ᠨᠠᠢᠮᠠᠨ ᠬᠤᠰᠢᠭᠤᠨ ᠤ ᠲᠤᠶᠢᠮᠤ | ᠨᠠᠢᠮᠠᠨ ᠬᠤᠰᠢᠭᠤ ᠨᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠦᠩᠯᠢᠶᠤᠤ | ᠬᠤᠳᠠ ᠶᠢᠨ ᠪᠠᠷᠠᠭᠤᠨ ᠡᠮᠦᠨᠡᠲᠦ ᠬᠡᠰᠡᠭ᠂ ᠬᠤᠷᠴᠢᠨ ᠤ ᠡᠯᠡᠰᠦᠷᠭᠡᠭ ᠭᠠᠵᠠᠷ ᠤᠨ ᠡᠮᠦᠨ᠎ᠡ ᠬᠦᠪᠡᠭᠡ | ᠳᠤ ᠤᠷᠤᠰᠢᠵᠤ ᠪᠠᠶᠢᠳᠠᠭ ᠃ ᠬᠤᠶᠢᠳᠤ ᠲᠠᠯ᠎ᠠ ᠪᠠᠷ ᠢᠶᠠᠨ ᠬᠤᠷᠴᠢᠨ ᠵᠡᠭᠦᠨ ᠭᠠᠷᠤᠨ ᠬᠤᠶᠢᠳᠤ | ᠬᠤᠰᠢᠭᠤ ᠪᠤᠯᠤᠨ ᠬᠦᠷᠢᠶ᠎ᠡ ᠬᠤᠰᠢᠭᠤ ᠲᠠᠢ ᠵᠠᠬ᠎ᠠ ᠨᠡᠶᠢᠯᠡᠵᠦ᠂ ᠡᠮᠦᠨ᠎ᠡ ᠲᠠᠯ᠎ᠠ ᠪᠠᠷ ᠢᠶᠠᠨ ᠯᠢᠶᠤᠤᠨᠢᠩ | ᠮᠤᠵᠢ ᠶᠢᠨ ᠹᠦᠰᠢᠨ ᠬᠤᠳᠠ ᠪᠣᠯᠣᠨ ᠪᠸᠢᠢᠫᠢᠶᠤᠤ ᠬᠤᠳᠠ᠂ ᠪᠠᠷᠠᠭᠤᠨ ᠲᠠᠯ᠎ᠠ ᠪᠠᠷ ᠢᠶᠠᠨ ᠤᠯᠠᠭᠠᠨᠬᠠᠳᠠ | ᠬᠤᠳᠠ ᠶᠢᠨ ᠠᠤᠬᠠᠨ ᠬᠤᠰᠢᠭᠤ ᠤᠩᠨᠢᠭᠤᠳ ᠬᠤᠰᠢᠭᠤ ᠲᠠᠢ ᠬᠦᠷᠰᠢᠯᠡᠵᠦ ᠪᠠᠶᠢᠨ᠎ᠠ᠃ ᠬᠤᠰᠢᠭᠤᠨ | ᠤ ᠵᠠᠰᠠᠭ ᠤᠨ ᠣᠷᠳᠣᠨ ᠤ ᠰᠠᠭᠤᠭ᠎ᠠ ᠭᠠᠵᠠᠷ ᠨᠢ ᠳᠠᠴᠢᠨᠲᠠᠯ᠎ᠠ ᠪᠠᠯᠭᠠᠰᠦ ᠪᠤᠯᠤᠨ᠎ᠠ᠃ ᠪᠦᠬᠦ | ᠬᠤᠰᠢᠭᠤᠨ ᠤ ᠬᠠᠷᠢᠶᠠᠨ ᠳᠤ 14 ᠰᠤᠮᠤ ᠰᠢᠶᠠᠩ ᠪᠠᠯᠭᠠᠰᠤ ᠂ 1 ᠤᠯᠤᠰ ᠤᠨ ᠦᠮᠴᠢᠯᠡᠯᠳᠦ | ᠲᠠᠷᠢᠶᠠᠯᠠᠩ ᠤᠨ ᠲᠠᠯᠠᠪᠠᠢ ᠂ 1 ᠵᠠᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ 1 ᠠᠵᠦ ᠠᠬᠤᠢ | ᠨᠡᠭᠡᠭᠡᠯᠲᠡ ᠶᠢᠨ ᠤᠷᠤᠨ᠂ 355 ᠭᠠᠴᠠᠭ᠎ᠠ ᠲᠤᠰᠬᠤᠨ ᠂ 9 ᠨᠡᠶᠢᠭᠡᠮ ᠲᠤᠭᠤᠷᠢᠭ ᠤᠨ ᠵᠦᠪᠯᠡᠯ᠂ | ᠶᠡᠷᠦᠩᠭᠡᠢ ᠬᠦᠮᠦᠨ ᠠᠮᠠ ᠨᠢ 44 ᠲᠦᠮᠡ᠂ ᠡᠬᠦᠨ ᠳᠤ ᠮᠤᠩᠭᠤᠯ ᠦᠨᠳᠦᠰᠳᠡᠨ ᠤ ᠬᠦᠮᠦᠨ ᠠᠮᠠ | 18 ᠲᠦᠮᠡ ᠪᠠᠶᠢᠨ᠎ᠠ᠃ | ᠨᠠᠢᠮᠠᠨ ᠬᠤᠰᠢᠭᠤ ᠨᠢ ᠦᠨᠢ ᠤᠳᠠᠭᠠᠨ ᠲᠡᠥᠬᠡ ᠲᠠᠢ ᠶᠤᠮ᠃ ᠡᠷᠲᠡ ᠳᠤ ᠳ᠋ᠦᠩᠬᠤ ᠂ ᠾᠦᠩᠨᠦ | ᠂ ᠦᠬᠤᠸᠠᠨ᠂ ᠰᠢᠶᠠᠨᠪᠢ ᠂ ᠬᠢᠳᠠᠨ᠂ ᠮᠤᠩᠭᠤᠯ ᠵᠡᠷᠭᠡ ᠤᠮᠠᠷᠠᠳᠤ ᠤᠷᠤᠨ ᠤ ᠦᠨᠳᠦᠰᠦᠳᠠᠨ ᠤ | ᠨᠡᠭᠦᠳᠠᠯ ᠮᠠᠯᠵᠢᠯ ᠤᠨ ᠭᠠᠵᠠᠷ ᠮᠦᠨ ᠃ 16 ᠳ᠋ᠤᠭᠠᠷ ᠵᠠᠭᠤᠨ ᠤ ᠳᠤᠮᠳᠠᠴᠢ ᠦᠶ᠎ᠡ ᠪᠠᠷ ᠂ ᠮᠤᠩᠭᠤᠯ | ᠤᠨ ᠲᠠᠷᠠᠶᠢᠰᠤᠨ ᠬᠦᠳᠡᠩ ᠬᠠᠭᠠᠨ ᠴᠠᠬᠠᠷ ᠬᠠᠭᠠᠨᠳᠤ ᠤᠯᠤᠰ ᠢᠶᠠᠨ ᠲᠠᠭᠠᠭᠤᠯᠤᠨ ᠵᠡᠭᠦᠨᠰᠢ | ᠰᠢᠯᠵᠢᠭᠰᠡᠨ ᠤ ᠰᠡᠭᠦᠯᠡᠷ ᠂ ᠨᠠᠢᠮᠠᠨ ᠤ ᠣᠷᠣᠨ ᠨᠢ ᠴᠠᠬᠠᠷ ᠤᠨ ᠬᠠᠷᠢᠶᠠᠯᠠᠭᠳᠠᠬᠤ ᠨᠠᠢᠮᠠᠨ ᠨᠤᠳᠤᠭ | ᠤᠨ ᠨᠢᠭᠡ ᠪᠤᠯᠤᠭᠰᠠᠨ ᠨᠠᠢᠮᠠᠨ ᠤ ᠪᠦᠯᠦᠭ ᠤᠨ ᠬᠠᠷᠢᠶᠠᠳᠣ ᠭᠠᠵᠠᠷ ᠪᠤᠯᠪᠠ᠂ ︽ ᠨᠠᠢᠮᠠᠨ︾ ᠶᠤᠸᠠᠨ | ᠤ ᠲᠡᠥᠭᠡ ᠲᠡᠭᠡᠷ᠎ᠡ ︽乃 蛮 ︾ ᠭᠡᠳᠡᠭ᠃ ᠶᠤᠸᠠᠨ ᠲᠠᠶᠢᠽᠤ ᠶᠢᠨ19 ᠳ᠋ᠤᠭᠠᠷ ᠠᠪᠠᠯᠢ | ᠤᠳᠤᠮᠳᠠᠨ ᠡᠰᠡᠨ ᠦᠢᠵᠠᠩ ᠲᠤᠰ ᠭᠠᠵᠠᠷ ᠢ ᠡᠵᠡᠯᠡᠨ ᠤᠷᠤᠭᠰᠠᠨ ᠤ ᠰᠡᠭᠦᠯᠡᠷ ︽ ᠨᠠᠢᠮᠠᠨ︾ ᠢᠶᠠᠷ | ᠠᠶᠢᠮᠠᠭ ᠤᠨ ᠲᠡᠮᠳᠡᠭ ᠪᠤᠯᠭᠠᠪᠠ᠃ ᠡᠭᠦᠨᠴᠡ ︽ ᠨᠠᠢᠮᠠᠨ︾ ᠨᠢ ᠲᠤᠰ ᠭᠠᠵᠠᠷ ᠤᠨ ᠨᠡᠷᠡᠶᠢᠳᠥᠯ | ᠪᠤᠯᠪᠠ ᠃ ᠴᠢᠩ ᠤᠨ ᠲᠦᠷᠦ ᠶᠢᠨ ᠲᠠᠶᠢᠽᠤᠩ ᠤᠨ ᠲᠡᠭᠡᠳᠦ ᠡᠷᠳᠡᠮᠳᠦ ᠶᠢᠨ ᠤᠨ ︵1936 ᠣᠨ︶ | ᠳᠤ᠂ ᠬᠤᠸᠠᠩ ᠲᠠᠶᠢᠵᠢ ᠨᠠᠢᠮᠠᠨ ᠠᠶᠢᠮᠠᠭ ᠢ ᠨᠢᠭᠡ ᠬᠤᠰᠢᠭᠤ ᠪᠤᠯᠭᠠᠨ ᠬᠤᠪᠢᠶᠠᠷᠢᠯᠠᠪᠠ ᠂ ᠤᠤᠯ | ᠨᠡᠷ᠎ᠡ ᠶᠢ ᠨᠢ ᠤᠯᠠᠮᠵᠢᠯᠠᠨ ᠬᠡᠷᠡᠭᠯᠡᠵᠦ ᠂ ︽ ᠨᠠᠢᠮᠠᠨ ᠬᠤᠰᠢᠭᠤ︾ ᠬᠡᠵᠦ ᠨᠡᠷᠡᠯᠡᠪᠡ᠃ ᠭᠠᠳᠠᠭᠠᠳᠣ | ᠬᠠᠷᠢᠶᠠᠳᠦ ᠣᠷᠣᠨ ᠤ ᠮᠤᠩᠭᠤᠯ ᠤᠨ ᠳᠤᠲᠤᠭᠠᠳᠤ ᠵᠠᠰᠠᠭ ᠬᠤᠰᠢᠭᠤ ᠳᠤ ᠣᠷᠣᠭᠤᠯᠵᠦ᠂ ᠭᠠᠳᠠᠭᠠᠳᠣ | ᠮᠤᠩᠭᠤᠯ ᠤᠨ ᠲᠦᠷᠦ ᠶᠢ ᠵᠠᠰᠠᠬᠤ ᠶᠠᠪᠤᠳᠠᠯ ᠤᠨ ᠶᠠᠮᠤᠨ ᠳᠤ ᠰᠢᠭᠤᠳ ᠬᠠᠷᠢᠶᠠᠯᠠᠭᠳᠠᠵᠤ ᠂ ᠰᠤᠮᠤᠨ | ᠵᠠᠩᠬᠢ ︵ᠰᠤᠮᠤ ︶ 50 ᠲᠤᠭ᠎ᠠ ᠬᠤᠪᠢᠶᠠᠷᠢᠯᠠᠪᠠ᠃ | ᠨᠠᠢᠮᠠᠨ ᠬᠤᠰᠢᠭᠤᠨ ᠤ ᠭᠠᠵᠠᠷ ᠤᠨ ᠭᠠᠳᠠᠷᠭᠤ ᠶᠢᠨ ᠪᠠᠶᠢᠳᠠᠯ ᠨᠢ ᠶᠡᠷᠦᠳᠡᠭᠡᠨ ︽ ᠡᠮᠦᠨ᠎ᠡ | ᠠᠭᠤᠯᠠ᠂ ᠳᠤᠮᠳᠠ ᠨᠢ ᠡᠯᠡᠰᠦ᠂ ᠬᠤᠶᠢᠳᠦ ᠲᠠᠯ᠎ᠠ ᠨᠢ ᠭᠤᠤᠯ ᠮᠦᠷᠡᠨ᠂ ᠬᠤᠶᠠᠷ ᠠᠭᠤᠯᠠ ᠂ | ᠵᠢᠷᠭᠤᠭᠠᠨ ᠡᠯᠡᠰᠤ ᠂ ᠬᠤᠶᠠᠷ ᠲᠠᠯ᠎ᠠ︾ ᠭᠡᠵᠦ ᠬᠡᠯᠡᠳᠡᠭ ᠃ ᠡᠮᠦᠨᠡᠳᠤ ᠬᠡᠰᠡᠭ ᠨᠢ ᠯᠢᠶᠤᠤ ᠰᠢ ᠶᠢᠨ | ᠠᠭᠤᠯᠠᠷᠬᠠᠭ ᠭᠠᠵᠠᠷ ᠤᠨ ᠬᠤᠶᠢᠳᠤ ᠬᠦᠪᠡᠭᠡ᠂ ᠲᠠᠯᠠᠢ ᠶᠢᠨ ᠲᠦᠪᠰᠢᠨ 400--600 ᠮᠧᠲᠷ | ᠡᠷᠭᠦᠭᠳᠡᠭᠰᠡᠨ ᠲᠤᠪᠤᠷᠴᠠᠭ ᠠᠭᠤᠯᠠᠨ ᠭᠠᠵᠠᠷ ᠮᠦᠨ᠂ ᠪᠦᠳᠦᠴᠡ ᠨᠢ ᠤᠰᠤᠨ ᠢᠳᠡᠭᠳᠡᠯ ᠢᠶᠠᠷ ᠭᠤᠤᠯ | ᠪᠤᠯᠭᠠᠵᠤ᠂ ᠬᠤᠶᠢᠨ᠎ᠠ ᠬᠤᠶᠢᠨ᠎ᠠ ᠠᠴᠠ ᠪᠠᠨ ᠵᠠᠯᠭᠠᠯᠳᠣᠵᠣ᠂ ᠭᠤᠤ ᠬᠦᠨᠳᠡᠢ ᠬᠦᠨᠲᠡᠯᠡᠨ ᠭᠤᠤᠯᠳᠤ | ᠦᠷᠭᠦᠯᠵᠢᠯᠡᠭᠰᠡᠨ ᠪᠠᠶᠢᠳᠠᠭ ᠃ ᠳᠤᠮᠳᠠ ᠬᠡᠰᠡᠭ ᠨᠢ ᠰᠠᠯᠬᠢᠨ ᠳᠤ ᠢᠳᠡᠭᠳᠡᠵᠦ ᠤᠪᠤᠭᠠᠷᠠᠭᠰᠠᠨ ᠡᠯᠡᠰᠤᠨ | ᠭᠠᠵᠠᠷ ᠢᠶᠠᠷ ᠭᠤᠤᠯ ᠪᠤᠯᠭᠠᠵᠤ ᠂ ᠡᠯᠡᠰᠤᠨ ᠪᠦᠰᠡ ᠨᠢ ᠵᠡᠭᠦᠨᠰᠢ ᠪᠠᠷᠠᠭᠤᠨᠰᠢ ᠴᠢᠭᠯᠡᠯ ᠲᠠᠢ᠂ | ᠨᠡᠯᠢᠶᠡᠳ ᠶᠡᠭᠡ ᠡᠯᠡᠰᠥᠨ ᠪᠦᠰᠡ ᠂ ᠵᠤ ᠭᠠᠵᠠᠷ ᠨᠢ ᠲᠤᠰ ᠲᠤᠰ 2 ᠵᠤᠷᠪᠤᠰ ᠪᠤᠢ ︔ ᠳᠤᠮᠳᠠ | ᠬᠤᠶᠢᠳᠤ ᠬᠡᠰᠡᠭ ᠤᠨ ᠲᠠᠯ᠎ᠠ ᠭᠠᠵᠠᠷ ᠨᠢ ᠪᠠᠷᠠᠭᠤᠨ ᠯᠢᠶᠤᠤᠾᠧ ᠭᠤᠤᠯ᠂ ᠨᠠᠷᠢᠳ ᠤᠨ ᠭᠤᠤᠯ ᠤᠨ | ᠲᠤᠨᠤᠮᠠᠯ ᠲᠠᠯ᠎ᠠ ᠭᠠᠵᠠᠷ ᠤᠨ ᠨᠢᠭᠡ ᠬᠡᠰᠡᠭ ᠲᠤ ᠬᠠᠷᠢᠶᠠᠯᠠᠭᠳᠠᠵᠤ ᠂ ᠭᠠᠵᠠᠷ ᠤᠨ ᠪᠠᠶᠢᠴᠠ ᠨᠢ | ᠲᠡᠭᠰᠢ ᠦᠷᠭᠡᠨ ᠠᠭᠤᠳᠠᠮ ᠶᠤᠮ᠃ | ᠨᠠᠢᠮᠠᠨ ᠬᠤᠰᠢᠭᠤᠨ ᠤ ᠴᠠᠭ ᠠᠭᠤᠷ ᠨᠢ ᠤᠮᠠᠷᠠᠳᠣ ᠰᠡᠷᠢᠭᠦᠨ ᠪᠦᠰᠡ ᠶᠢᠨ ᠡᠬᠡ ᠬᠠᠭᠤᠷᠠᠢ | ᠶᠢᠨ ᠴᠢᠨᠠᠷᠲᠠᠢ ᠬᠠᠭᠠᠰ ᠬᠠᠭᠤᠷᠠᠢ ᠣᠯᠠᠷᠢᠯ ᠤᠨ ᠰᠠᠯᠬᠢᠨ ᠤ ᠠᠭᠤᠷ ᠠᠮᠢᠰᠬᠤᠯ ᠳᠤ ᠬᠠᠷᠢᠶᠠᠯᠠᠭᠳᠠᠨ᠎ᠠ ᠃ | ᠵᠢᠯ ᠤᠨ ᠲᠡᠭᠰᠢᠳᠭᠡᠭᠰᠡᠨ ᠳᠣᠯᠠᠭᠠᠨ ᠤ ᠬᠡᠮᠵᠢᠶ᠎ᠡ ᠨᠢ 6.0--6.5 ᠭᠷᠠᠳᠦ᠋ᠰ᠃ ᠬᠢᠷᠠᠭᠤ ᠶᠢᠨ | ᠬᠤᠭᠤᠴᠠᠭ᠎ᠠ ᠨᠢ ᠲᠡᠭᠰᠢᠳᠭᠡᠭᠡᠳ 150 ᠡᠳᠦᠷ ᠤᠷᠴᠢᠮ ᠪᠤᠢ᠃ ᠡᠪᠦᠯ ᠤᠨ ᠣᠯᠠᠷᠢᠯ ᠳᠤ ᠣᠯᠠᠩᠬᠢ | ᠳᠠᠭᠠᠨ ᠪᠠᠷᠠᠭᠤᠨ ᠬᠤᠶᠢᠨ᠎ᠠ ᠠᠴᠠ ᠰᠠᠯᠬᠢᠯᠠᠵᠤ᠂ ᠬᠠᠪᠤᠷ ᠤᠨ ᠤᠯᠠᠷᠢᠯ ᠳᠤ ᠠᠷᠪᠢᠨ ᠳᠠᠭᠠᠨ ᠪᠠᠷᠠᠭᠤᠨ | ᠡᠮᠦᠨ᠎ᠡ ᠠᠴᠠ ᠰᠠᠯᠬᠢᠯᠡᠳᠠᠭ᠃ ᠭᠠᠩ ᠬᠠᠭᠤᠷᠠᠢ ᠂ ᠶᠡᠭᠡ ᠰᠠᠯᠬᠢᠨ ᠪᠤᠯ ᠨᠠᠢᠮᠠᠨ ᠤ ᠬᠤᠶᠠᠷ ᠶᠡᠭᠡ | ᠪᠠᠶᠢᠭᠠᠯᠢ ᠶᠢᠨ ᠭᠠᠮᠰᠢᠭ ᠮᠦᠨ᠃ ᠭᠠᠵᠠᠷ ᠰᠢᠷᠤᠢ ᠶᠢᠨ ᠡᠯᠡᠰᠥᠷᠭᠡᠭᠵᠢᠯ ᠨᠢ ᠲᠦᠢᠯ ᠤᠨ ᠬᠦᠨᠳᠦ | ᠨᠤᠴᠢᠲᠠᠢ ᠶᠤᠮ᠃ ᠡᠪᠡᠰᠦ ᠮᠤᠳᠤ ᠲᠠᠷᠢᠵᠤ ᠂ ᠤᠷᠭᠤᠮᠠᠯ ᠤᠨ ᠪᠦᠷᠬᠦᠴᠡ ᠶᠢ ᠰᠡᠷᠬᠦᠬᠡᠵᠦ᠂ ᠠᠮᠢ | ᠠᠬᠤᠢ ᠣᠷᠴᠢᠨ ᠲᠣᠭᠤᠷᠢᠨ ᠢᠶᠠᠨ ᠬᠠᠮᠠᠭᠠᠯᠠᠬᠤ ᠶᠠᠪᠤᠳᠠᠯ ᠨᠢ ᠨᠢᠭᠡᠨᠲᠡ ᠨᠠᠢᠮᠠᠨ ᠤ ᠠᠷᠠᠳ ᠲᠦᠮᠡᠨ | ᠤ ᠪᠠᠷᠢᠨ ᠭᠦᠢᠴᠡᠳᠭᠡᠬᠦ ᠪᠠᠴᠢᠮ ᠡᠭᠦᠷᠭᠡ ᠪᠤᠯᠤᠭᠠᠳ ᠪᠠᠶᠢᠨ᠎ᠠ᠃ | ᠨᠠᠢᠮᠠᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠡᠯᠪᠡᠭ ᠪᠠᠶᠠᠨ ᠶᠤᠮ᠃ ︽ ᠭᠤᠷᠪᠠᠨ | ᠴᠢᠯᠠᠭᠤ᠂ ᠭᠤᠷᠪᠠᠨ ᠬᠠᠶᠢᠷ ᠡᠯᠡᠰᠦ᠂ ᠭᠤᠷᠪᠠᠨ ᠡᠪᠡᠰᠤ︾᠂ ᠲᠤᠬᠠᠶᠢᠯᠠᠪᠠᠯ ᠷᠠᠰᠢᠶᠠᠨ ᠴᠢᠯᠠᠭᠤ᠂ | ᠴᠤᠬᠤᠢ ᠶᠢᠨ ᠴᠢᠯᠠᠭᠤ᠂ ᠭᠠᠨᠳᠢᠭ ᠴᠢᠯᠠᠭᠤ᠂ ᠳᠠᠷᠤᠯᠲᠠ ᠶᠢᠨ ᠬᠠᠶᠢᠷ ᠡᠯᠡᠰᠦ᠂ ᠴᠢᠳᠬᠤᠨ ᠦᠢᠯᠡᠳᠬᠦ | ᠡᠯᠡᠰᠦ᠂ ᠪᠠᠷᠢᠯᠭ᠎ᠠ ᠶᠢᠨ ᠬᠠᠶᠢᠷ ᠡᠯᠡᠰᠦ᠂ ᠵᠡᠭᠡᠷᠭᠡᠨ᠎ᠡ᠂ ᠰᠢᠬᠢᠷ ᠡᠪᠡᠰᠦ ᠂ ᠵᠠᠭᠡᠰᠦ ᠨᠢ ᠲᠤᠩ | ᠨᠡᠷᠡᠲᠠᠢ᠃ ᠬᠤᠰᠢᠭᠤᠨ ᠤ ᠡᠮᠦᠨᠡᠳᠦ ᠬᠡᠰᠡᠭ ᠤᠨ ᠠᠭᠤᠯᠠᠷᠬᠠᠭ ᠤᠷᠤᠨ ᠳᠤ ᠨᠢᠭᠡᠨᠲᠡ ᠤᠯᠵᠤ | ᠮᠡᠳᠡᠭᠰᠡᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠲᠤ ᠲᠤᠭᠤᠯᠭ᠎ᠠ᠂ ᠲᠡᠮᠦᠷ᠂ ᠠᠯᠲᠠ᠂ | ᠨᠡᠭᠦᠷᠡᠰᠦ᠂ ᠱᠠᠭᠠᠵᠠᠩ ᠤᠨ ᠰᠢᠷᠤᠢ᠂ ᠮᠠᠨᠤ ᠶᠢᠨ ᠴᠢᠯᠠᠭᠤ ᠵᠡᠷᠭᠡ 20 ᠢᠯᠡᠭᠦᠦ ᠵᠦᠢᠯ ᠪᠠᠶᠢᠵᠤ ᠂ | ᠣᠯᠠᠩᠬᠢ ᠬᠡᠰᠡᠭ ᠨᠢ ᠮᠠᠯᠲᠠᠵᠦ ᠨᠡᠭᠡᠭᠡᠬᠦ ᠦᠨ᠎ᠡ ᠦᠷᠳᠡᠭ ᠲᠠᠢ᠃ | ᠨᠠᠢᠮᠠᠨ ᠬᠤᠰᠢᠭᠤᠨ ᠤ ᠬᠠᠭᠤᠷᠠᠢ ᠵᠠᠮ ᠤᠨ ᠬᠠᠷᠢᠯᠴᠠᠭ᠎ᠠ ᠲᠤᠩ ᠲᠦᠭᠦᠮ ᠲᠦᠳᠡ ᠶᠣᠮ᠃ ᠵᠢᠩ | ᠲᠦᠩ ︵ ᠪᠡᠭᠡᠵᠢᠩ — — ᠲᠦᠩᠯᠢᠶᠤᠤ︶ ᠲᠡᠮᠦᠷ ᠵᠠᠮ ᠲᠦᠷᠪᠡᠨ ᠵᠦᠭ ᠨᠠᠢᠮᠠᠨ ᠵᠤᠪᠬᠢᠰ ᠲᠤ | ᠨᠡᠪᠲᠡᠷᠡᠨ᠂ ᠤᠯᠤᠰ ᠤᠨ ᠵᠠᠮ 111 ᠱᠤᠭᠤᠮ ︵ ᠪᠡᠭᠡᠵᠢᠩ — — ᠵᠢᠭᠠᠳᠠᠴᠢ︶ ᠬᠤᠰᠢᠭᠤᠨ | ᠲᠤᠳᠤᠷᠠᠬᠢ ᠣᠯᠠᠨ ᠰᠤᠮᠤ ᠰᠢᠶᠠᠩ ᠪᠠᠯᠭᠠᠰᠦ ᠳᠤ ᠨᠡᠪᠳᠡᠷᠡᠨ ᠂ ᠶᠡᠷᠦᠩᠬᠢ ᠵᠠᠮ ᠤᠨ ᠣᠷᠳᠣ ᠨᠢ | 146.4 ᠺᠢᠯᠦᠮᠧᠲ᠋ᠧᠷ ᠪᠠᠶᠢᠨ᠎ᠠ᠃ ᠣᠯᠣᠰ ᠤᠨ ᠵᠠᠮ ᠂ ᠰᠢᠶᠠᠨ ᠤ ᠵᠠᠮ ᠢᠶᠠᠷ ᠭᠤᠤᠯ ᠪᠤᠯᠭᠠᠭᠰᠠᠨ ᠂ | ᠰᠤᠮᠤ ᠭᠠᠴᠠᠭ᠎ᠠ ᠶᠢᠨ ᠵᠠᠰᠠᠮᠠᠯ ᠵᠠᠮ ᠢᠶᠠᠷ ᠰᠠᠯᠪᠤᠷᠢ ᠵᠠᠮ ᠪᠤᠯᠭᠠᠭᠰᠠᠨ ᠵᠠᠰᠠᠮᠠᠯ ᠵᠠᠮ ᠤᠨ ᠲᠤᠤᠷ | ᠰᠦᠯᠵᠢᠶ᠎ᠡ ᠨᠢᠭᠡᠨᠲᠡ ᠪᠦᠷᠢᠯᠳᠦᠪᠡ᠃ | ᠨᠠᠢᠮᠠᠨ ᠬᠤᠰᠢᠭᠤᠨ ᠤ ᠴᠠᠬᠢᠯᠭᠠᠨ ᠬᠦᠴᠦᠨ ᠤ ᠦᠢᠯᠡᠰ ᠦᠷᠨᠢᠩᠭᠦᠢ ᠬᠦᠭᠵᠢᠪᠡ᠃ 1958 ᠤᠨ | ᠳᠤ ᠂ ᠳᠠᠴᠢᠨᠲᠠᠯ᠎ᠠ ᠪᠠᠯᠭᠠᠰᠤᠨ ᠳᠤ ᠴᠠᠬᠢᠯᠭᠠᠨ ᠭᠠᠷᠭᠠᠬᠤ ᠦᠢᠯᠡᠳᠪᠦᠷᠢ ᠪᠠᠶᠢᠭᠤᠯᠵᠤ᠂ ᠴᠠᠶᠢᠶ᠋ᠢᠤ | ᠮᠠᠰᠢᠨ ᠴᠣᠭᠴᠠᠯᠠᠪᠤᠷᠢ ᠪᠠᠷ ᠴᠠᠬᠢᠯᠭᠠᠨ ᠭᠠᠷᠭᠠᠵᠤ ᠪᠠᠶᠢᠵᠠᠢ᠃ 1970 ᠣᠨ ᠳᠤ ᠂ ᠹᠦᠰᠢᠨ ᠤ | ᠴᠠᠬᠢᠯᠭᠠᠨ ᠲᠤᠤᠷ ᠤᠨ ᠴᠠᠬᠢᠯᠭᠠᠨ ᠬᠦᠴᠦᠨ ᠢ ᠨᠠᠢᠮᠠᠨ ᠳᠤ ᠤᠷᠤᠭᠤᠯᠪᠠ᠃ 1973 ᠣᠨ ᠤ 6 | ᠰᠠᠷ᠎ᠠ ᠳᠤ ᠂ ᠴᠢᠩ ᠯᠦᠩ ᠱᠠᠨ ᠠᠴᠠ ᠲᠠᠴᠢᠨᠳᠠᠯ᠎ᠠ ᠬᠦᠷᠬᠦ 60 ᠺᠢᠯᠤᠸᠤᠯᠲ ᠴᠠᠬᠢᠯᠭᠠᠨ | ᠲᠠᠮᠵᠢᠭᠤᠯᠤᠨ ᠬᠤᠪᠢᠰᠬᠠᠬᠤ ᠢᠨᠵᠧᠨᠧᠷᠢᠩ ᠠᠵᠢᠯ ᠲᠠᠭᠤᠰᠪᠠ᠃ 1977 ᠣᠨ ᠤ 3 ᠰᠠᠷ᠎ᠠ ᠳᠤ ᠢᠤᠢ | ᠪᠠ ᠱᠤᠭᠤᠮ ︵ ᠢᠤᠢ ᠯᠢᠶᠠᠩ ᠫᠦ᠋ ᠠᠴᠠ ᠪᠠᠶᠢᠰᠢᠩᠳᠦ ᠬᠦᠷᠬᠦ︶ 60 ᠺᠢᠯᠤᠸᠤᠯᠲ ᠴᠠᠬᠢᠯᠭᠠᠨ | ᠬᠦᠷᠭᠡᠵᠤ ᠬᠤᠪᠢᠰᠬᠠᠬᠤ ᠠᠵᠢᠯ ᠲᠡᠬᠦᠰᠦᠭᠰᠡᠨ ᠤ ᠰᠡᠭᠦᠯᠡᠷ ᠂ ᠨᠠᠢᠮᠠᠨ ᠳᠤ ᠳᠤᠮᠳᠠ ᠡᠮᠦᠨᠡᠳᠦ ᠬᠡᠰᠡᠭ | ᠭᠠᠵᠠᠷ ᠣᠷᠣᠨ ᠹᠦᠰᠢᠨ ᠤ ᠴᠠᠬᠢᠯᠭᠠᠨ ᠲᠤᠤᠷ ᠤᠨ ᠴᠠᠬᠢᠯᠭᠠᠨ ᠬᠦᠴᠦᠨ ᠢ ᠬᠡᠷᠡᠭᠯᠡᠨ᠂ ᠬᠤᠶᠢᠳᠤ | ᠬᠡᠰᠡᠭ ᠭᠠᠵᠠᠷ ᠣᠷᠣᠨ ᠨᠢ ᠲᠦᠩᠯᠢᠶᠤᠤ ᠴᠠᠬᠢᠯᠭᠠᠨ ᠢᠯᠴᠢ ᠶᠢᠨ ᠦᠢᠯᠡᠳᠪᠦᠷᠢ ᠶᠢᠨ ᠴᠠᠬᠢᠯᠭᠠᠨ | ᠬᠦᠴᠦᠨ ᠢ ᠬᠡᠷᠡᠭᠯᠡᠭᠰᠡᠨ ᠪᠠᠶᠢᠳᠠᠯ ᠪᠦᠷᠢᠯᠳᠦᠪᠡ᠃ |