ᠢ ᠯᠦᠩ ᠶᠦᠩ ᠲᠣᠮᠢᠯᠠᠭᠰᠠᠨ ᠰᠠᠯᠪᠤᠷᠢ ᠰᠦᠯᠵᠢᠶᠡᠨ ᠳᠡᠭᠡᠷ᠎ᠡ | ᠳᠤᠲᠠᠭᠠᠵᠤ ᠪᠠᠶᠢᠭᠰᠠᠨ5 ᠶᠠᠯᠠᠲᠠᠨ ᠢ ᠪᠠᠷᠢᠪᠴᠢᠯᠠᠪᠠ | ᠨᠠᠢᠮᠠᠨ ᠬᠤᠰᠢᠭᠤᠨ ᠤ ᠳᠣᠲᠤᠭᠠᠳᠤ ᠶᠢ ᠬᠠᠮᠠᠭᠠᠯᠠᠬᠤ ᠲᠣᠪᠴᠢᠶᠠᠨ ᠤ ᠢ ᠯᠦᠩ ᠶᠦᠩ ᠳᠠᠬᠢ ᠲᠣᠮᠢᠯᠠᠭᠰᠠᠨ | ᠰᠠᠯᠪᠤᠷᠢ ᠠᠵᠢᠯᠯᠠᠬᠤ ᠠᠷᠭ᠎ᠠ ᠪᠠᠨ ᠰᠢᠨᠡᠳᠭᠡᠵᠦ ᠠᠵᠢᠯ ᠤᠨ ᠡᠷᠴᠢᠮ ᠢᠶᠠᠨ ᠴᠢᠩᠭᠠᠳᠬᠠᠨ ᠮᠡᠳᠡᠭᠡ ᠵᠠᠩᠬᠢ | ᠴᠤᠭᠯᠠᠭᠤᠯᠵᠤ ᠠᠵᠢᠯ ᠤᠨ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠬᠦᠯᠵᠦ ᠪᠠᠶᠢᠨ᠎ᠠ᠃ | ᠲᠤᠰ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠨᠠᠷ ︽ᠵᠡᠭᠡᠯᠢ ᠳᠡᠭᠡᠷᠡᠬᠢ ᠭᠤᠲᠤᠮᠵᠢ ᠶᠢ ᠦᠯᠡᠳᠡᠭᠡᠯ ᠦᠭᠡᠢ᠂ | ᠭᠤᠲᠤᠮᠵᠢ ᠪᠦᠬᠦᠨ ᠤ ᠬᠦᠷᠢᠶ᠎ᠡ ᠶᠢ ᠬᠤᠴᠤᠷᠭᠠᠯ ᠦᠭᠡᠢ᠂ ᠬᠦᠷᠢᠶ᠎ᠡ ᠪᠣᠯᠭᠠᠨ ᠤ ᠡᠷᠦᠭᠡ ᠶᠢ ᠬᠠᠶᠠᠯ ᠦᠭᠡᠢ᠂ | ᠡᠷᠦᠭᠡ ᠪᠣᠯᠭᠠᠨ ᠤ ᠬᠦᠮᠦᠨ ᠢ ᠠᠯᠳᠠᠯ ᠦᠭᠡᠢ︾ ᠱᠠᠭᠠᠷᠳᠠᠯᠭ᠎ᠠ ᠶᠢ ᠵᠢᠷᠤᠮᠯᠠᠨ᠂ ᠬᠠᠷᠢᠶ᠎ᠠ ᠣᠷᠤᠨ ᠤ ᠪᠠᠨ ︽ | ᠭᠤᠷᠪᠠᠨ ᠪᠣᠳᠠᠳᠤ︾ ᠰᠠᠭᠤᠷᠢ ᠮᠡᠳᠡᠭᠡ ᠵᠠᠩᠭᠢ ᠶᠢ ᠨᠢᠭᠡᠳ ᠨᠢᠭᠡ ᠪᠠᠷ ᠬᠠᠷᠭᠤᠭᠤᠯᠤᠨ ᠪᠠᠶᠢᠴᠠᠭᠠᠵᠤ ᠪᠢᠴᠢᠵᠦ | ᠲᠡᠮᠲᠡᠭᠯᠡᠵᠦ᠂ ᠦᠪ ᠦᠨᠡᠨᠬᠦ ᠬᠠᠷᠭᠤᠭᠤᠯᠬᠤ ᠶᠢ ᠨᠢ ᠬᠠᠷᠭᠤᠭᠤᠯᠵᠤ ᠲᠡᠮᠲᠡᠭᠯᠡᠬᠦ ᠶᠢ ᠨᠢ ᠲᠡᠮᠲᠡᠭᠯᠡᠨ ᠲᠤᠰ ᠡᠳᠦᠷ | ᠲᠤᠨᠢ ᠴᠤᠭᠯᠠᠭᠤᠯᠵᠤ ᠴᠠᠭ ᠲᠣᠬᠠᠢ ᠳᠤᠨᠢ ᠲᠡᠮᠲᠡᠭᠯᠡᠬᠦ ᠶᠢ ᠪᠠᠳᠤᠯᠠᠵᠤ ᠪᠤᠢ᠃ ᠡᠳᠦᠷ ᠨᠢ ᠠᠵᠢᠯᠯᠠᠵᠤ ᠪᠠᠶᠢᠭ᠎ᠠ | ᠬᠦᠯᠦᠰᠦᠨ ᠠᠵᠢᠯᠴᠢᠨ᠂ ᠠᠷᠠᠯᠵᠢᠶ᠎ᠠ ᠬᠤᠳᠠᠯᠳᠤᠭᠠᠴᠢᠳ ᠢ ᠴᠠᠭᠳᠠᠭ᠎ᠠ ᠨᠠᠷ ᠦᠷᠯᠦᠭᠡ ᠦᠳᠡ ᠣᠷᠤᠢ ᠪᠤᠯᠤᠨ | ᠠᠮᠠᠷᠠᠯᠲᠠ ᠶᠢᠨ ᠡᠳᠦᠷ ᠢ ᠠᠰᠢᠭᠯᠠᠨ ᠭᠡᠷ ᠤᠨ ᠡᠭᠦᠳᠡᠨ ᠳᠤᠨᠢ ᠬᠦᠷᠴᠦ ᠬᠠᠷᠭᠤᠭᠤᠯᠳᠠᠭ᠃ ᠴᠠᠭᠳᠠᠭ᠎ᠠ ᠨᠠᠷ ᠤᠨ | ᠬᠠᠮᠲᠤ ᠶᠢᠨ ᠴᠢᠷᠮᠠᠶᠢᠯᠭ᠎ᠠ ᠪᠠᠷ ᠲᠤᠰ ᠲᠣᠮᠢᠯᠠᠭᠰᠠᠨ ᠰᠠᠯᠪᠤᠷᠢ ᠨᠢ ᠪᠦᠬᠦ ᠲᠣᠪᠴᠢᠶᠠᠨ ᠤ ᠳᠣᠲᠤᠷ᠎ᠠ ᠪᠠᠨ ᠬᠠᠮᠤᠭ | ᠤᠷᠢᠳᠠᠪᠡᠷ ︽ᠨᠢᠭᠡ ᠲᠡᠮᠲᠡᠭ ᠭᠤᠷᠪᠠᠨ ᠪᠣᠳᠠᠳᠤ︾ ᠰᠠᠭᠤᠷᠢ ᠮᠡᠳᠡᠭᠡ ᠵᠠᠩᠭᠢ ᠴᠤᠭᠯᠠᠭᠤᠯᠬᠤ ᠶᠢ ᠪᠡᠶᠡᠯᠡᠭᠦᠯᠦᠭᠰᠡᠨ | ᠪᠠᠶᠢᠳᠠᠭ᠃ ᠲᠡᠳᠡᠨᠦᠰ ᠴᠤᠭᠯᠠᠭᠤᠯᠤᠭᠰᠠᠨ ᠮᠡᠳᠡᠭᠡ ᠵᠠᠩᠭᠢ ᠪᠠᠨ ᠠᠰᠢᠭᠯᠠᠨ ᠤᠷᠢᠳ ᠬᠤᠵᠢᠳ ᠰᠦᠯᠵᠢᠶᠡᠨ ᠳᠡᠭᠡᠷ᠎ᠡ | ᠳᠤᠲᠠᠭᠠᠵᠤ ᠪᠠᠶᠢᠭᠰᠠᠨ5 ᠶᠠᠯᠠᠲᠠᠨ ᠪᠠ3 ᠰᠡᠵᠢᠭᠲᠡᠨ ᠢ ᠪᠠᠷᠢᠪᠴᠢᠯᠠᠵᠤ᠂3 ᠫᠣᠣ38 ᠰᠣᠮᠤ ᠬᠤᠷᠢᠶᠠᠵᠤ᠂ | ᠮᠦᠷᠦᠶᠢᠴᠡᠭᠡᠨ ᠨᠠᠭᠠᠳᠤᠮ ᠢ7 ᠡᠪᠳᠡᠵᠦ᠂28 ᠬᠦᠮᠦᠨ ᠳᠤ ᠵᠠᠰᠠᠭ ᠵᠠᠬᠢᠷᠭᠠᠨ ᠤ ᠰᠢᠳᠭᠡᠯ ᠣᠯᠭᠤᠵᠤ᠂ ᠳᠠᠪᠬᠤᠷ | ᠡᠷᠦᠬᠡ ᠠᠮᠠ ᠶᠢᠨ ᠳᠠᠩᠰᠠ ᠲᠠᠢ5 ᠬᠦᠮᠦᠨ ᠢ ᠪᠠᠶᠢᠴᠠᠭᠠᠨ ᠢᠯᠡᠷᠡᠭᠦᠯᠵᠦ᠂ ᠡᠷᠦᠬᠡ ᠠᠮᠠᠨ ᠳᠠᠩᠰᠠ ᠦᠭᠡᠢ1 | ᠬᠦᠮᠦᠨ ᠳᠤ ᠡᠷᠦᠬᠡ ᠠᠮᠠᠨ ᠳᠠᠩᠰᠠ ᠶᠢ ᠨᠢ ᠨᠦᠬᠦᠪᠦᠷᠢᠯᠡᠨ ᠦᠭᠴᠡᠢ᠃ |