ᠠᠩᠭ᠍ᠯᠢ ᠶᠢᠨ ᠠᠰᠠᠷᠠᠮᠵᠢ ᠶᠢᠨ ᠵᠤᠬᠢᠶᠠᠨ ᠪᠠᠶᠢᠭᠤᠯᠤᠯᠲᠠ ᠶᠢᠨ ᠠᠯᠬᠤᠬᠴᠢᠳ ᠤᠨ ᠨᠡᠶᠢᠭᠡᠮᠯᠢᠩ ᠪᠠ | ᠮᠠᠶᠢᠺᠮᠢᠯᠦ᠋ᠨ ᠦᠮᠠᠨ ᠤ ᠲᠤᠰᠠᠯᠠᠮᠵᠢ ᠶᠢᠨ ᠲᠦᠪ ᠤᠨ ᠬᠠᠮᠤᠭ ᠤᠨ ᠰᠢᠨ᠎ᠡ ᠰᠣᠳᠣᠯᠭᠠᠨ ᠳᠤ ᠣᠯᠵᠣ ᠮᠡᠳᠡᠭᠰᠡᠨ | ᠢᠶᠠᠷ᠂ ᠡᠳᠦᠷ ᠪᠦᠷᠢ 1.6 ᠺᠢᠯᠦᠮᠧᠲᠷ ᠵᠠᠮ ᠢ 20 ᠮᠢᠨᠦ᠋ᠲ ᠲᠤ ᠶᠠᠪᠤᠵᠤ ᠪᠠᠷᠠᠬᠤ ᠶᠢ ᠪᠠᠷᠢᠮᠳᠠᠯᠠᠪᠠᠯ ᠬᠦᠬᠦᠨ | ᠪᠤᠯᠴᠢᠷᠬᠠᠢ ᠶᠢᠨ ᠦᠮᠠᠨ᠂ ᠣᠷᠢᠳᠤ ᠪᠤᠯᠴᠢᠷᠬᠠᠢ ᠶᠢᠨ ᠦᠮᠠᠨ᠂ ᠭᠡᠳᠡᠰᠤᠨ ᠤ ᠦᠮᠠᠨ ᠤ ᠵᠠᠰᠠᠯᠭ᠎ᠠ ᠳᠤ ᠢᠯᠡᠳᠳᠡ | ᠲᠤᠰᠠᠳᠠᠢ ᠪᠠᠶᠢᠳᠠᠭ᠂ ᠬᠠᠮᠤᠭ ᠤᠨ ᠦᠨᠳᠦᠷ ᠲᠡᠭᠡᠨ 50 % ᠢᠶᠠᠷ ᠠᠳᠡᠭᠦ ᠨᠤᠷᠮ᠎ᠠ ᠶᠢ ᠲᠤᠷᠤᠭᠰᠢᠯᠠᠭᠤᠯᠤᠨ᠎ᠠ᠃ | ᠡᠬᠦᠨ ᠪᠠᠷ ᠪᠠᠷᠠᠬᠤ ᠦᠭᠡᠢ᠂ ᠠᠯᠬᠤᠬᠤ ᠨᠢ ᠦᠯᠦ ᠬᠠᠯᠳᠠᠭᠠᠬᠤ ᠴᠢᠳᠠᠯ ᠢ ᠨᠡᠮᠡᠭᠳᠡᠭᠦᠯᠳᠡᠭ ᠢᠶᠠᠷ ᠪᠠᠷᠠᠬᠤ ᠦᠭᠡᠢ᠂ | ᠲᠤᠳᠤᠭᠠᠳᠤ ᠱᠦᠭᠦᠷᠡᠯᠳᠡ ᠶᠢ ᠰᠠᠶᠢᠵᠢᠷᠠᠭᠤᠯᠤᠨ᠂ ᠬᠤᠷᠮᠤᠨ ᠤ ᠲᠦᠪᠰᠢᠨ ᠢ ᠵᠤᠬᠢᠴᠠᠭᠤᠯᠬᠤ᠂ ᠦᠮᠠᠨ ᠢ | ᠰᠡᠷᠭᠡᠶᠢᠯᠡᠬᠦ᠂ ᠦᠮᠠᠨ ᠢ ᠡᠰᠡᠷᠭᠦᠴᠡᠬᠦ ᠲᠠᠯ᠎ᠠ ᠪᠠᠷ ᠲᠤᠪᠤᠶᠢᠮ᠎ᠠ ᠦᠢᠯᠡᠳᠦᠯ ᠲᠠᠢ ᠪᠠᠶᠢᠳᠠᠭ᠃ | ᠬᠦᠬᠦᠨ ᠪᠤᠯᠴᠢᠷᠬᠠᠢ ᠶᠢᠨ ᠦᠮᠠᠨ ᠢ ᠰᠡᠷᠭᠡᠶᠢᠯᠡᠨ᠎ᠡ᠃ ᠹᠠᠷᠠᠨᠼᠢ ᠶᠢᠨ ᠨᠢᠭᠡᠨ 400 ᠲᠦᠮᠡᠨ ᠡᠮᠡᠭᠲᠠᠶᠢᠴᠤᠤᠯ | ᠳᠤ ᠬᠤᠯᠪᠤᠭᠳᠠᠬᠤ ᠰᠣᠳᠣᠯᠭᠠᠨ ᠳᠤ ᠢᠯᠡᠷᠬᠡᠶᠢᠯᠭᠰᠡᠨ ᠢᠶᠠᠷ᠂ ᠶᠠᠮᠠᠷᠪᠠ ᠨᠠᠰᠤᠨ ᠤ ᠡᠮᠡᠭᠲᠠᠢ ᠡᠳᠦᠷ ᠪᠦᠷᠢ 1 ᠴᠠᠭ | ᠲᠦᠷᠭᠡᠨ ᠠᠯᠬᠤᠬᠤ ᠶᠢ ᠪᠠᠷᠢᠮᠳᠠᠯᠠᠪᠠᠯ ᠬᠦᠬᠦᠨ ᠪᠤᠯᠴᠢᠷᠬᠠᠢ ᠶᠢᠨ ᠦᠮᠠᠨ ᠳᠤ ᠨᠡᠷᠪᠡᠭᠳᠡᠬᠦ ᠨᠤᠷᠮ᠎ᠠ ᠶᠢ 12 % | ᠢᠶᠠᠷ ᠲᠤᠷᠤᠰᠢᠯᠠᠭᠤᠯᠳᠠᠭ᠃ | ᠭᠡᠳᠡᠰᠤᠨ ᠤ ᠦᠮᠠᠨ ᠢ ᠰᠡᠷᠭᠡᠶᠢᠯᠡᠨ᠎ᠡ᠃ ᠬᠠᠹᠦ᠋ ᠶᠡᠭᠡ ᠰᠣᠷᠭᠠᠭᠤᠯᠢ ᠶᠢᠨ 7 ᠲᠦᠮᠡᠨ ᠬᠦᠮᠦᠨ ᠳᠤ | ᠴᠢᠭᠯᠡᠭᠦᠯᠦᠭᠰᠡᠨ ᠤᠷᠳᠤ ᠬᠤᠭᠤᠴᠠᠭᠠᠨ ᠤ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠡᠳᠦᠷ ᠪᠦᠷᠢ 1 ᠴᠠᠭ | ᠠᠯᠬᠤᠬᠤ ᠶᠢ ᠪᠠᠷᠢᠮᠳᠠᠯᠠᠪᠠᠯ᠂ ᠰᠢᠯᠤᠭᠤᠨ ᠭᠡᠳᠡᠰᠤᠨ ᠤ ᠦᠮᠠᠨ ᠳᠤ ᠨᠡᠷᠪᠡᠭᠳᠡᠬᠦ ᠨᠤᠷᠮ᠎ᠠ ᠶᠢ ᠬᠠᠭᠠᠰ ᠪᠠᠷ | ᠪᠠᠭᠤᠷᠠᠭᠤᠯᠳᠠᠭ ᠃ | ᠨᠤᠶᠢᠷ ᠤᠨ ᠪᠤᠯᠴᠢᠷᠬᠠᠢ ᠶᠢᠨ ᠦᠮᠠᠨ ᠢ ᠰᠡᠷᠭᠡᠶᠢᠯᠡᠨ᠎ᠡ᠃ ᠠᠮᠧᠷᠢᠺᠠ ᠶᠢᠨ ︽ ᠤᠩᠰᠢᠭᠴᠢᠳ ᠤᠨ ᠱᠦᠭᠦᠮᠡᠭ︾ | ᠰᠡᠳᠭᠦᠯ ᠳᠤ ᠨᠡᠶᠢᠳᠡᠯᠡᠭᠳᠡᠭᠰᠡᠨ ᠨᠢᠭᠡᠨ ᠰᠤᠳᠤᠯᠭᠠᠨ ᠤ ᠪᠦᠳᠦᠭᠡᠯ ᠳᠤ ᠵᠢᠭᠠᠵᠤ ᠭᠠᠷᠭᠠᠭᠰᠠᠨ ᠢᠶᠠᠷ᠂ ᠡᠳᠦᠷ | ᠪᠦᠷᠢ ᠬᠤᠭᠤᠯᠠᠨ ᠤ ᠲᠠᠷᠠᠭ᠎ᠠ 30 ᠮᠢᠨᠦ᠋ᠲ ᠰᠤᠯᠠ ᠠᠯᠬᠤᠯᠠᠪᠠᠯ ᠨᠤᠶᠢᠷ ᠤᠨ ᠪᠤᠯᠴᠢᠷᠬᠠᠢ ᠶᠢᠨ ᠦᠮᠠᠨ ᠳᠤ | ᠨᠡᠷᠪᠡᠭᠳᠡᠬᠦ ᠨᠤᠷᠮ᠎ᠠ ᠶᠢ ᠬᠠᠭᠠᠰ ᠢᠶᠠᠷ ᠪᠠᠭᠤᠷᠠᠭᠤᠯᠳᠠᠭ᠃ | ᠤᠷᠢᠳᠤ ᠪᠤᠯᠴᠢᠷᠬᠠᠢ ᠶᠢᠨ ᠦᠮᠠᠨ ᠢ ᠡᠰᠡᠷᠭᠦᠴᠡᠨ᠎ᠡ᠃ ᠠᠮᠧᠷᠢᠺᠠ ᠶᠢᠨ ᠺᠠᠯᠢᠹᠦᠷᠨᠢᠶ᠎ᠠ ᠵᠸᠤ ᠶᠢᠨ ᠶᠡᠭᠡ | ᠰᠤᠷᠭᠠᠭᠤᠯᠢ ᠶᠢᠨ ᠰᠣᠳᠣᠯᠭᠠᠳᠠᠳ 1455 ᠤᠷᠢᠳᠤ ᠪᠤᠯᠴᠢᠷᠬᠠᠢ ᠶᠢᠨ ᠦᠮᠠᠨ ᠡᠪᠡᠳᠴᠢᠳᠠᠨ ᠳᠤ ᠤᠷᠳᠤ | ᠬᠤᠭᠤᠴᠠᠭᠠᠨ ᠤ ᠮᠦᠷᠳᠠᠨ ᠪᠠᠶᠢᠴᠠᠭᠠᠯᠲᠠ ᠬᠢᠵᠦ ᠢᠯᠡᠷᠡᠭᠦᠯᠦᠭᠰᠡᠨ ᠢᠶᠠᠷ᠂ ᠭᠠᠷᠠᠭ ᠪᠦᠷᠢ 3 ᠴᠠᠠᠭ ᠲᠦᠷᠭᠡᠨ | ᠠᠯᠬᠤᠪᠠᠯ ᠦᠮᠠᠨ ᠡᠪᠡᠳᠴᠢᠨ ᠤ ᠬᠦᠨᠳᠦᠷᠡᠬᠦ ᠬᠡᠮᠵᠢᠶ᠎ᠡ ᠨᠢ ᠬᠦᠳᠡᠯᠭᠡᠭᠡᠨ ᠬᠢᠳᠡᠭ ᠦᠭᠡᠢ ᠬᠦᠮᠦᠨ ᠠᠴᠠ 