ᠨᠠᠢᠮᠠᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2018-08-28
            ᠨᠠᠢᠮᠠᠨ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ ᠬᠠᠤᠯᠢ ᠪᠤᠰᠤ ᠪᠠᠷ             ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ    ᠲᠦᠷᠦᠭᠦᠬᠡᠨ᠂ ᠨᠠᠢᠮᠠᠨ ᠬᠤᠰᠢᠭᠤᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠳᠠᠭᠠᠭᠤᠯᠭ᠎ᠠ ᠳᠣᠣᠷ᠎ᠠ᠂ ᠬᠠᠤᠯᠢ ᠴᠠᠭᠠᠵᠠ᠂ ᠳᠣᠲᠤᠭᠠᠳᠤ ᠶᠢ ᠬᠠᠮᠠᠭᠠᠯᠠᠬᠤ᠂ ᠰᠢᠭᠦᠬᠦ ᠬᠤᠷᠢᠶ᠎ᠠ᠂ ᠣᠷᠤᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠢ᠂ ᠰᠤᠷᠭᠠᠨ ᠬᠦᠮᠦᠵᠢᠯ᠂ ᠠᠷᠠᠳ ᠤᠨ ᠶᠠᠪᠤᠳᠠᠯ᠂ ᠦᠢᠯᠡᠳᠪᠦᠷᠢ ᠬᠤᠳᠠᠯᠳᠤᠭ᠎ᠠ᠂ ᠠᠷᠠᠳ ᠤᠨ ᠪᠠᠩᠭᠢ ᠵᠡᠷᠭᠡ ᠠᠷᠪᠠᠨ ᠬᠤᠶᠠᠷ ᠪᠠᠶᠢᠭᠤᠯᠤᠯᠭ᠎ᠠ ᠨᠢᠭᠡᠴᠢ ᠬᠠᠮᠲᠤᠷᠠᠨ ᠬᠠᠤᠯᠢ ᠪᠣᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠲᠣᠮᠤ ᠬᠡᠯᠪᠡᠷᠢ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠦᠷᠨᠢᠭᠦᠯᠪᠡ᠃    ᠡᠯ᠎ᠡ ᠪᠠᠶᠢᠭᠤᠯᠤᠯᠭ᠎ᠠ ᠨᠢᠭᠡᠴᠢ ᠠᠴᠠ ᠢᠷᠡᠭᠰᠡᠨ ᠬᠤᠷᠢᠭᠠᠳ ᠨᠡᠷᠡᠰ ᠬᠠᠤᠯᠢ ᠲᠦᠭᠡᠮᠡᠯᠵᠢᠭᠦᠯᠬᠦ ᠰᠠᠶᠢᠨ ᠳᠤᠷᠠᠴᠤᠤᠯ ᠬᠤᠰᠢᠭᠤᠨ ᠤ ᠠᠶᠠᠨᠴᠢᠳ ᠤᠨ ᠵᠦᠭᠡᠭᠡᠪᠦᠷᠢ ᠶᠢᠨ ᠦᠷᠲᠡᠭᠡ ᠶᠢᠨ ᠲᠡᠷᠭᠡ ᠬᠦᠯᠢᠶᠡᠬᠦ ᠲᠠᠰᠤᠭ᠂ ᠵᠡᠭᠡᠯᠢ ᠳᠠᠭᠠᠦ ᠶᠢᠨ ᠬᠤᠳᠠᠯᠳᠤᠭ᠎ᠠ ᠳᠡᠯᠭᠡᠭᠦᠷ᠂ ᠬᠤᠭᠤᠯᠠᠨ ᠭᠡᠷ᠂ ᠵᠠᠬ᠎ᠠ ᠵᠡᠭᠡᠯᠢ ᠵᠡᠷᠭᠡ ᠣᠯᠠᠨ ᠲᠦᠮᠡᠨ ᠴᠤᠭᠯᠠᠷᠠᠭᠰᠠᠨ ᠭᠠᠵᠠᠷ ᠢᠶᠠᠷ ᠭᠦᠨᠵᠡᠭᠡᠶᠢᠷᠡᠨ ︽ᠬᠠᠤᠯᠢ ᠪᠣᠰᠤ ᠪᠠᠷ ᠪᠡᠯᠡ ᠴᠤᠭᠯᠠᠭᠤᠯᠬᠤ ᠠᠴᠠ ᠵᠠᠶᠢᠳᠠᠵᠤ᠂ ᠰᠠᠶᠢᠨ ᠰᠠᠶᠢᠬᠠᠨ ᠠᠮᠢᠳᠤᠷᠠᠯ ᠢᠶᠠᠨ ᠪᠦᠲᠦᠭᠡᠨ ᠪᠠᠶᠢᠭᠤᠯᠤᠶ᠎ᠠ︾᠂ ︽ᠬᠠᠤᠯᠢ ᠪᠣᠰᠤ ᠪᠠᠷ ᠪᠡᠯᠡ ᠴᠤᠭᠯᠠᠭᠤᠯᠬᠤ ᠠᠵᠢᠯᠯᠠᠭ᠎ᠠ ᠳᠤ ᠴᠣᠬᠢᠯᠲᠠ ᠦᠭᠴᠦ᠂ ᠡᠶ᠎ᠡ ᠵᠣᠬᠢᠴᠠᠩᠭᠤᠢ ᠨᠡᠶᠢᠭᠡᠮ ᠢ ᠬᠠᠮᠲᠤᠪᠡᠷ ᠪᠦᠲᠦᠭᠡᠨ ᠪᠠᠶᠢᠭᠤᠯᠤᠶ᠎ᠠ︾ ᠭᠡᠬᠦ ᠤᠬᠠᠭᠤᠯᠭ᠎ᠠ  ᠶᠢᠨ ᠬᠠᠭᠤᠳᠠᠰᠤ ᠪᠠ ᠨᠠᠰᠤᠲᠠᠶᠢᠴᠤᠳ ᠤᠨ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠶᠢᠨ ᠬᠠᠭᠤᠳᠠᠰᠤ ᠶᠢ300 ᠬᠤᠪᠢ ᠲᠠᠷᠬᠠᠭᠠᠵᠤ᠂ ︽ᠬᠠᠤᠯᠢ ᠪᠤᠰᠤ ᠪᠠᠷ ᠪᠡᠯᠡ ᠴᠤᠭᠯᠠᠭᠤᠯᠬᠤ ᠨᠡᠶᠢᠲᠡᠯᠢᠭ ᠬᠡᠷᠡᠭ ᠤᠨ ᠵᠢᠱᠢᠶ᠎ᠡ ᠶᠢᠨ ᠡᠮᠬᠢᠳᠭᠡᠯ ︾ ᠢ1500 ᠳᠡᠪᠲᠡᠷ ᠲᠠᠷᠬᠠᠭᠠᠵᠤ᠂ ᠨᠠᠰᠤᠲᠠᠶᠢᠴᠣᠳ᠂ ᠮᠠᠯᠴᠢᠨ ᠲᠠᠷᠢᠶᠠᠴᠢᠨ ᠵᠡᠷᠭᠡ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠳᠣᠷᠤᠢ᠂ ᠬᠦᠯᠢᠶᠡᠴᠡᠬᠦ ᠴᠢᠳᠠᠪᠤᠷᠢ ᠪᠠᠭᠤᠷᠠᠢ ᠣᠯᠠᠨ ᠲᠦᠮᠡᠨ ᠳᠤ ᠳᠦᠭᠦᠮ ᠣᠶᠢᠯᠠᠭᠠᠮᠵᠢᠲᠠᠢ ᠲᠠᠶᠢᠯᠪᠤᠷᠢᠯᠠᠯᠲᠠ ᠬᠢᠵᠦ ᠦᠭᠪᠡ᠂ ᠡᠨᠡ ᠤᠳᠠᠭ᠎ᠠ ᠶᠢᠨ ᠠᠵᠢᠯᠯᠠᠭ᠎ᠠ ᠨᠢ ᠨᠠᠢᠮᠠᠨ ᠬᠤᠰᠢᠭᠤᠨ ᠳᠤ ᠬᠠᠤᠯᠢ ᠪᠣᠰᠤ ᠪᠠᠷ ᠪᠡᠯᠡ ᠴᠤᠭᠯᠠᠭᠤᠯᠬᠤ᠂ ᠴᠠᠬᠢᠯᠭᠠᠨ ᠮᠡᠳᠡᠭᠡ ᠪᠠᠷ ᠮᠡᠬᠡᠯᠡᠯ ᠬᠢᠬᠦ ᠶᠢ ᠰᠡᠷᠭᠡᠶᠢᠯᠡᠬᠦ ᠶᠢ ᠤᠬᠠᠭᠤᠯᠬᠤ ᠦᠷᠨᠢᠯᠲᠡ ᠶᠢ ᠪᠣᠢ ᠪᠣᠯᠭᠠᠵᠤ᠂ ᠣᠯᠠᠨ ᠲᠦᠮᠡᠨ ᠤ ᠤᠬᠠᠮᠰᠠᠷ ᠠᠴᠠ ᠪᠠᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠨ᠂ ᠬᠠᠤᠯᠢ ᠪᠣᠰᠤ ᠪᠠᠷ ᠪᠡᠯᠡ ᠴᠤᠭᠯᠠᠭᠤᠯᠬᠤ ᠠᠵᠢᠯᠯᠠᠭ᠎ᠠ ᠠᠴᠠ ᠵᠠᠶᠢᠳᠠᠬᠤ ᠤᠬᠠᠮᠰᠠᠷ ᠪᠣᠯᠤᠨ ᠢᠯᠭᠠᠨ ᠲᠠᠨᠢᠬᠤ ᠴᠢᠳᠠᠪᠤᠷᠢ ᠶᠢ ᠨᠢ ᠳᠡᠭᠡᠭᠰᠢᠯᠡᠭᠦᠯᠦᠭᠰᠡᠨ ᠪᠠᠶᠢᠨ᠎ᠠ᠃                                                                ︵ᠪᠣᠣ ᠶᠤᠸᠠᠢ ᠯᠢᠶᠠᠩ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号