ᠲᠦᠪᠡᠳ ᠬᠠᠰᠢ ᠠᠷᠠᠰᠤᠨ ᠤ ᠦᠮᠠᠨ ᠢ ᠰᠡᠷᠭᠡᠶᠢᠯᠡᠨ᠎ᠡ
ᠨᠡᠶᠢᠲᠡᠯᠡᠭᠰᠡᠨ ᠴᠠᠭ᠄
2018-06-04
    ᠭᠧᠷᠮᠠᠨ ᠤ   ᠯᠠᠶᠢᠪᠦ᠋ᠨᠢᠼ ᠣᠷᠴᠢᠨ ᠲᠤᠭᠤᠷᠢᠨ ᠤ ᠠᠨᠠᠭᠠᠬᠤ ᠤᠬᠠᠭᠠᠨ ᠤ ᠰᠤᠳᠤᠯᠭᠠᠨ ᠤ ᠭᠠᠵᠠᠷ ᠤᠨ ᠬᠠᠮᠤᠭ  ᠤᠨ ᠰᠢᠨ᠎ᠡ ᠰᠤᠳᠤᠯᠭᠠᠨ ᠳᠤ   ᠢᠯᠡᠷᠡᠭᠦᠯᠥᠭᠰᠡᠨ ᠢᠶᠠᠷ᠂ ᠲᠦᠪᠡᠳ   ᠬᠠᠰᠢ ᠦᠷᠭᠦᠯᠵᠢ ᠢᠳᠡᠪᠡᠯ ᠨᠢᠭᠤᠷ ᠴᠢᠷᠠᠢ  ᠳᠠᠬᠢ ᠦᠷᠴᠢᠯᠡᠭᠡᠰᠦ   ᠶᠢ ᠪᠠᠭᠠᠰᠬᠠᠳᠠᠭ ᠢᠶᠠᠷ ᠪᠠᠷᠠᠬᠤ ᠦᠭᠡᠢ᠂ ᠠᠷᠠᠰᠤᠨ ᠤ ᠦᠮᠠᠨ ᠢ ᠰᠡᠷᠭᠡᠶᠢᠯᠡᠳᠡᠭ᠃ ᠰᠤᠳᠤᠯᠭᠠᠳᠠᠳ 65 ᠰᠠᠶᠢᠨ ᠲᠤᠷᠠᠴᠤᠤᠯ ᠢ ᠴᠤᠭᠯᠠᠭᠤᠯᠤᠨ ᠬᠤᠶᠠᠷ ᠳᠣᠭᠤᠶᠢᠯᠠᠩ ᠬᠤᠪᠢᠶᠠᠵᠠᠢ᠃ ᠨᠢᠭᠡ ᠳᠤᠭᠤᠶᠢᠯᠠᠩ ᠤᠨ ᠰᠠᠶᠢᠨ ᠳᠣᠷᠠᠴᠣᠣᠯ ᠳᠤ 12 ᠭᠠᠷᠠᠭ ᠤᠨ ᠳᠣᠲᠣᠷ᠎ᠠ ᠡᠳᠦᠷ ᠪᠤᠯᠭᠠᠨ ᠲᠦᠪᠡᠳ ᠬᠠᠰᠢ ᠢᠳᠡᠭᠦᠯᠵᠦ᠂ ᠨᠦᠭᠦᠭᠡ ᠨᠢᠭᠡ ᠳᠤᠭᠤᠶᠢᠯᠠᠩ ᠤᠨ ᠬᠢᠨ ᠢ ᠬᠡᠪ ᠪᠠᠷ ᠢᠳᠡᠭᠦᠯᠵᠦ ᠤᠤᠭᠤᠯᠭᠠᠪᠠ᠃ ᠰᠠᠶᠢᠨ ᠳᠣᠷᠠᠴᠤᠤᠯ ᠡᠳᠦᠷ ᠪᠦᠷᠢ ᠶᠢᠨ ᠦᠷᠯᠦᠭᠡ   ᠤᠷᠤᠢ ᠴᠦᠮ ᠬᠦᠷᠢᠨ ᠤ ᠭᠠᠳᠠᠨᠠᠬᠢ ᠲᠤᠶᠠᠭ᠎ᠠ ᠶᠢᠨ ᠰᠠᠴᠤᠷᠠᠭ ᠢ ᠬᠦᠯᠢᠶᠡᠬᠦ ᠶᠢᠨ ᠬᠠᠮᠳᠤ ᠵᠤᠬᠢᠶᠠᠨ ᠪᠠᠶᠢᠭᠤᠯᠤᠯᠲᠠ ᠶᠢᠨ ᠪᠠᠶᠢᠴᠠᠭᠠᠯᠳᠠ ᠶᠢ ᠬᠦᠯᠢᠶᠡᠪᠡ᠃ ᠡᠭᠦᠨ ᠳᠤ᠂ ᠲᠦᠪᠡᠳ ᠬᠠᠰᠢ ᠢᠳᠡᠭᠰᠡᠨ ᠦᠭᠡᠢ ᠰᠠᠶᠢᠨ ᠲᠤᠷᠠᠴᠤᠤᠯ ᠤᠨ ᠳᠤᠭᠤᠶᠢᠯᠠᠩ ᠤᠨ ᠬᠢᠨ ᠤ ᠪᠡᠶ᠎ᠡ ᠳᠠᠬᠢ ᠦᠷᠴᠢᠯᠡᠭᠡᠰᠦ᠂ ᠦᠷᠪᠢᠰᠦᠯ ᠲᠠᠢ ᠬᠠᠮᠢᠶ᠎ᠠ ᠪᠦᠬᠦᠢ ᠪᠡᠯᠭᠡᠳᠡᠯ ᠤᠨ ᠴᠢᠨᠠᠷᠲᠠᠢ ᠭᠧᠨ   ᠨᠢ   ᠨᠡᠮᠡᠭᠳᠡᠵᠦ᠂ ᠡᠳᠦᠷ ᠪᠤᠯᠭᠠᠨ ᠲᠦᠪᠡᠳ ᠬᠠᠰᠢ ᠢᠳᠡᠭᠰᠡᠨ ᠳᠣᠭᠤᠶᠢᠯᠠᠩ ᠤᠨ ᠬᠢᠨ ᠤ ᠦᠷᠴᠢᠯᠡᠭᠡᠰᠦ ᠲᠠᠢ ᠭᠧᠨ   ᠨᠢ ᠢᠯᠡᠳᠳᠡ ᠪᠠᠭᠠᠰᠤᠭᠰᠠᠨ ᠪᠠᠶᠢᠪᠠ᠃ ᠰᠣᠳᠣᠯᠭᠠᠳᠠᠳ ᠤᠨ ᠢᠯᠡᠷᠬᠡᠶᠢᠯᠡᠭᠰᠡᠨ ᠢᠶᠠᠷ᠂ ᠲᠦᠪᠡᠳ ᠬᠠᠰᠢ ᠦᠷᠭᠦᠯᠵᠢ ᠢᠳᠡᠪᠡᠯ ᠬᠦᠷᠢᠨ ᠤ ᠭᠠᠳᠠᠨᠠᠬᠢ   ᠲᠤᠶᠠᠭᠠᠨ ᠤ ᠰᠠᠴᠤᠷᠠᠭ ᠠᠴᠠ ᠪᠤᠯᠤᠭᠰᠠᠨ ᠮᠠᠭᠤ ᠦᠷ᠎ᠡ ᠳ᠋ᠦᠩ ᠢ ᠬᠦᠴᠦᠨ ᠲᠠᠢ ᠬᠤᠷᠢᠭᠯᠠᠬᠤ ᠶᠢᠨ ᠬᠠᠮᠳᠦ   ᠦᠷᠴᠢᠯᠡᠭᠡᠰᠦ ᠶᠢ ᠪᠠᠭᠠᠰᠬᠠᠨ ᠠᠷᠠᠰᠤᠨ ᠤ ᠦᠮᠠᠨ ᠢ   ᠰᠡᠷᠭᠡᠶᠢᠯᠡᠳᠡᠭ ᠢ ᠬᠡᠷᠡᠴᠢᠯᠡᠪᠡ᠃   ᠰᠣᠳᠣᠯᠭᠠᠳᠠᠳ ᠤᠨ ᠰᠠᠨᠠᠭᠤᠯᠬᠤ ᠪᠠᠷ᠂ ᠢᠳᠡᠭᠡᠨ ᠤᠮᠳᠠᠭᠠᠨ ᠢᠶᠠᠨ ᠰᠠᠶᠢᠵᠢᠷᠠᠭᠤᠯᠬᠤ ᠠᠴᠠ ᠭᠠᠳᠠᠨ᠎ᠠ᠂ ᠡᠳᠦᠷ ᠪᠦᠷᠢ ᠨᠠᠷᠠᠨ ᠳᠤ ᠡᠭᠡᠬᠦ ᠴᠠᠭ ᠢ 40   ᠮᠢᠨᠦ᠋ᠲ ᠠᠴᠠ ᠬᠡᠳᠦᠷᠡᠭᠦᠯᠭᠦ ᠦᠭᠡᠢ ᠪᠠᠶᠢᠪᠠᠯ ᠬᠦᠷᠢᠨ ᠤ ᠭᠠᠳᠠᠨᠠᠬᠢ ᠲᠤᠶᠠᠭᠠᠨ ᠤ ᠬᠤᠬᠢᠷᠠᠯ ᠢ   ᠨᠡᠩ ᠬᠦᠴᠦᠨ ᠲᠠᠢ ᠬᠤᠷᠢᠭᠯᠠᠵᠤ ᠲᠠᠶᠢᠯᠳᠡᠭ᠃         ︵ᠲᠤᠰ ᠡᠬᠡ ᠪᠢᠴᠢᠭ ᠢ ︽  ᠠᠷᠠᠳ ᠤᠨ ᠰᠦᠯᠵᠢᠶ᠎ᠡ︾ ᠠᠴᠠ ᠨᠠᠶᠢᠷᠠᠭᠤᠯᠤᠨ   ᠤᠷᠴᠢᠭᠤᠯᠪᠠ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号