ᠨᠠᠢᠮᠠᠨ ᠬᠤᠰᠢᠭᠤᠨ ᠤ ᠪᠠᠶᠢᠰᠢᠩᠳᠤ ᠪᠠᠯᠭᠠᠰᠤ ᠠᠩᠬᠠᠳᠤᠭᠠᠷ ᠬᠤᠭᠤᠴᠠᠭᠠᠨ ᠤ ᠮᠠᠯᠴᠢᠨ ᠳᠠᠷᠢᠶᠠᠴᠢᠳ ᠤᠨ ᠬᠦᠭᠵᠢᠮ ᠤᠨ ᠪᠤᠯᠪᠠᠰᠤᠷᠠᠯ ᠤᠨ ᠠᠩᠬᠢ ᠡᠷᠬᠢᠯᠡᠪᠡ
ᠨᠡᠶᠢᠲᠡᠯᠡᠭᠰᠡᠨ ᠴᠠᠭ᠄
2018-05-31
   4 ᠰᠠᠷ᠎ᠠ ᠶᠢᠨ 26 ᠤ ᠡᠳᠤᠷ᠂ ᠪᠠᠶᠢᠰᠢᠩᠲᠤ ᠪᠠᠯᠭᠠᠰᠤᠨ ᠤ ᠠᠩᠬᠠᠳᠤᠭᠠᠷ ᠬᠤᠭᠤᠴᠠᠭᠠᠨ ᠤ ᠮᠠᠯᠴᠢᠨ ᠳᠠᠷᠢᠶᠠᠴᠢᠳ ᠤᠨ ᠬᠦᠭᠵᠢᠮ ᠤᠨ ᠪᠤᠯᠪᠠᠰᠤᠷᠠᠯ ᠤᠨ ᠠᠩᠬᠢ ᠬᠦᠰᠢᠬᠡ ᠪᠠᠨ ᠨᠠᠭᠡᠭᠡᠪᠠ᠃ ᠡᠨᠡ ᠨᠢ ᠨᠠᠢᠮᠠᠨ ᠬᠤᠰᠢᠭᠤᠨ ᠤ ᠬᠤᠶᠠᠳᠤᠭᠠᠷ ᠬᠤᠭᠤᠴᠠᠭᠠᠨ ᠤ ᠰᠤᠶᠤᠯ ᠪᠤᠯᠪᠠᠰᠤᠨ ᠤ ᠰᠠᠶᠢᠨ ᠳᠤᠷᠠᠴᠤᠳ ᠤᠨ ᠵᠢᠯᠤᠭᠤᠳᠤᠯᠭ᠎ᠠ ᠶᠢᠨ ᠳᠤᠭᠤᠶᠢᠯᠠᠩ ᠤᠨ ᠬᠢᠨ ᠡᠯ᠎ᠡ ᠰᠤᠮᠤ ᠰᠢᠶᠠᠩ ᠪᠠᠯᠭᠠᠰᠤ᠂ ᠭᠠᠴᠠᠭ᠎ᠠ ᠳᠤᠰᠬᠤᠨ ᠲᠠᠢ ᠬᠠᠷᠢᠴᠠᠭ᠎ᠠ ᠠᠪᠴᠤ᠂ ᠦᠨᠳᠤᠰᠤᠨ ᠱᠠᠳᠤᠨ ᠳᠤ ᠱᠠᠭᠠᠷᠳᠠᠭᠳᠠᠵᠤ ᠪᠠᠶᠢᠭ᠎ᠠ ᠰᠤᠶᠤᠯ ᠪᠤᠯᠪᠠᠰᠤᠨ ᠤ ᠠᠵᠢᠯ ᠳᠤ᠂ ᠰᠠᠶᠢᠨ ᠳᠤᠷ᠎ᠠ ᠠᠴᠠ ᠪᠠᠨ ᠵᠢᠯᠤᠭᠤᠳᠤᠯᠭ᠎ᠠ ᠬᠢᠵᠦ ᠪᠠᠶᠢᠭ᠎ᠠ ᠠᠵᠢᠯ ᠤᠨ ᠬᠢᠨᠢ ᠨᠢᠭᠡ ᠪᠤᠯᠤᠨ᠎ᠠ᠃ ᠳᠤᠰ ᠤᠳᠠᠭᠠᠨ ᠤ ᠪᠤᠯᠪᠠᠰᠤᠷᠠᠯ ᠤᠨ ᠠᠩᠬᠢ ᠳᠤ 15 ᠨᠠᠷᠠᠰ ᠬᠤᠶᠠᠷ ᠤᠳᠠᠰᠤᠳᠤ ᠬᠤᠭᠤᠷ ᠤᠨ ᠳᠤᠷ᠎ᠠ ᠪᠠᠭ᠋ᠠᠳᠠᠳ᠂ ᠤᠯᠤᠰ ᠤᠨ ᠭᠤᠷᠪᠠᠳᠤᠭᠠᠷ ᠳᠠᠰ ᠤᠨ ᠳᠤᠭᠯᠠᠭᠴᠢ᠂ ᠨᠠᠢᠮᠠᠨ ᠬᠤᠰᠢᠭᠤᠨ ᠤ ᠰᠤᠶᠤᠯ ᠤᠨ ᠤᠷᠳᠤᠨ ᠤ ᠠᠵᠢᠯᠳᠠᠨ᠂ ᠨᠠᠢᠮᠠᠨ ᠬᠤᠰᠢᠭᠤᠨ ᠤ ᠬᠤᠶᠠᠳᠤᠭᠠᠷ ᠬᠤᠭᠤᠴᠠᠭᠠᠨ ᠤ ᠰᠤᠶᠤᠯ ᠪᠤᠯᠪᠠᠰᠤᠨ ᠤ ᠰᠠᠶᠢᠨ ᠳᠤᠷᠠᠴᠤᠳ ᠤᠨ ᠳᠦᠷᠪᠡᠳᠤᠭᠡᠷ ᠵᠢᠯᠤᠭᠤᠳᠤᠯᠭ᠎ᠠ ᠶᠢᠨ ᠳᠤᠭᠤᠶᠢᠯᠠᠩ ᠤᠨ ᠬᠡᠰᠢᠬᠦᠨ ᠸᠠᠩ ᠯᠢᠨ ᠭᠤᠸᠠᠢ ᠶᠢ ᠤᠷᠢᠵᠦ᠂ ᠨᠢᠭᠡ ᠭᠠᠷᠠᠭ ᠤᠨ ᠪᠤᠯᠪᠠᠰᠤᠷᠠᠯ ᠤᠨ ᠠᠩᠬᠢ ᠪᠠᠨ ᠡᠬᠢᠯᠡᠭᠦᠯᠪᠡ᠃     ᠳᠤᠰ ᠤᠳᠠᠭᠠᠨ ᠤ ᠪᠤᠯᠪᠠᠰᠤᠷᠠᠯ ᠤᠨ ᠠᠩᠬᠢ ᠨᠢ᠂ ᠤᠨᠤᠯ ᠢ ᠦᠢᠯᠡᠳᠦᠯᠭᠡ ᠲᠠᠢ ᠤᠶᠠᠯᠳᠤᠭᠤᠯᠬᠤ ᠪᠤᠯᠪᠠᠰᠤᠷᠠᠯ ᠤᠨ ᠭᠡᠯᠪᠠᠷᠢ ᠪᠠᠷ᠂ ᠰᠤᠷᠤᠯᠴᠠᠭᠴᠢ ᠶᠢᠨ ᠶᠠᠮᠠᠷ ᠴᠤ ᠵᠢᠩᠬᠢᠨᠢ ᠰᠤᠷᠤᠯᠴᠠᠯᠭ᠎ᠠ ᠪᠠᠶᠢᠬᠤ ᠦᠭᠡᠢ ᠪᠤᠳᠠᠳᠤ ᠪᠠᠶᠢᠳᠠᠯ ᠳᠤ ᠵᠤᠬᠢᠴᠠᠭᠤᠯᠤᠨ᠂ ᠬᠤᠶᠠᠷ ᠤᠳᠠᠰᠤᠳᠤ ᠬᠤᠭᠤᠷ ᠢ ᠬᠦᠭᠵᠢᠮᠳᠡᠬᠦ ᠦᠨᠳᠤᠰᠤᠨ ᠠᠷᠭ᠎ᠠ ᠮᠠᠷᠭᠡᠵᠢᠯ ᠢ ᠵᠢᠯᠤᠭᠤᠳᠤᠨ᠂ ᠰᠤᠷᠤᠯᠴᠠᠭᠴᠢ ᠶᠢᠨ ᠬᠦᠯᠢᠶᠠᠨ ᠠᠪᠴᠦ ᠳᠠᠶᠢᠯᠬᠦ ᠴᠢᠳᠡᠪᠤᠷᠢ ᠳᠤ ᠵᠤᠬᠢᠴᠠᠭᠤᠯᠤᠨ᠂ ᠳᠠᠭᠤᠨ ᠨᠤᠲ ᠢ ᠵᠢᠭᠠᠬᠤ ᠪᠤᠯᠤᠨ᠎ᠠ᠃ ᠤᠳᠤᠬᠠᠨ ᠳᠤ᠂ ᠪᠦᠬᠦ ᠪᠠᠯᠭᠠᠰᠤᠨ ᠳᠤ ᠨᠠᠶᠢᠳᠠ 50 ᠢᠯᠡᠬᠦᠤ ᠬᠤᠶᠠᠷ ᠤᠳᠠᠰᠤᠳᠤ ᠬᠤᠭᠤᠷ ᠤᠨ ᠳᠤᠷ᠎ᠠ ᠪᠠᠭ᠋ᠠᠳᠠᠳ ᠡᠯ᠎ᠡ ᠭᠠᠴᠠᠭ᠎ᠠ ᠳᠤᠰᠬᠤᠨ ᠤ ᠰᠤᠶᠤᠯ ᠤᠨ ᠨᠠᠶᠢᠷ ᠲᠤ ᠬᠦᠷ ᠬᠦᠭᠵᠢᠶᠡᠨ ᠨᠠᠮᠡᠷᠢᠯᠡᠵᠦ᠂ ᠪᠦᠬᠦ ᠪᠠᠯᠭᠠᠰᠤᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠵᠤ ᠪᠤᠢ᠃
 
ᠢᠷᠡᠯᠲᠡ᠄ ᠨᠠᠢᠮᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号