ᠨᠠᠢᠮᠠᠨ ᠬᠤᠰᠢᠭᠤ᠄ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠬᠦᠳᠡᠯᠭᠡᠭᠦᠷ ᠢ ᠡᠭᠦᠳᠴᠦ ᠪᠠᠶᠢᠨ᠎ᠠ
ᠨᠡᠶᠢᠲᠡᠯᠡᠭᠰᠡᠨ ᠴᠠᠭ᠄
2018-08-28
                 ᠨᠠᠢᠮᠠᠨ ᠬᠤᠰᠢᠭᠤ᠄ ᠴᠢᠨᠠᠷ ᠰᠠᠶᠢᠲᠠᠢ ᠬᠦᠭᠵᠢᠯᠲᠡ ᠶᠢᠨ                  ᠰᠢᠨ᠎ᠡ ᠬᠦᠳᠡᠯᠭᠡᠭᠦᠷ ᠢ ᠡᠭᠦᠳᠴᠦ ᠪᠠᠶᠢᠨ᠎ᠠ     ᠠᠭᠠᠭᠢᠮ᠎ᠠ ᠵᠤᠨ ᠤ ᠬᠠᠯᠠᠭᠤᠨ ᠠᠮᠢᠰᠬᠤᠯ ᠬᠦᠮᠦᠨ ᠠᠷᠠᠳ ᠢ ᠰᠢᠨᠠᠯᠭᠠᠨ᠎ᠠ᠃ ᠭᠡᠶ᠎ᠡ᠂ ᠭᠠᠯ ᠬᠠᠯᠠᠭᠤᠨ ᠠᠮᠢᠰᠬᠤᠯ ᠨᠠᠢᠮᠠᠨ ᠨᠤᠲᠤᠭ ᠤᠨ ᠬᠦᠭᠵᠢᠯᠲᠡ ᠶᠢᠨ ᠣᠮᠤᠭ ᠵᠤᠷᠢᠭ ᠢ ᠣᠭᠲᠤ ᠬᠠᠷᠰᠢᠯᠠᠵᠤ ᠳᠡᠶᠢᠯᠦᠭᠡ ᠦᠭᠡᠢ᠃ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠡᠷᠭᠡᠨ ᠲᠠᠰᠤᠭ ᠲᠤ ᠮᠠᠰᠢᠨ ᠮᠧᠬᠠᠨᠢᠭ ᠬᠦᠷᠴᠢᠭᠢᠨᠡᠨ᠂ ᠲᠡᠷᠭᠡ ᠬᠦᠰᠭᠡ ᠴᠣᠪᠤᠷᠠᠯᠳᠤᠵᠤ᠂ ᠠᠵᠢᠯᠲᠠᠳ ᠪᠠᠴᠢᠮ ᠶᠠᠭᠠᠷᠠᠯᠲᠠᠢ ᠠᠵᠢᠯᠯᠠᠨ᠎ᠠ︔ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠳᠤ᠂ ᠰᠣᠪᠤᠷᠭᠠᠨ ᠬᠡᠯᠪᠡᠷᠢᠲᠦ ᠲᠡᠭᠦᠵᠢ ᠰᠡᠭᠦᠶᠢᠵᠦ᠂ ᠠᠯᠢᠪᠠ ᠠᠵᠢᠯ ᠡᠮᠬᠢ ᠵᠢᠷᠤᠮ ᠲᠠᠢ ᠶᠠᠪᠤᠭᠳᠠᠨ᠎ᠠ…      ᠪᠦᠬᠦ ᠬᠤᠰᠢᠭᠤ ᠭᠤᠤᠯᠳᠠᠯᠭ᠎ᠠ ᠲᠠᠢ ᠲᠦᠷᠦᠯ ᠵᠦᠢᠯ ᠢ 65 