57% | ᠢᠶᠠᠷ ᠲᠤᠤᠷ᠎ᠠ ᠪᠠᠶᠢᠳᠠᠭ᠃ | ᠠᠯᠬᠤᠬᠤ ᠶᠢᠨ ᠠᠰᠢᠭ ᠲᠣᠰᠠ ᠶᠢ ᠪᠠᠳᠠᠷᠠᠭᠤᠯᠬᠤ ᠳᠤ ᠶᠠᠪᠤᠵᠤ ᠰᠠᠭᠤᠬᠤ ᠠᠯᠬᠤᠬᠤ ᠬᠡᠰᠬᠢᠬᠦ ᠬᠡᠪ ᠨᠠᠮᠪᠠ᠂ | ᠭᠠᠵᠠᠷ᠂ ᠡᠮᠦᠰᠭᠡᠯ ᠵᠠᠰᠠᠯ᠂ ᠴᠠᠭ ᠵᠢᠴᠢ ᠬᠤᠷᠳᠤᠴᠠ ᠵᠡᠷᠭᠡ ᠶᠢ ᠠᠩᠬᠠᠷᠤᠭᠤᠰᠢᠲᠠᠢ᠃ ᠠᠯᠬᠤᠯᠠᠬᠤ ᠳᠠᠭᠠᠨ ᠠᠯᠤᠰ | ᠢ ᠰᠢᠷᠳᠡᠨ ᠴᠡᠭᠡᠵᠢ ᠪᠠᠨ ᠲᠡᠨᠡᠶᠢᠯᠭᠡᠵᠦ᠂ ᠲᠡᠭᠰᠢ ᠤᠯᠠ ᠲᠠᠢ ᠱᠠᠬᠠᠢ ᠡᠮᠦᠰᠦᠨ ᠵᠢᠭᠳᠡ ᠬᠤᠷᠳᠤᠴᠠ ᠪᠠᠷ ᠶᠠᠪᠤᠨ᠎ᠠ᠃ | ᠬᠠᠮᠤᠭ ᠤᠨ ᠰᠠᠶᠢᠨ ᠨᠢ ᠦᠳᠡ ᠶᠢᠨ ᠬᠤᠶᠢᠨᠠᠬᠢ 4 ᠴᠠᠭ ᠤᠨ ᠦᠶᠡᠰ ᠢᠶᠠᠷ ᠨᠢᠭᠡ ᠰᠧᠺᠦ᠋ᠨ᠋ᠳ᠋ ᠲᠤ ᠬᠤᠶᠠᠷ | ᠠᠯᠬᠤᠮ ᠠᠯᠬᠤᠪᠠᠯ ᠦᠶ᠎ᠡ ᠬᠡᠰᠢᠭᠦᠨ ᠤ ᠱᠠᠯᠠᠮᠠᠭᠠᠢ ᠠᠮᠢᠳᠣᠯᠢᠭ᠂ ᠵᠢᠷᠦᠭᠡᠨ ᠴᠤᠬᠢᠯᠭ᠎ᠠ ᠪᠠ ᠴᠢᠰᠤᠨ ᠲᠠᠷᠤᠯᠳᠠ ᠶᠢ | ᠲᠤᠭᠳᠠᠭᠤᠨ ᠪᠠᠶᠢᠯᠭᠠᠳᠠᠭ᠃ ᠭᠡᠬᠦ ᠳᠡᠭᠡᠨ ᠴᠠᠭ ᠲᠠᠷᠤᠢ ᠳᠤᠨᠢ ᠤᠰᠤ ᠨᠦᠬᠦᠪᠦᠷᠢᠯᠡᠬᠦ ᠶᠢ ᠠᠩᠬᠠᠷᠬᠤ ᠴᠢᠬᠤᠯᠠᠲᠠᠢ᠃ | | | ︵ᠲᠤᠰ ᠡᠬᠡ ᠪᠢᠴᠢᠭ ᠢ ︽ ᠠᠷᠠᠳ ᠤᠨ ᠰᠦᠯᠵᠢᠶ᠎ᠡ︾ ᠠᠴᠠ ᠨᠠᠶᠢᠷᠠᠭᠤᠯᠤᠨ ᠤᠷᠴᠢᠭᠤᠯᠪᠠ︶ |