠯᠤᠰ ᠤᠨ | ᠳᠡᠰ ᠤᠨ ᠪᠤᠳᠠᠰ ᠤᠨ ᠪᠤᠰᠤ ᠰᠤᠶᠤᠯ ᠤᠨ ᠦᠯᠡᠳᠡᠭᠳᠡᠯ ᠤᠨ ᠳᠦᠷᠦᠯ ᠵᠦᠢᠯ ᠪᠤᠯᠬᠤ ᠮᠤᠩᠭᠤᠯ | ᠦᠨᠳᠦᠰᠦᠳᠡᠨ ᠤ ᠳᠦᠷᠪᠡᠨ ᠤᠳᠠᠰᠤᠳᠤ ᠬᠤᠭᠤᠷ ᠤᠨ ᠳᠠᠭᠤᠤ ᠬᠦᠭᠵᠢᠮ ᠢ ᠬᠠᠮᠠᠭᠠᠯᠠᠵᠦ ᠤᠯᠠᠮᠵᠢᠯᠠᠬᠤ | ᠰᠠᠭᠤᠷᠢᠨ ᠭᠠᠵᠠᠷ︾ ᠢ ᠪᠠᠶᠢᠭᠤᠯᠤᠭᠰᠠᠨ ᠵᠤᠷᠢᠯᠭ᠎ᠠ ᠪᠤᠯ ᠳᠤᠰᠬᠠᠢ ᠰᠡᠳᠦᠪᠳᠤ ᠪᠤᠯᠪᠠᠰᠤᠷᠠᠯ ᠤᠨ ᠠᠷᠭ᠎ᠠ ᠪᠠᠷ | ᠮᠠᠨ ᠤ ᠪᠠᠯᠭᠠᠰᠤᠨ ᠤ ᠠᠷᠠᠳ ᠤᠨ ᠤᠷᠠᠯᠢᠭ ᠪᠠ ᠪᠤᠳᠠᠰ ᠤᠨ ᠪᠤᠰᠤ ᠰᠤᠶᠤᠯ ᠤᠨ ᠦᠯᠡᠳᠡᠭᠳᠡᠯ ᠢ | ᠬᠠᠮᠠᠭᠠᠯᠠᠬᠤ᠂ ᠤᠬᠠᠭᠤᠯᠬᠤ᠂ ᠳᠤᠭᠯᠠᠬᠤ ᠠᠷᠭ᠎ᠠ ᠠᠪᠴᠠᠯ ᠵᠡᠷᠭᠡ ᠳᠠᠯ᠎ᠠ ᠪᠠᠷ ᠨᠡᠭᠡᠭᠡᠵᠦ᠂ ᠰᠤᠳᠤᠯᠵᠦ᠂ | ᠠᠰᠢᠬᠠᠯᠠᠬᠤ ᠪᠠ ᠤᠯᠠᠮᠵᠢᠯᠠᠬᠤ ᠶᠢᠨ ᠤᠯᠠᠮ ᠠᠴᠠ ᠪᠤᠳᠠᠰ ᠤᠨ ᠪᠤᠰᠤ ᠰᠤᠶᠤᠯ ᠤᠨ ᠦᠯᠡᠳᠡᠭᠳᠡᠯ ᠢ ᠬᠠᠮᠠᠭᠠᠯᠠᠬᠤ | ᠠᠵᠢᠯ ᠢ ᠤᠯᠠᠮ ᠨᠢᠭᠡ ᠠᠯᠬᠤᠮ ᠬᠦᠨᠵᠡᠭᠡᠶᠢᠷᠡᠭᠦᠯᠵᠦ᠂ ᠪᠠᠰᠠᠴᠤ ᠨᠠᠢᠮᠠᠨ ᠬᠤᠰᠢᠭᠤᠨ ᠤ ᠰᠤᠶᠤᠯ ᠤᠨ ᠤᠯᠠᠮ | ᠨᠢᠭᠡ ᠠᠯᠬᠤᠮ ᠬᠦᠭᠵᠢᠬᠦ ᠪᠠ ᠴᠡᠴᠡᠭᠯᠡᠭᠦ ᠶᠢᠨ ᠰᠠᠭᠤᠷᠢ ᠶᠢ ᠳᠠᠯᠪᠢᠵᠠᠢ᠃ ︽ ᠪᠤᠷᠤ ᠬᠤᠰᠢᠭᠤ︾ ᠠᠷᠠᠳ ᠤᠨ | ᠤᠷᠠᠯᠢᠭ ᠤᠨ ᠪᠦᠯᠭᠦᠮ ᠪᠠ ᠪᠤᠳᠠᠰ ᠤᠨ ᠪᠤᠰᠤ ᠰᠤᠶᠤᠯ ᠤᠨ ᠦᠯᠡᠳᠡᠭᠳᠡᠯ ᠢ ᠬᠠᠮᠠᠭᠠᠯᠠᠬᠤ ᠪᠤᠯᠪᠠᠰᠤᠷᠠᠯ ᠤᠨ | ᠠᠩᠬᠢ ᠪᠠᠶᠢᠭᠤᠯᠤᠭᠳᠠᠰᠠᠨ ᠤ ᠰᠡᠭᠦᠯᠡᠷ᠂ ᠪᠦᠳᠦᠮᠵᠢᠳᠡᠢ ᠠᠵᠢᠯᠯᠠᠬᠤ ᠳᠤᠭᠳᠠᠴᠠ ᠶᠢ ᠳᠠᠷᠤᠢ ᠳᠦᠷᠭᠡᠨ | ᠪᠦᠷᠢᠳᠦᠭᠦᠯᠵᠦ᠂ ᠪᠤᠳᠠᠰ ᠤᠨ ᠪᠤᠰᠤ ᠰᠤᠶᠤᠯ ᠤᠨ ᠦᠯᠡᠳᠡᠭᠳᠡᠯ ᠤᠨ ᠠᠵᠢᠯᠴᠢᠳ ᠤᠨ ᠪᠤᠯᠪᠠᠰᠤᠷᠠᠭᠤᠯᠤᠯᠳᠠ᠂ | ᠳᠤᠰᠬᠠᠢ ᠠᠰᠠᠭᠤᠨ ᠰᠤᠷᠪᠤᠯᠵᠢᠯᠠᠭ᠎ᠠ᠂ ᠰᠢᠨᠵᠢᠯᠡᠭᠦ ᠤᠬᠠᠭᠠᠨᠴᠢ ᠬᠠᠮᠭᠠᠯᠠᠯᠳᠠ ᠪᠠ ᠤᠯᠠᠮᠵᠢᠯᠠᠬᠤ ᠳᠠᠯ᠎ᠠ ᠪᠠᠷ | ᠴᠢᠬᠤᠯᠨ ᠦᠢᠯᠡᠳᠦᠯ ᠪᠠᠳᠠᠷᠠᠭᠤᠯᠵᠦ᠂ ᠮᠠᠨ ᠤ ᠪᠠᠯᠭᠠᠰᠤᠨ ᠤ ᠠᠷᠠᠳ ᠤᠨ ᠰᠤᠶᠤᠯ ᠤᠷᠠᠯᠢᠭ ᠪᠠ ᠪᠤᠳᠠᠰ ᠤᠨ | ᠪᠤᠰᠤ ᠰᠤᠶᠤᠯ ᠤᠨ ᠦᠯᠡᠳᠡᠭᠳᠡᠯ ᠢ ᠬᠠᠮᠠᠭᠠᠯᠠᠬᠤ ᠠᠵᠢᠯ ᠤᠨ ᠰᠢᠨ᠎ᠠ ᠪᠠᠶᠢᠳᠠᠯ ᠢ ᠴᠢᠷᠮᠠᠶᠢᠨ ᠡᠭᠦᠳᠭᠦ ᠶᠢ | ᠬᠦᠰᠡᠵᠦ ᠪᠠᠶᠢᠨ᠎ᠠ ᠭᠡᠵᠡᠢ᠃ | ᠰᠡᠭᠦᠯ ᠳᠤ᠂ ᠨᠠᠢᠮᠠᠨ ᠬᠤᠰᠢᠭᠤᠨ ᠤ ᠦᠨᠳᠦᠰᠦᠳᠡᠨ ᠱᠠᠰᠢᠨ ᠰᠤᠷᠳᠠᠬᠤᠨ ᠤ ᠭᠡᠷᠡᠭ ᠡᠷᠬᠢᠯᠡᠭᠦ ᠳᠤᠪᠴᠢᠶ᠎ᠠ | ᠶᠢᠨ ᠳᠤᠪᠴᠢᠶᠠᠨ ᠳᠠᠷᠤᠭ᠎ᠠ ᠰᠢ ᠰᠠᠶᠢᠨ ᠪᠠ ᠳᠦᠡᠭᠯᠢᠶᠤᠤ ᠬᠤᠳᠠ ᠶᠢᠨ ᠦᠨᠳᠦᠰᠦᠳᠡᠨ ᠤ ᠳᠠᠭᠤᠤ ᠪᠦᠵᠢᠭ | ᠤᠨ ᠪᠦᠯᠭᠦᠮ ᠤᠨ ᠳᠡᠳ᠋ ᠪᠦᠯᠭᠦᠮ ᠤᠨ ᠳᠠᠷᠤᠭ᠎ᠠ ᠯᠢ ᠪᠢᠡᠭ ᠨᠦᠭᠦᠷ ᠠᠴᠠ ᠳᠤᠰᠪᠤᠷᠢ ᠨᠠᠢᠮᠠᠨ ᠬᠤᠰᠢᠭᠤᠨ | ᠤ ᠦᠨᠳᠦᠰᠦᠳᠡᠨ ᠱᠠᠰᠢᠨ ᠰᠤᠷᠳᠠᠬᠤᠨ ᠤ ᠭᠡᠷᠡᠭ ᠡᠷᠬᠢᠯᠡᠭᠦ ᠳᠤᠪᠴᠢᠶ᠎ᠠ ᠪᠠ ᠳᠦᠡᠭᠯᠢᠶᠤᠤ ᠬᠤᠳᠠ ᠶᠢᠨ | ᠦᠨᠳᠦᠰᠦᠳᠡᠨ ᠤ ᠳᠠᠭᠤᠤ ᠪᠦᠵᠢᠭ ᠤᠨ ᠪᠦᠯᠭᠦᠮ ᠤᠨ ᠪᠦᠭᠦ ᠤᠳᠤᠷᠢᠳᠬᠤ ᠪᠠᠭ ᠪᠠ ᠳᠤᠬᠯᠠᠬᠴᠢᠳ ᠢ | ᠳᠦᠯᠦᠭᠡᠯᠡᠨ ᠴᠢᠬᠤᠯᠨ ᠶᠠᠷᠢᠶ᠎ᠠ ᠳᠠᠯᠪᠢᠵᠠᠢ᠃ ᠳᠡᠳᠡᠨᠤᠰ ᠢᠯᠡᠷᠭᠡᠶᠢᠯᠡᠭᠰᠡᠨ ᠨᠢ᠂ ᠤᠷᠴᠢᠮ ᠤᠨ ᠵᠢᠯ ᠳᠤ ᠯᠢᠶᠠᠩ | ᠶᠢᠨ ᠱᠠᠨ ᠪᠦᠯᠭᠦᠮ ᠤᠨ ᠳᠠᠷᠤᠭ᠎ᠠ ᠪᠠᠷ ᠳᠦᠯᠦᠭᠡᠯᠡᠭᠦᠯᠦᠭᠰᠡᠨ ᡁᠢ ᠠᠨ ᠪᠠᠯᠭᠠᠰᠤᠨ ᠤ ︽ ᠪᠤᠷᠤ ᠬᠤᠰᠢᠭᠤ︾ | ᠠᠷᠠᠳ ᠤᠨ ᠤᠷᠠᠯᠢᠭ ᠤᠨ ᠪᠦᠯᠭᠦᠮ ᠬᠤᠰᠢᠭᠤᠨ ᠤ ᠳᠤᠳᠤᠭᠠᠳᠤ ᠭᠠᠳᠠᠭᠠᠳᠤ ᠶᠢᠨ ᠡᠯ᠎ᠠ ᠳᠡᠰ ᠤᠨ ᠳᠦᠷᠪᠡᠨ | ᠤᠳᠠᠰᠤᠳᠤ ᠬᠤᠭᠤᠷ ᠤᠨ ᠤᠷᠤᠯᠳᠤᠭᠠᠨ ᠳᠤ ᠤᠷᠤᠯᠴᠠᠵᠦ᠂ ᠤᠯᠠᠨ ᠠᠷᠪᠢᠨ ᠶᠡᠭᠡ ᠱᠠᠩ ᠳᠤᠰᠴᠤ᠂ ᠨᠠᠢᠮᠠᠨ | ᠬᠤᠰᠢᠭᠤᠨ ᠤ ᠮᠤᠩᠭᠤᠯ ᠦᠨᠳᠦᠰᠦᠳᠡᠨ ᠤ ᠳᠠᠭᠤᠤ ᠬᠦᠭᠵᠢᠮ ᠢ ᠬᠠᠮᠠᠭᠠᠯᠠᠬᠤ ᠪᠠ ᠤᠯᠠᠮᠵᠢᠯᠠᠬᠤ ᠠᠵᠢᠯ ᠢ | ᠨᠠᠩ ᠦᠨᠳᠦᠷ ᠳᠦᠪᠰᠢᠨ ᠳᠤ ᠬᠦᠷᠭᠡᠵᠦ᠂ ᠨᠠᠢᠮᠠᠨ ᠬᠤᠰᠢᠭᠤᠨ ᠤ ᠰᠤᠶᠤᠯ ᠤᠨ ᠪᠠᠶᠢᠭᠤᠯᠤᠯᠳᠠ ᠳᠤ | ᠳᠤᠪᠤᠶᠢᠮ᠎ᠠ ᠬᠤᠪᠢ ᠨᠡᠮᠡᠭᠦᠷᠢ ᠦᠵᠡᠭᠦᠯᠵᠡᠢ᠃ ᠤᠷᠠᠯᠢᠭ ᠤᠨ ᠪᠦᠯᠭᠦᠮ ᠤᠨ ᠪᠦᠭᠦ ᠭᠡᠰᠢᠭᠦᠨ ᠠᠴᠠ ᠮᠤᠩᠭᠤᠯ | ᠦᠨᠳᠦᠰᠦᠳᠡᠨ ᠤ ᠳᠦᠷᠪᠡᠨ ᠤᠳᠠᠰᠤᠳᠤ ᠬᠤᠭᠤᠷ ᠤᠨ ᠪᠠᠭᠰᠢ ᠡᠤ ᠶᠦᠨ ᠯᠦᠡᠭ ᠤᠨ ᠮᠤᠩᠭᠤᠯ ᠦᠨᠳᠦᠰᠦᠳᠡᠨ | ᠤ ᠳᠦᠷᠪᠡᠨ ᠤᠳᠠᠰᠤᠳᠤ ᠬᠤᠭᠤᠷ ᠲᠠᠬᠢ ᠤᠷᠬᠢᠯᠤᠮ᠎ᠠ ᠰᠡᠳᠬᠢᠯᠭᠡ ᠪᠠ ᠡᠷᠬᠢᠮ ᠳᠡᠭᠡᠳᠤ ᠵᠤᠷᠢᠭ ᠰᠠᠨᠠᠭ᠎ᠠ ᠶᠢ | ᠰᠤᠷᠤᠯᠴᠠᠨ ᠪᠠᠳᠠᠷᠠᠭᠤᠯᠵᠦ᠂ ᠡᠭᠦᠨ ᠠᠴᠠ ᠬᠤᠶᠢᠰᠢᠳᠠ ᠮᠤᠩᠭᠤᠯ ᠦᠨᠳᠦᠰᠦᠳᠡᠨ ᠤ ᠳᠦᠷᠪᠡᠨ ᠤᠳᠠᠰᠤᠳᠤ | ᠬᠤᠭᠤᠷ ᠢ ᠪᠠᠳᠠᠷᠠᠭᠤᠯᠤᠨ ᠬᠦᠭᠵᠢᠭᠦᠯᠭᠦ᠂ ᠬᠠᠮᠠᠭᠠᠯᠠᠵᠦ ᠤᠯᠠᠮᠵᠢᠯᠠᠬᠤ ᠳᠠᠯ᠎ᠠ ᠪᠠᠷ ᠢᠳᠡᠪᠬᠢᠳᠡᠢ ᠰᠦᠪᠡᠭᠴᠢᠯᠡᠯᠳᠠ | ᠬᠢᠵᠦ᠂ ᠨᠡᠩ ᠶᠡᠭᠡ ᠬᠤᠪᠢ ᠨᠡᠮᠡᠭᠦᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠡᠢ᠃ | ᠤᠷᠠᠯᠢᠭ ᠤᠨ ᠪᠦᠯᠭᠦᠮ ᠤᠨ ᠭᠡᠰᠢᠭᠦᠨ ᠬᠤᠷᠴᠢᠨ ᠠᠴᠠ ︽ ᠪᠤᠷᠤ ᠬᠤᠰᠢᠭᠤ︾ ᠠᠷᠠᠳ ᠤᠨ ᠤᠷᠠᠯᠢᠭ | ᠤᠨ ᠪᠦᠯᠭᠦᠮ ᠢ ᠳᠦᠯᠦᠭᠡᠯᠡᠨ ᠶᠠᠷᠢᠶ᠎ᠠ ᠳᠠᠯᠪᠢᠪᠠ᠃ ᠳᠡᠷᠨ ᠢᠯᠡᠷᠭᠡᠶᠢᠯᠡᠭᠰᠡᠨ ᠨᠢ ︽ ᠪᠤᠷᠤ ᠬᠤᠰᠢᠭᠤ︾ ᠠᠷᠠᠳ | ᠤᠨ ᠤᠷᠠᠯᠢᠭ ᠤᠨ ᠪᠦᠯᠭᠦᠮ ᠤᠨ ᠪᠦᠭᠦ ᠭᠡᠰᠢᠭᠦᠨ ᠡᠭᠦᠨ ᠠᠴᠠ ᠬᠤᠶᠢᠰᠢ ᠳᠤᠷᠰᠢᠯᠭ᠎ᠠ ᠪᠠᠶᠠᠯᠢᠭ ᠪᠠᠭᠰᠢ ᠠᠴᠠ | ᠲᠠᠭᠠᠨ ᠰᠤᠷᠤᠯᠴᠠᠵᠦ᠂ ᠨᠠᠢᠮᠠᠨ ᠬᠤᠰᠢᠭᠤᠨ ᠤ ᠳᠦᠷᠪᠠᠨ ᠤᠳᠠᠰᠤᠳᠤ ᠬᠤᠭᠤᠷ ᠲᠤ ᠳᠤᠷᠠᠳᠠᠢ ᠬᠦᠮᠦᠰ ᠲᠤ | ᠰᠤᠷᠤᠯᠴᠠᠬᠤ ᠳᠠᠪᠴᠠᠩ ᠪᠠᠶᠢᠭᠤᠯᠤᠨ ᠦᠭᠴᠦ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠬᠦᠨᠳᠤ | ᠨᠠᠶᠢᠳᠠᠯᠭ᠎ᠠ ᠶᠢ ᠦᠯᠦ ᠮᠠᠷᠳᠠᠨ᠂ ᠮᠤᠩᠭᠤᠯ ᠦᠨᠳᠦᠰᠦᠳᠡᠨ ᠤ ᠳᠦᠷᠪᠡᠨ ᠤᠳᠠᠰᠤᠳᠤ ᠬᠤᠭᠤᠷ ᠢ ᠬᠠᠮᠭᠠᠯᠠᠵᠦ | ᠤᠯᠠᠮᠵᠢᠯᠠᠬᠤ ᠴᠢᠬᠤᠯᠨ ᠡᠭᠦᠷᠭᠡ ᠶᠢ ᠡᠭᠦᠷᠭᠡᠯᠡᠭᠦ ᠢᠳᠡᠭᠡᠯ ᠪᠠᠶᠢᠨ᠎ᠠ ᠭᠡᠵᠡᠢ᠃ | ᠬᠠᠮᠤᠭ ᠰᠡᠭᠦᠯ ᠳᠤ᠂ ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ | ᠦᠯᠡᠳᠡᠭᠳᠡᠯ ᠤᠨ ᠳᠦᠷᠦᠯ ᠵᠦᠢᠯ ︽ᠮᠤᠩᠭᠤᠯ ᠦᠨᠳᠦᠰᠦᠳᠡᠨ ᠤ ᠳᠦᠷᠪᠡᠨ ᠤᠳᠠᠰᠤᠳᠤ ᠬᠤᠭᠤᠷ ᠤᠨ | ᠳᠠᠭᠤᠤ ᠬᠦᠭᠵᠢᠮ ᠢ ᠬᠠᠮᠠᠭᠠᠯᠠᠵᠤ ᠤᠯᠠᠮᠵᠢᠯᠠᠬᠤ ᠰᠠᠭᠤᠷᠢᠨ ᠭᠠᠵᠠᠷ ︾ ᠤᠨ ᠫᠠᠶᠢᠰᠠ ᠤᠯᠭᠤᠬᠤ | ᠶᠤᠰᠤᠯᠠᠯ ᠢ ᠦᠪᠡᠳᠡᠭᠰᠢ ᠶᠡᠭᠡ ᠪᠠᠷ ᠶᠠᠪᠤᠭᠳᠠᠭᠤᠯᠵᠦ᠂ ᠳᠦᠡᠭᠯᠢᠶᠤᠤ ᠬᠤᠳᠠ ᠶᠢᠨ ᠦᠨᠳᠦᠰᠦᠳᠡᠨ ᠤ ᠳᠠᠭᠤᠤ | ᠪᠦᠵᠢᠭ ᠤᠨ ᠪᠦᠯᠭᠦᠮ ᠤᠨ ᠯᠢ ᠪᠢᠡᠭ ᠳᠡᠳ᠋ ᠳᠠᠷᠤᠭ᠎ᠠ ᠪᠠ ᠳᠦᠡᠭᠯᠢᠶᠤᠤ ᠬᠤᠳᠠ ᠶᠢᠨ ᠦᠨᠳᠦᠰᠦᠳᠡᠨ ᠤ | ᠳᠠᠭᠤᠤ ᠪᠦᠵᠢᠭ ᠤᠨ ᠪᠦᠯᠭᠦᠮ ᠤᠨ ᠮᠤᠩᠭᠤᠯ ᠦᠨᠳᠦᠰᠦᠳᠡᠨ ᠤ ᠳᠦᠷᠪᠠᠨ ᠤᠳᠠᠰᠤᠳᠤ ᠬᠤᠭᠤᠷ ᠤᠨ ᠳᠠᠭᠤᠤ | ᠬᠦᠭᠵᠢᠮ ᠤᠨ ᠤᠯᠠᠮᠵᠢᠯᠠᠬᠴᠢ ᠵᠠᠩ ᠪᠠᠶᠠᠷ ᠪᠠᠭᠰᠢ ᠠᠴᠠ ᡁᠢ ᠠᠨ ᠪᠠᠯᠭᠠᠰᠤ ᠶᠢᠨ ︽ ᠪᠤᠷᠤ ᠬᠤᠰᠢᠭᠤ︾ | ᠠᠷᠠᠳ ᠤᠨ ᠤᠷᠠᠯᠢᠭ ᠤᠨ ᠪᠦᠯᠭᠦᠮ ᠤᠨ ᠳᠠᠷᠤᠭ᠎ᠠ ᠯᠢᠶᠠᠩ ᠶᠢᠨ ᠱᠠᠨ ᠪᠠ ᠭᠡᠰᠢᠭᠦᠨ ᠪᠤᠤ ᠯᠠᠨ ᠳᠤ ᠫᠠᠶᠢᠰᠠ | ᠤᠯᠭᠤᠪᠠ᠃ | | | | | | | | | |