ᠰᠢᠨ᠎ᠡ ᠪᠠᠷ ᠪᠣᠶᠤ ᠰᠡᠷᠭᠦᠭᠡᠨ ᠪᠦᠲᠦᠭᠡᠨ ᠪᠠᠶᠢᠭᠤᠯᠵᠤ᠂ ᠨᠡᠶᠢᠲᠡ46.05 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠪᠡ᠃ ᠡᠭᠦᠨ  ᠳᠤ᠂ ᠪᠦᠬᠦ ᠬᠤᠰᠢᠭᠤᠨ ᠤ ᠲᠠᠪᠤᠨ ᠠᠵᠤ ᠦᠢᠯᠡᠰ ᠤᠨ ᠬᠡᠯᠬᠢᠶ᠎ᠡ ᠶᠢᠨ26 ᠭᠤᠤᠯᠳᠠᠯᠭ᠎ᠠ ᠲᠠᠢ ᠲᠦᠷᠦᠯ ᠵᠦᠢᠯ ᠢ ᠨᠢᠭᠡᠨᠲᠡ ᠰᠢᠨ᠎ᠡ ᠪᠠᠷ ᠪᠣᠶᠤ ᠰᠡᠷᠭᠦᠭᠡᠨ ᠪᠦᠲᠦᠭᠡᠨ ᠪᠠᠶᠢᠭᠤᠯᠵᠤ᠂ ᠨᠡᠶᠢᠲᠡ25.26 ᠳ᠋ᠦᠩᠰᠢᠭᠤᠷ ᠲᠦᠭᠦᠷᠢᠭ ᠪᠡᠯᠡ ᠣᠷᠤᠭᠤᠯᠤᠯᠲᠠ ᠶᠢ ᠪᠡᠶᠡᠯᠡᠭᠦᠯᠪᠡ…  ᠪᠦᠯᠦᠭ ᠪᠦᠯᠦᠭ ᠲᠤᠭ᠎ᠠ ᠪᠠᠷᠢᠮᠳᠠ ᠨᠠᠢᠮᠠᠨ ᠬᠤᠰᠢᠭᠤᠨ ᠤ ᠲᠦᠷᠦᠯ ᠵᠦᠢᠯ  ᠤᠨ ᠪᠦᠲᠦᠭᠡᠨ ᠪᠠᠶᠢᠭᠤᠯᠤᠯᠲᠠ ᠶᠢᠨ ᠬᠦᠭᠵᠢᠯᠲᠡ ᠶᠢᠨ ᠦᠷ᠎ᠡ ᠪᠦᠲᠦᠮᠵᠢ ᠶᠢ ᠭᠡᠷᠡᠴᠢᠯᠡᠵᠦ᠂ ᠴᠢᠨᠠᠷ ᠰᠠᠶᠢᠲᠠᠢ ᠬᠦᠭᠵᠢᠯᠲᠡ ᠲᠡᠰᠢ ᠬᠦᠴᠦᠯᠡᠨ ᠤᠷᠤᠭᠰᠢᠯᠠᠬᠤ ᠪᠦᠷᠢᠶ᠎ᠡ ᠶᠢᠨ ᠳᠠᠭᠤᠨ ᠨᠠᠢᠮᠠᠨ ᠬᠤᠰᠢᠭᠤᠨ ᠳᠤ ᠴᠤᠤᠷᠢᠶᠠᠳᠤᠨ᠎ᠠ︕     ᠳᠠᠪᠠᠭᠤᠯᠢᠭ ᠠᠵᠤ ᠦᠢᠯᠡᠰ ᠲᠡᠭᠡᠨ ᠲᠦᠰᠢᠭᠯᠡᠨ ᠬᠡᠯᠬᠢᠶᠡᠰᠦ ᠶᠢ ᠪᠦᠷᠢᠯᠳᠦᠭᠦᠯᠵᠦ ᠬᠦᠭᠵᠢᠯᠲᠡ ᠶᠢᠨ ︽ᠰᠢᠨ᠎ᠡ ᠬᠦᠳᠡᠯᠭᠡᠭᠦᠷ︾ ᠢ ᠡᠭᠦᠳᠪᠡ     6 ᠰᠠᠷ᠎ᠠ ᠶᠢᠨ7 ᠤ ᠦᠳᠡ ᠳᠤ᠂ ᠨᠢᠵᠢᠭᠢᠨᠡᠭᠰᠡᠨ ᠫᠣᠣᠵᠢᠩ ᠤᠨ ᠳᠠᠭᠤᠨ ᠳᠤ᠂ ᠳᠦᠭᠦᠷᠡᠩ ᠠᠴᠢᠶ᠎ᠠ ᠲᠠᠢ ᠲᠣᠮᠤ ᠠᠴᠢᠶᠠᠨ ᠤ ᠮᠠᠰᠢᠨ ᠲᠡᠷᠭᠡ ᠦᠪᠦᠷ ᠮᠤᠩᠭᠤᠯ ᠤᠨ ᠸᠠᠩ ᠨᠢᠦ ᠢᠳᠡᠭᠡᠨ ᠤ ᠬᠢᠵᠠᠭᠠᠷᠲᠤ ᠺᠣᠮᠫᠠᠨᠢ ᠠᠴᠠ ᠭᠠᠷᠴᠤ ᠬᠦᠳᠡᠯᠪᠡ᠂ ᠲᠡᠷᠭᠡᠨ ᠤ ᠡᠮᠦᠨ᠎ᠡ ᠡᠯᠭᠦᠭᠰᠡᠨ ︽ᠸᠠᠩ ᠨᠢᠦ ᠢᠳᠡᠭᠡᠨ ᠤ ᠵᠦᠢᠯ ᠤᠨ ᠪᠦᠲᠦᠭᠡᠭᠳᠡᠭᠦᠨ ᠢ ᠺᠤᠷᠢᠶᠠ ᠳᠤ ᠭᠠᠷᠭᠠᠬᠤ ᠲᠦᠷᠦᠭᠦᠦ ᠲᠡᠷᠭᠡ ᠬᠦᠳᠡᠯᠦᠯ᠎ᠡ︾ ᠭᠡᠰᠡᠨ ᠬᠦᠨᠳᠡᠯᠡᠨ ᠪᠢᠴᠢᠭᠡᠰᠦ ᠬᠦᠮᠦᠰ ᠤᠨ ᠬᠠᠷᠠᠭ᠎ᠠ ᠶᠢ ᠳᠠᠳᠠᠵᠤ᠂ ᠡᠨᠡ ᠨᠢ ᠨᠠᠢᠮᠠᠨ ᠬᠤᠰᠢᠭᠤᠨ ᠤ ᠪᠠᠰᠠ ᠨᠢᠭᠡᠨ ᠲᠠᠷᠢᠶᠠᠯᠠᠩ ᠤᠨ ᠪᠦᠲᠦᠭᠡᠭᠳᠡᠭᠦᠨ ᠭᠠᠳᠠᠭᠠᠳᠤ ᠤᠯᠤᠰ  ᠲᠤ ᠪᠣᠷᠤᠯᠠᠭᠤᠯᠤᠭᠳᠠᠭᠰᠠᠨ ᠢ ᠪᠡᠯᠭᠡᠳᠡᠨ᠎ᠡ᠃     ᠡᠨᠡ ᠵᠢᠯ᠂ ᠨᠠᠢᠮᠠᠨ ᠬᠤᠰᠢᠭᠤ ᠪᠦᠬᠦ ᠬᠤᠲᠠ ᠶᠢᠨ ︽ᠲᠠᠪᠤ ᠶᠢ ᠤᠶᠠᠯᠳᠤᠭᠤᠯᠬᠤ︾ ᠶᠢ ᠠᠬᠢᠭᠤᠯᠬᠤ ᠪᠠᠷ ᠶᠢᠰᠦᠨ ᠪᠦᠬᠦ ᠠᠵᠤ ᠦᠢᠯᠡᠰ ᠤᠨ ᠬᠡᠯᠬᠢᠶ᠎ᠡ ᠶᠢ ᠡᠭᠦᠳᠬᠦ ᠪᠠᠶᠢᠯᠳᠤᠬᠤ ᠪᠣᠳᠤᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ︽ᠠᠵᠤ ᠦᠢᠯᠡᠰ ᠢᠶᠠᠷ ᠲᠤᠯᠭᠠᠭᠤᠷᠢᠯᠠᠬᠤ᠂ ᠬᠦᠷᠢᠶᠡᠯᠡᠩ ᠲᠣᠭᠤᠷᠢᠭ ᠢᠶᠠᠷ ᠳᠠᠶᠢᠴᠢᠯᠠᠬᠤ᠂ ᠰᠢᠨᠵᠢᠯᠡᠭᠡ ᠮᠡᠷᠭᠡᠵᠢᠯ ᠢᠶᠠᠷ ᠤᠳᠤᠷᠢᠳᠤᠨ ᠳᠠᠭᠠᠭᠤᠯᠬᠤ᠂ ᠦᠢᠯᠡᠴᠢᠯᠡᠭᠡ ᠪᠠᠷ ᠪᠠᠲᠤᠯᠠᠭ᠎ᠠ ᠬᠠᠩᠭᠠᠬᠤ︾ ᠬᠦᠭᠵᠢᠯᠲᠡ  ᠶᠢᠨ ᠰᠡᠳᠭᠢᠴᠡ ᠶᠢ ᠲᠣᠳᠤᠳᠬᠠᠵᠤ᠂ ᠪᠣᠬᠢᠷᠲᠤᠯ ᠦᠭᠡᠢ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ᠂ ᠮᠤᠩᠭᠤᠯ ᠬᠢᠲᠠᠳ ᠡᠮ ᠤᠨ ᠮᠠᠲ᠋ᠧᠷᠢᠶᠠᠯ᠂ ᠨᠢᠺᠧᠯ ᠤᠨ ᠬᠠᠶᠢᠯᠤᠰᠢ ᠶᠢᠨ ᠰᠢᠨ᠎ᠡ ᠮᠠᠲ᠋ᠧᠷᠢᠶᠠᠯ᠂ ᠡᠯᠡᠰᠦᠨ ᠠᠵᠤ ᠦᠢᠯᠡᠰ ᠪᠠ ᠦᠨᠳᠦᠰᠦᠲᠡᠨ ᠤ ᠰᠣᠶᠣᠯ ᠵᠤᠭᠠᠴᠠᠯ ᠲᠠᠪᠤᠨ ᠪᠦᠬᠦ ᠠᠵᠤ ᠦᠢᠯᠡᠰ ᠤᠨ ᠬᠡᠯᠬᠢᠶ᠎ᠡ ᠶᠢ ᠲᠦᠯᠦᠪᠵᠢᠭᠦᠯᠪᠡ᠃ ᠬᠠᠮᠲᠤ ᠳᠤᠨᠢ᠂ ᠲᠠᠪᠤᠨ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠭᠤᠷᠪᠠᠨ ᠵᠢᠯ ᠤᠨ ᠳᠣᠲᠤᠷ᠎ᠠ ᠭᠤᠤᠯᠳᠠᠯᠭ᠎ᠠ ᠲᠠᠢ ᠲᠦᠷᠦᠯ ᠵᠦᠢᠯ ᠢ48 ᠬᠡᠷᠡᠭᠵᠢᠭᠦᠯᠬᠦ ᠪᠠᠷ ᠲᠦᠯᠦᠪᠯᠡᠵᠦ᠂ ᠨᠡᠶᠢᠲᠡ369 ᠳ᠋ᠦᠩᠰᠢᠭᠤᠷ ᠲᠦᠭᠦᠷᠢᠭ ᠪᠡᠯᠡ ᠣᠷᠤᠭᠤᠯᠬᠤ ᠪᠠᠷ ᠪᠣᠢ᠂ ᠡᠭᠦᠨ ᠳᠤ2018 ᠣᠨ  ᠳᠤ ᠨᠡᠶᠢᠲᠡ76.2 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠦᠨ᠎ᠡ᠃     ᠰᠡᠳᠭᠢᠴᠡ ᠭᠠᠷᠬᠤ ᠵᠠᠮ ᠢ ᠲᠣᠭᠲᠠᠭᠠᠨ᠎ᠠ᠃ ᠬᠡᠯᠬᠢᠶᠡᠰᠦ ᠮᠠᠶ᠋ᠢᠭ ᠤᠨ ᠬᠦᠭᠵᠢᠯᠲᠡ ᠶᠢᠨ ᠵᠠᠮ ᠳᠤ ᠣᠷᠤᠭᠰᠠᠨ ᠨᠠᠢᠮᠠᠨ ᠬᠤᠰᠢᠭᠤ᠂ ᠴᠢᠨᠠᠷ ᠰᠠᠶᠢᠲᠠᠢ ᠬᠦᠭᠵᠢᠯᠲᠡ ᠶᠢᠨ ᠲᠣᠭᠤᠷᠢᠨ ᠳᠤ᠂ ᠰᠢᠨ᠎ᠡ ᠰᠡᠳᠭᠢᠴᠡ ᠶᠢ ᠪᠦᠷᠢᠯᠳᠦᠭᠦᠯᠦᠨ᠂ ᠰᠢᠨ᠎ᠡ ᠠᠷᠭ᠎ᠠ ᠪᠣᠳᠤᠯᠭ᠎ᠠ ᠶᠢ ᠬᠡᠷᠡᠭᠵᠢᠭᠦᠯᠪᠡ᠃     ᠣᠳᠣᠬᠠᠨ ᠳᠤ᠂ ᠯᠢᠩ ᠶᠦᠨ ᠬᠠᠢ ᠰᠢᠬᠢᠷ ᠤᠨ ᠦᠢᠯᠡᠰ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ  ᠶᠢ ᠤᠳᠠᠯ ᠦᠭᠡᠢ ᠳᠠᠭᠤᠰᠬᠠᠵᠤ᠂ ᠨᠢᠺᠧᠯ ᠾᠷᠣᠮ ᠤᠨ ᠨᠡᠶᠢᠯᠡᠮᠡᠯ ᠮᠠᠲ᠋ᠧᠷᠢᠶᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠶᠠᠭ ᠰᠠᠶ᠋ᠢᠬᠠᠨ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃ ᠣᠳᠤᠬᠠᠨ ᠪᠣᠯᠲᠠᠯ᠎ᠠ᠂ ᠲᠠᠪᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ26 ᠲᠦᠷᠦᠯ ᠵᠦᠢᠯ ᠢ ᠨᠢᠭᠡᠨᠲᠡ ᠰᠢᠨ᠎ᠡ ᠪᠠᠷ ᠪᠣᠶᠤ ᠰᠡᠷᠭᠦᠭᠡᠨ ᠪᠦᠲᠦᠭᠡᠨ ᠪᠠᠶᠢᠭᠤᠯᠵᠤ᠂ ᠨᠡᠶᠢᠲᠡ25.26 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠪᠡ᠃     ᠬᠤᠳᠠᠯᠳᠤᠭᠠᠴᠢᠨ ᠤᠷᠢᠵᠤ ᠪᠡᠯᠡ ᠮᠦᠩᠭᠦ ᠣᠷᠤᠭᠤᠯᠤᠨ ᠠᠪᠴᠢᠷᠠᠬᠤ ᠶᠢ ᠶᠡᠭᠡᠰᠭᠡᠵᠦ ᠬᠡᠯᠬᠢᠶᠡᠰᠦ ᠶᠢ ᠬᠦᠴᠦᠷᠭᠡᠭᠵᠢᠬᠦᠯᠵᠦ ᠠᠵᠤ ᠦᠢᠯᠡᠰ ᠤᠨ ︽ᠳᠡᠰ ᠳᠡᠪᠰᠢᠬᠦ ᠵᠠᠭᠪᠤᠷ︾ ᠢ ᠡᠭᠦᠳᠪᠡ     7 ᠰᠠᠷ᠎ᠠ ᠶᠢᠨ10 ᠤ ᠡᠳᠦᠷ᠂ ᠨᠠᠢᠮᠠᠨ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ  ᠤᠨA ᠲᠣᠭᠤᠷᠢᠭ ