ᠣᠷᠴᠢᠮ ᠳᠤ᠂ ᠨᠠᠢᠮᠠᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠯᠠᠮᠵᠢᠯᠠᠯ ᠪᠠ ᠲᠡᠭᠡᠳᠣ | ᠱᠠᠳᠣᠨ ᠤ ᠠᠷᠠᠳ ᠤᠨ ᠶᠠᠪᠣᠳᠠᠯ ᠤᠨ ᠰᠠᠯᠠᠭ᠎ᠠ ᠮᠦᠴᠢᠷ ᠤᠨ ᠲᠡᠮᠵᠢᠯᠬᠡ ᠪᠠᠷ ᠨᠠᠢᠮᠠᠨ ᠬᠤᠰᠢᠭᠤᠨ ᠤ ᠠᠷᠠᠳ ᠤᠨ | ᠶᠠᠪᠣᠳᠠᠯ ᠤᠨ ᠲᠣᠪᠴᠢᠶ᠎ᠠ ᠠᠴᠠ ᠭᠤᠣᠯ ᠡᠷᠬᠢᠯᠡᠵᠣ᠂ ᠲᠠᠴᠢᠨᠳᠠᠯ᠎ᠠ ᠪᠠᠯᠭᠠᠰᠣ ᠶᠢᠨ ᠵᠡᠬᠡᠯᠢ ᠭᠤᠳᠣᠮᠵᠢ ᠶᠢᠨ ᠭᠡᠷᠡᠭ | ᠡᠷᠬᠢᠯᠡᠬᠦ ᠭᠠᠵᠠᠷ᠂ ᠲᠦᠡᠭᠯᠢᠶᠣᠤ ᠨᠡᠬᠦᠳᠡᠯ ᠬᠤᠯᠪᠣᠭ᠎ᠠ ᠶᠢᠨ ᠺᠣᠮᠫᠠᠨᠢ ᠶᠢᠨ ᠨᠠᠢᠮᠠᠨ ᠤ ᠬᠤᠪᠢᠶᠠᠷᠢ ᠺᠣᠮᠫᠠᠨᠢ | ᠬᠠᠪᠰᠣᠷᠣᠨ ᠡᠷᠬᠢᠯᠡᠭᠰᠡᠨ ᠨᠠᠢᠮᠠᠨ ᠬᠤᠰᠢᠭᠤᠨ ᠤ ︽12349︾ ᠬᠡᠷ ᠲᠡᠭᠡᠨ ᠰᠠᠭᠤᠭ᠎ᠠ ᠨᠠᠰᠣᠳᠠᠶᠢᠴᠣᠳ ᠤᠨ | ᠠᠰᠠᠷᠠᠮᠵᠢ ᠶᠢᠨ ᠦᠢᠯᠡᠴᠢᠯᠡᠭᠡᠨ ᠤ ᠲᠦᠪ ᠪᠠᠶᠢᠭᠤᠯᠣᠭᠳᠠᠭᠰᠠᠨ ᠶᠣᠰᠣᠯᠠᠯ ᠶᠠᠪᠣᠭᠳᠠᠭᠤᠯᠵᠣ᠂ ᠲᠣᠰ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠷᠠᠳ ᠤᠨ ᠲᠦᠯᠣᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶ᠎ᠠ᠂ ᠣᠯᠣᠰ ᠲᠦᠷᠣ ᠶᠢᠨ ᠵᠦᠪᠯᠡᠯᠭᠡᠨ ᠪᠠ ᠬᠤᠯᠪᠣᠭᠳᠠᠯ ᠪᠦᠬᠦᠢ ᠲᠣᠪᠴᠢᠶ᠎ᠠ ᠶᠢᠨ ᠣᠳᠣᠷᠢᠳᠣᠯᠭ᠎ᠠ | ᠣᠷᠣᠯᠴᠠᠪᠠ᠃ | | ︽12349︾ ᠪᠣᠯ ᠬᠦᠮᠣᠨ ᠠᠮᠠ ᠶᠢᠨ ᠦᠳᠡᠯᠦᠩᠬᠦᠢ ᠵᠦᠭ ᠰᠢᠯᠵᠢᠵᠣ ᠪᠠᠶᠢᠭ᠎ᠠ ᠬᠡᠷᠡᠭᠴᠡᠭᠡ ᠳᠤ | ᠵᠣᠬᠢᠴᠠᠭᠤᠯᠣᠨ᠂ ᠨᠠᠰᠣᠳᠠᠶᠢᠴᠣᠳ ᠤᠨ ᠭᠡᠷ ᠲᠡᠭᠡᠨ ᠰᠠᠭᠤᠵᠣ ᠠᠰᠠᠷᠠᠬᠤ ᠬᠡᠷᠡᠭᠴᠡᠭᠡ ᠱᠠᠭᠠᠷᠳᠠᠯᠭ᠎ᠠ ᠶᠢ | ᠬᠠᠨᠭ᠍ᠭᠠᠬᠤ ᠶᠢᠨ ᠲᠦᠯᠣᠭᠡ ᠲᠣᠬᠢᠷᠠᠭᠤᠯᠣᠭᠰᠠᠨ ᠠᠷᠠᠳ ᠲᠤ ᠲᠦᠬᠦᠮ ᠦᠵᠡᠬᠦᠯᠵᠣ᠂ ᠨᠠᠰᠣᠳᠠᠶᠢᠴᠣᠳ ᠤᠨ | ᠲᠦᠯᠣᠭᠡ ᠲᠣᠬᠢᠷᠠᠭᠤᠯᠣᠭᠰᠠᠨ ᠨᠡᠶᠢᠳᠡ ᠶᠢᠨ ᠬᠠᠯᠠᠭᠤᠮᠰᠢᠯ ᠣᠳᠠᠰᠣ ᠪᠣᠯᠣᠨ᠎ᠠ᠃ ᠨᠠᠢᠮᠠᠨ ᠬᠤᠰᠢᠭᠤᠨ ᠤ ︽ | 12349︾ ᠦᠢᠯᠡᠴᠢᠯᠡᠭᠡᠨ ᠤ ᠲᠦᠪ ᠨᠢ ᠨᠣᠭᠤᠨᠵᠠᠶᠠᠭ᠎ᠠ ᠡᠷᠡᠬᠦᠯ ᠴᠢᠬᠢᠷᠠᠭ ᠤᠨ ᠨᠠᠰᠣᠳᠠᠶᠢᠴᠣᠳ ᠤᠨ | ᠠᠰᠠᠷᠠᠯ ᠤᠨ ᠲᠦᠪ ᠤᠨ ᠬᠤᠶᠠᠳᠣᠭᠠᠷ ᠠᠰᠠᠷ ᠲᠤ ᠪᠠᠶᠢᠷᠢᠯᠠᠵᠦ᠂ ᠲᠠᠯᠠᠪᠠᠢ ᠨᠢ 200 ᠲᠡᠭᠰᠢ ᠮᠧᠲᠷ ᠪᠠᠶᠢᠵᠣ᠂ | ᠦᠢᠯᠡᠴᠢᠯᠡᠭᠡᠨ ᠤ ᠲᠦᠪ ᠲᠡᠭᠡᠨ ᠺᠤᠮᠫᠢᠦ᠋ᠲ᠋ᠧᠷ᠂ ᠬᠠᠷᠢᠯᠴᠠᠬᠤ ᠮᠠᠰᠢᠨ ᠵᠡᠷᠬᠡ ᠬᠠᠳᠠᠭᠤ ᠲᠣᠨᠣᠭᠯᠠᠯ ᠢᠵᠢ ᠪᠦᠷᠢᠨ | ᠲᠣᠬᠢᠷᠠᠭᠤᠯᠵᠣ᠂ ᠪᠠᠴᠢᠮ ᠲᠠᠭᠤᠳᠠᠯᠭ᠎ᠠ ᠶᠢᠨ ᠵᠢᠯᠣᠭᠤᠳᠬᠤ ᠬᠦᠰᠢᠭᠡ ᠣᠭᠰᠠᠷᠠᠭᠤᠯᠵᠣ᠂ ᠴᠢᠳᠠᠮᠵᠢ ᠨᠢ ᠲᠠᠴᠢᠨᠳᠠᠯ᠎ᠠ | ᠵᠡᠬᠡᠯᠢ ᠭᠤᠳᠣᠮᠵᠢ ᠶᠢᠨ 9 ᠨᠡᠶᠢᠬᠡᠮ ᠲᠣᠭᠤᠷᠢᠭ ᠤᠨ 7000 ᠭᠠᠷᠣᠢ ᠨᠠᠰᠣᠳᠠᠶᠢᠴᠣᠳ ᠢ ᠪᠦᠷᠬᠦᠬᠦᠯᠵᠣ ᠪᠠᠶᠢᠨ᠎ᠠ᠃ | | ᠲᠠᠪᠴᠠᠩ ᠨᠢ ︽ᠨᠢᠬᠡ ᠲᠠᠷᠣᠭᠤᠯ ᠢᠶᠠᠷ ᠨᠡᠪᠳᠡᠷᠡᠬᠦ︾ ᠬᠤᠯᠪᠣᠭ᠎ᠠ ᠬᠠᠷᠢᠯᠴᠠᠭ᠎ᠠ ᠶᠢᠨ ᠲᠡᠬᠦᠰᠭᠡᠯ ᠢᠶᠠᠷ | ᠪᠦᠰᠡᠯᠡᠬᠦᠷ ᠪᠣᠯᠭᠠᠵᠣ᠂ ᠣᠷᠣᠭᠰᠢᠯᠠᠭᠰᠠᠨ ᠰᠣᠷᠠᠭ ᠵᠠᠩᠬᠢ ᠶᠢᠨ ᠰᠢᠨᠵᠢᠯᠡᠭᠡ ᠮᠡᠷᠭᠡᠵᠢᠯ ᠤᠨ ᠪᠠ ᠰᠦᠯᠵᠢᠶ᠎ᠡ ᠶᠢᠨ | ᠴᠢᠮᠡᠭᠡ ᠵᠠᠩᠬᠢ ᠶᠢᠨ ᠲᠣᠨᠤᠭ ᠲᠦᠬᠦᠬᠡᠷᠣᠮᠵᠢ ᠲᠠᠢ ᠣᠶᠠᠯᠳᠣᠭᠤᠯᠵᠣ᠂ ᠨᠠᠰᠣᠳᠠᠶᠢᠴᠣᠳ ᠤᠨ 24 ᠴᠠᠭ ᠤᠨ ᠪᠠᠴᠢᠮ | ᠲᠠᠭᠤᠳᠠᠯᠭ᠎ᠠ᠂ ᠬᠡᠷ ᠠᠬᠤᠢ ᠶᠢᠨ ᠦᠢᠯᠡᠴᠢᠯᠡᠭᠡ ᠶᠢᠨ ᠪᠣᠯᠵᠤᠭ᠎ᠠ᠂ ᠡᠷᠡᠬᠦᠯ ᠴᠢᠬᠢᠷᠠᠭ ᠤᠨ ᠠᠰᠠᠭᠤᠨ ᠰᠣᠷᠠᠯᠳᠠ᠂ | ᠶᠠᠭᠤᠮ᠎ᠠ ᠬᠡᠷᠡᠭᠯᠡᠯ ᠢ ᠣᠷᠣᠯᠠᠨ ᠬᠤᠳᠠᠯᠳᠣᠨ ᠠᠪᠬᠤ᠂ ᠬᠠᠣᠯᠢ ᠴᠠᠭᠠᠵᠠ ᠶᠢᠨ ᠠᠰᠠᠭᠤᠨ ᠰᠣᠷᠠᠯᠳᠠ᠂ | ᠰᠡᠳᠬᠢᠴᠡ ᠶᠢᠨ ᠲᠠᠶᠢᠳᠬᠤᠷᠠᠭᠤᠯᠬᠤ ᠵᠡᠷᠭᠡ ᠶᠢ ᠪᠦᠬᠦ ᠡᠳᠣᠷ ᠢᠶᠠᠷ ᠬᠦᠯᠢᠶᠡᠬᠦ᠂ ᠪᠦᠬᠦ ᠲᠠᠯ᠎ᠠ ᠪᠠᠷ ᠪᠠᠶᠢᠷᠢᠯᠠᠬᠤ᠂ | ᠪᠦᠬᠦ ᠶᠠᠪᠣᠴᠡ ᠪᠠᠷ ᠨᠡᠬᠡᠮᠵᠢᠯᠡᠨ ᠬᠢᠨᠠᠨ ᠦᠢᠯᠡᠴᠢᠯᠡᠬᠦ ᠶᠢ ᠬᠠᠨᠭ᠍ᠭᠠᠨ᠎ᠠ᠃ ᠪᠠᠶᠢᠭᠤᠯᠣᠭᠳᠠᠭᠰᠠᠨ ᠶᠣᠰᠣᠯᠠᠯ ᠳᠤ | ᠨᠠᠰᠣᠳᠠᠶᠢᠴᠣᠳ ᠲᠤ ︽ᠨᠢᠬᠡ ᠲᠠᠷᠣᠭᠤᠯ ᠢᠶᠠᠷ ᠲᠠᠭᠤᠳᠠᠬᠤ ᠭᠠᠷ ᠣᠳᠠᠰᠣ︾ ᠶᠢ ᠰᠦᠢᠳᠭᠡᠯ ᠦᠬᠡᠢ ᠪᠠᠷ ᠬᠦᠷᠭᠡᠪᠡ | ᠃ | ︵ᠮᠠ ᠪᠦᠬᠡ ᠵᠢᠶᠠᠩ ᠶᠠᠨ ᠮᠡᠳᠡᠭᠡᠯᠡᠪᠡ︶ | | |