ᠨᠠᠢᠮᠠᠨ ᠬᠤᠰᠢᠭᠤᠨ ᠤ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠠᠢ ᠡᠷᠤᠬᠡ ︽ᠠᠷᠢᠭᠤᠨ ᠴᠡᠪᠡᠷ ᠭᠡᠷ ᠪᠦᠯᠢ︾ ᠶᠢ ᠲᠡᠮᠡᠴᠡᠨ ᠪᠠᠶᠢᠭᠤᠯᠬᠤ ᠲᠤᠬᠠᠢ ᠤᠷᠢᠶᠠᠯᠭ᠎ᠠ ᠶᠢᠨ ᠪᠢᠴᠢᠭ
ᠨᠡᠶᠢᠲᠡᠯᠡᠭᠰᠡᠨ ᠴᠠᠭ᠄
2018-06-28
ᠦᠷᠭᠡᠨ ᠤᠯᠠᠨ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠠᠢ ᠡᠷᠤᠬᠡ ᠶᠢᠨ ᠨᠠᠶᠢᠵᠠ ᠨᠠᠷ ᠮᠢᠨᠢ᠄   ᠨᠠᠮ ᠤᠨ ᠬᠠᠯᠠᠭᠤᠨ ᠲᠤᠯᠠᠭᠠᠨ ᠲᠤᠶᠠᠭᠠᠷᠠᠯ ᠲᠤᠤᠷ᠎ᠠ᠂ ᠪᠢᠳᠠ ᠡᠯ᠎ᠡ ᠱᠠᠳᠤᠨ ᠤ ᠨᠠᠮ ᠵᠠᠰᠠᠭ ᠤᠨ ᠶᠠᠳᠠᠭᠤ ᠶᠢ ᠳᠡᠳᠬᠦᠬᠦ ᠲᠦᠷᠤ ᠶᠢᠨ ᠪᠣᠳᠣᠯᠭ᠎ᠠ ᠶᠢ ᠨᠢᠭᠡᠨᠳᠡ ᠬᠦᠷᠳᠡᠯ᠎ᠠ᠃ ᠪᠢᠳᠡ ᠦᠷᠭᠡᠨ ᠤᠯᠠᠨ ᠨᠠᠮ ᠤᠨ ᠬᠡᠰᠢᠭᠦᠨ ᠺᠠᠳ᠋ᠷ ᠤᠨ ᠳᠡᠳᠬᠦᠨ ᠲᠤᠰᠠᠯᠠᠬᠤ ᠶᠢ ᠬᠦᠯᠢᠶᠠᠬᠦ ᠶᠢᠨ ᠬᠠᠮᠳᠤ᠂ ᠶᠠᠭᠤᠨ ᠤ ᠤᠷᠢᠳ ᠶᠠᠳᠠᠭᠤ ᠠᠴᠠ ᠠᠩᠬᠢᠵᠢᠷᠠᠬᠤ ᠵᠣᠷᠢᠭ ᠢᠶᠠᠨ ᠬᠦᠪᠴᠢᠯᠡᠨ᠂ ᠦᠪᠡᠷ ᠢ ᠪᠠᠨ ᠬᠦᠨᠳᠤᠳᠭᠡᠨ᠂ ᠦᠪᠡᠷ ᠢ ᠪᠠᠨ ᠢᠳᠡᠭᠡᠵᠤ᠂ ᠢᠳᠡᠪᠬᠢᠳᠠᠢ ᠪᠠᠶᠢᠬᠤ ᠰᠢᠯᠢᠳᠡᠭ ᠤᠪᠤᠷ ᠢ ᠪᠤᠢ ᠪᠤᠯᠭᠠᠨ᠎ᠠ᠃ ᠶᠠᠳᠠᠭᠤ ᠠᠴᠠ ᠠᠩᠬᠢᠵᠢᠷᠠᠬᠤ ᠵᠤᠷᠢᠭ ᠢ ᠪᠦᠷᠢᠯᠳᠤᠭᠦᠯᠬᠦ ᠳᠤ ᠤᠷᠢᠳᠠᠪᠡᠷ ᠦᠪᠡᠷ ᠤᠨ ᠦᠷᠦᠭᠡ ᠭᠡᠷ ᠤᠷᠴᠢᠨ ᠲᠤᠭᠤᠷᠢᠨ ᠤ ᠠᠷᠢᠭᠤᠨ ᠴᠡᠪᠡᠷ ᠠᠴᠠ ᠭᠠᠷᠳᠠᠨ ᠬᠢᠨ᠎ᠠ᠂ ᠬᠡᠳᠦ᠋ᠢᠪᠡᠷ ᠪᠢᠳᠡᠨ ᠤ ᠭᠡᠷ ᠲᠤ ᠦᠨ᠎ᠡ ᠬᠦᠷᠬᠦ ᠬᠡᠷᠡᠭᠰᠡᠯ ᠦᠭᠡᠢ ᠴᠤ ᠪᠢᠳᠠ ᠴᠡᠪᠡᠷ ᠲᠡᠭᠰᠢ ᠪᠠᠶᠢᠯᠭᠠᠵᠤ ᠪᠤᠯᠤᠨ᠎ᠠ᠂ ᠦᠪᠡᠷᠳᠡᠭᠡᠨ ᠭᠠᠷ ᠬᠦᠳᠡᠯᠵᠤ ᠪᠡᠶᠡᠯᠡᠭᠦᠯᠵᠤ ᠳᠠᠶᠢᠯᠬᠦ ᠴᠢᠳᠠᠪᠤᠷᠢ ᠪᠠ ᠢᠳᠡᠭᠡᠯ ᠲᠠᠢ ᠪᠠᠶᠢᠬᠤ ᠪᠠᠨ ᠠᠶᠢᠯ ᠠᠶᠢᠮᠠᠭ ᠲᠤ ᠪᠠᠨ ᠭᠡᠷᠡᠴᠢᠯᠡᠭᠳᠡᠵᠦ᠂ ᠦᠪᠡᠷ ᠤᠨ ᠭᠡᠷ ᠬᠦᠷᠢᠶᠡᠯᠡᠩ ᠢᠶᠠᠨ ᠰᠠᠶᠢᠳᠤᠷ ᠪᠦᠳᠦᠭᠡᠨ ᠪᠠᠶᠢᠭᠤᠯᠵᠤ ᠡᠷᠳᠠ ᠡᠳᠤᠷ ᠶᠠᠳᠠᠭᠤ ᠠᠴᠠ ᠠᠩᠬᠢᠵᠢᠷᠡᠨ᠂ ᠴᠢᠨᠡᠭᠡᠯᠢᠭ ᠵᠦᠭ ᠤᠷᠤᠭᠰᠢᠯᠠᠶ᠎ᠠ᠃ ᠡᠶᠢᠨᠬᠦ ᠪᠢᠳᠡ ᠪᠦᠬᠦ ᠬᠤᠰᠢᠭᠤᠨ ᠤ ᠲᠠᠩᠰᠡᠯᠡᠵᠤ ᠺᠠᠷᠲᠯᠠᠭᠰᠠᠨ ᠶᠠᠳᠠᠭᠤ ᠬᠦᠴᠢᠷᠳᠡᠯᠳᠡᠢ ᠡᠷᠤᠬᠡ ᠳᠤ ᠳᠤᠤᠷᠠᠬᠢ ᠤᠷᠢᠶᠠᠯᠭ᠎ᠠ ᠶᠢ ᠳᠤᠷᠠᠳᠤᠯ᠎ᠠ᠄   ᠨᠢᠭᠡ᠂ ᠬᠦᠳᠡᠯᠮᠤᠷᠢᠯᠡᠬᠦ ᠴᠢᠳᠠᠪᠤᠷᠢ ᠲᠠᠢ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠠᠢ ᠡᠷᠤᠬᠡ ᠲᠠᠷᠦ᠋ᠢᠬᠠᠨ ᠬᠦᠳᠡᠯᠤᠯᠴᠡᠵᠤ᠂ ᠠᠷᠢᠭᠤᠨ ᠴᠡᠪᠡᠷ ᠭᠡᠷ ᠪᠦᠯᠢ ᠶᠢ ᠪᠠᠶᠢᠭᠤᠯᠤᠨ ᠪᠤᠰᠠᠬᠠᠨ᠎ᠠ᠃ ᠭᠡᠷ ᠪᠦᠯᠢ ᠶᠢᠨ ᠠᠷᠢᠭᠤᠨ ᠴᠡᠪᠡᠷ ᠤᠨ ᠠᠵᠢᠯ ᠢ ᠰᠠᠶᠢᠳᠤᠷ ᠬᠢᠵᠤ᠂ ᠦᠷᠤᠬᠡᠨ ᠳᠠᠬᠢ ᠡᠳ᠋ ᠬᠡᠷᠡᠭᠰᠡᠯ ᠲᠡᠷᠢ ᠲᠡᠭᠰᠢ ᠴᠡᠪᠡᠷ ᠴᠡᠮᠴᠡᠭᠡᠷ ᠪᠠᠶᠢᠪᠠᠯ ᠵᠤᠬᠢᠨ᠎ᠠ᠃ ᠪᠠᠶᠢᠰᠢᠩ ᠤᠨ ᠡᠮᠤᠨ᠎ᠡ ᠬᠤᠶᠢᠨ᠎ᠠ᠂ ᠬᠦᠷᠢᠶᠡᠨ ᠤ ᠭᠠᠳᠠᠨ᠎ᠠ ᠳᠤᠳᠤᠨ᠎ᠠ ᠪᠠᠨ ᠴᠡᠪᠠᠷ ᠲᠡᠭᠰᠢ ᠪᠠᠶᠢᠯᠭᠠᠵᠦ᠂ ᠶᠠᠭᠤᠮ᠎ᠠ ᠬᠡᠤᠮ᠎ᠠ ᠪᠠᠨ ᠡᠷᠦᠢ ᠬᠤᠷᠦᠢ ᠦᠭᠡᠢ ᠤᠪᠤᠭᠠᠯᠠᠵᠦ ᠲᠠᠯᠪᠢᠬᠤ ᠦᠭᠡᠢ᠂ ᠶᠠᠮᠠᠷᠴᠤ ᠬᠤᠭ ᠨᠤᠪᠰᠢ ᠦᠯᠡᠳᠡᠭᠡᠬᠦ ᠦᠭᠡᠢ᠃ ᠦᠪᠡᠷ ᠤᠨ ᠭᠡᠷ ᠬᠦᠷᠢᠶᠠᠯᠡᠩ ᠤᠨ ᠠᠷᠢᠭᠤᠨ ᠴᠡᠪᠡᠷ ᠤᠨ ᠠᠵᠢᠯ ᠢᠶᠠᠨ ᠪᠡᠶᠡᠯᠡᠭᠦᠯᠬᠦ ᠶᠢᠨ ᠵᠡᠷᠭᠡ ᠪᠠᠷ ᠠᠶᠢᠯ ᠲᠤᠰᠬᠤᠨ ᠤ ᠵᠤᠬᠢᠶᠠᠨ ᠪᠠᠶᠢᠭᠤᠯᠤᠭᠰᠠᠨ ᠨᠡᠶᠢᠳᠡ ᠶᠢᠨ ᠬᠦᠳᠡᠯᠭᠡᠭᠡᠨ ᠳᠤ ᠢᠳᠡᠪᠬᠢᠳᠡᠢ ᠤᠷᠤᠯᠴᠠᠨ ︽ᠠᠶᠢᠯ ᠲᠤᠰᠬᠤᠨ ᠴᠡᠪᠡᠷ ᠰᠠᠶᠢᠬᠠᠨ᠂ ᠡᠷᠤᠬᠡ ᠭᠡᠷ ᠴᠡᠪᠡᠷ ᠲᠡᠭᠰᠢ᠂ ᠭᠡᠷ ᠬᠦᠷᠢᠶᠡᠯᠡᠩ ᠴᠡᠪᠡᠷ ᠳᠤᠬᠢᠯᠢᠭ᠂ ᠠᠷᠠᠤᠨ ᠤᠨ ᠰᠤᠷᠳᠠᠯ ᠴᠡᠪᠡᠷ ᠴᠠᠶᠢᠯᠭᠠᠨ︾ ᠪᠠᠶᠢᠬᠤ ︽ᠲᠦᠷᠪᠡᠨ ᠴᠡᠪᠡᠷ︾ ᠭᠡᠷ ᠬᠦᠷᠢᠶᠠᠯᠡᠩ ᠤᠨ ᠪᠦᠳᠦᠭᠡᠨ ᠪᠠᠶᠢᠭᠤᠯᠤᠯᠳᠠ ᠳᠤ ᠦᠪᠡᠷ ᠤᠨ ᠢᠶᠠᠨ ᠨᠢᠭᠡᠨ ᠬᠤᠪᠢ ᠬᠦᠴᠤ ᠪᠠᠨ ᠡᠷᠭᠦᠨ᠎ᠡ᠃   ᠬᠤᠶᠠᠷ᠂ ᠬᠦᠳᠡᠯᠮᠤᠷᠢᠯᠡᠬᠦ ᠬᠦᠴᠤᠨ ᠦᠭᠡᠢ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠠᠢ ᠡᠷᠤᠬᠡ ᠨᠦᠭᠦᠳ ᠬᠦᠷᠰᠢ ᠵᠡᠷᠭᠡᠯᠡᠳᠡᠭᠡ ᠠᠶᠢᠯ ᠡᠷᠤᠬᠡ᠂ ᠭᠠᠴᠠᠭ᠎ᠠ ᠲᠤᠰᠬᠤᠨ ᠤ ᠵᠠᠯᠠᠭᠤᠴᠤᠤᠨ ᠪᠠᠭᠠᠴᠤᠤᠨ ᠡᠰᠡᠭᠦᠯ᠎ᠡ ᠠᠶᠢᠯ ᠡᠷᠤᠬᠡ ᠲᠠᠭᠠᠭᠠᠴᠢᠯᠠᠭᠰᠠᠨ ᠺᠠᠳ᠋ᠷ ᠢᠶᠠᠷ ᠬᠠᠪᠰᠤᠷᠤᠭᠤᠯᠤᠨ ᠦᠷᠦᠭᠡ ᠳᠤᠳᠤᠷᠠᠬᠢ᠂ ᠬᠦᠷᠢᠶᠡᠨ ᠳᠠᠬᠢ ᠠᠷᠢᠭᠤᠨ ᠴᠡᠪᠡᠷ ᠤᠨ ᠠᠵᠢᠯ ᠢᠶᠠᠨ ᠰᠠᠶᠢᠳᠤᠷ ᠪᠠᠶᠠᠯᠠᠭᠦᠯᠵᠤ᠂ ᠬᠠᠪᠰᠤᠷᠤᠭᠰᠠᠨ ᠬᠦᠮᠤᠰ ᠤᠨ   ᠠᠴᠢ ᠡᠨᠡᠷᠢᠯ ᠳᠤ ᠲᠠᠯᠠᠷᠬᠠᠵᠤ᠂ ᠭᠠᠴᠠᠭ᠎ᠠ ᠲᠤᠰᠬᠤᠨ ᠤ ᠬᠤᠶᠠᠷ ᠵᠦᠪᠯᠡᠯ ᠤᠨ ᠺᠠᠳ᠋ᠷ ᠪᠠ ᠠᠶᠢᠯ ᠡᠷᠤᠬᠡ ᠲᠠᠭᠠᠭᠠᠴᠢᠯᠠᠩᠰᠠᠨ ᠺᠠᠳ᠋ᠷ ᠤᠨ ᠬᠠᠪᠰᠤᠷᠤᠯᠭ᠎ᠠ ᠲᠤᠤᠷ᠎ᠠ ᠡᠷᠳᠠ ᠡᠳᠤᠷ ᠶᠠᠳᠠᠭᠤ ᠠᠴᠠ ᠠᠩᠭᠢᠵᠢᠷᠠᠬᠤ ᠪᠠᠨ ᠪᠡᠶᠡᠯᠡᠭᠦᠯᠤᠨ᠎ᠡ᠃   ᠰᠢᠶᠠᠩ ᠲᠤᠰᠬᠤᠨ ᠪᠤᠯ ᠪᠢᠳᠠᠨ ᠤ ᠭᠡᠷ᠂ ᠪᠦᠳᠦᠭᠡᠨ ᠪᠠᠶᠢᠭᠤᠯᠬᠤ ᠳᠤ ᠪᠢᠳᠠᠨ ᠳᠤ ᠲᠦᠰᠢᠭᠯᠡᠨ᠎ᠡ᠃ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠠᠢ ᠡᠷᠤᠬᠡ ᠶᠢᠨ ᠡᠯ᠎ᠡ ᠨᠦᠬᠦᠳ ᠮᠢᠨᠢ᠂ ᠶᠠᠳᠠᠭᠤ ᠠᠴᠠ ᠠᠩᠬᠢᠵᠢᠷᠠᠬᠤ ᠪᠠᠬᠢᠯᠠᠯᠳᠠ ᠰᠢᠪᠳᠤᠯᠬᠤ ᠵᠠᠩᠬᠢᠯᠠᠭ᠎ᠠ ᠶᠢᠨ ᠴᠠᠭ ᠮᠦᠴᠡ ᠳᠤ᠂ ᠠᠮᠢᠳᠤᠷᠠᠯ ᠲᠠᠢ ᠵᠤᠷᠢᠭᠳᠠᠢ ᠮᠦᠷᠦ᠋ᠢᠴᠡᠬᠦ ᠢᠳᠡᠭᠡᠯ ᠲᠠᠢ ᠪᠠᠶᠢᠵᠤ᠂ ᠦᠪᠡᠷ ᠤᠨ ᠤᠬᠠᠮᠰᠡᠷ ᠠᠴᠠ ᠪᠠᠨ ᠲᠤᠰᠬᠤᠨ ᠤ ᠲᠦᠷᠢᠮ ᠠᠷᠠᠤᠨ ᠤᠨ ᠭᠡᠷ᠎ᠡ ᠶᠢ ᠵᠢᠷᠤᠮᠯᠠᠨ᠂ ᠬᠡᠪ ᠵᠠᠩᠰᠢᠯ ᠢᠶᠠᠨ ᠬᠠᠯᠠᠵᠤ ᠦᠭᠡᠷᠡᠴᠢᠯᠡᠬᠦ ᠲᠠᠭᠤᠷᠢᠶᠠᠯ ᠪᠤᠯᠵᠤ᠂ ︽ᠠᠷᠢᠭᠤᠨ ᠴᠡᠪᠡᠷ ᠭᠡᠷ ᠪᠦᠯᠢ︾ ᠶᠢ ᠲᠡᠮᠡᠴᠡᠨ ᠪᠠᠶᠢᠭᠤᠯᠬᠤ ᠪᠠᠷ ᠦᠪᠡᠷ ᠤᠨ ᠪᠡᠶ᠎ᠡ ᠲᠡᠷᠭᠡᠳᠡᠬᠢ ᠶᠠᠪᠤᠳᠠᠯ ᠠᠴᠠ ᠪᠠᠨ ᠭᠠᠷᠳᠠᠨ ᠬᠢᠵᠤ᠂ ᠬᠠᠮᠳᠤ ᠶᠢᠨ ᠭᠡᠷ ᠬᠦᠷᠢᠶᠡᠯᠡᠩ ᠢᠶᠠᠨ ᠨᠡᠩ ᠠᠷᠢᠭᠤᠨ ᠴᠡᠪᠡᠷ ᠭᠤᠶᠤ ᠦᠵᠡᠰᠭᠦᠯᠡᠩ ᠪᠤᠯᠭᠠᠵᠠᠭᠠᠶ᠎ᠠ︕   ᠨᠠᠢᠮᠠᠨ ᠬᠤᠰᠢᠭᠤᠨ ᠤ ᠶᠠᠳᠠᠭᠤ ᠶᠢ ᠳᠡᠳᠬᠦᠵᠦ ᠨᠡᠬᠡᠬᠡᠨ ᠬᠦᠭᠵᠢᠭᠦᠯᠬᠦ ᠠᠯᠪᠠᠨ ᠭᠡᠷ   ᠨᠠᠢᠮᠠᠨ ᠬᠤᠰᠢᠭᠤᠨ ᠤ ᠤᠶᠤᠨ ᠤ ᠪᠤᠯᠪᠠᠰᠤᠨ ᠤ ᠪᠦᠳᠦᠭᠡᠨ ᠪᠠᠶᠢᠭᠤᠯᠤᠯᠳᠡ ᠶᠢᠨ ᠵᠦᠪᠯᠡᠯ ᠤᠨ ᠠᠯᠪᠠᠨ ᠭᠡᠷ   ᠨᠠᠢᠮᠠᠨ   ᠬᠤᠰᠢᠭᠤᠨ ᠤ ᠡᠮᠩᠳᠠᠶᠢᠴᠤᠤᠨ ᠤᠨ ᠬᠤᠯᠪᠤᠭ᠎ᠠ   ᠡᠪ ᠬᠠᠮᠳᠤ ᠵᠠᠯᠠᠭᠤᠤᠴᠤᠤᠨ ᠤᠨ ᠡᠪᠯᠡᠯ ᠤᠨ ᠨᠠᠢᠮᠠᠨ ᠬᠤᠰᠢᠭᠤᠨ ᠤ ᠬᠤᠷᠢᠶ᠎ᠡ                                                             ᠤᠬᠠᠭᠤᠯᠪᠠ
 
ᠢᠷᠡᠯᠲᠡ᠄ ᠨᠠᠢᠮᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号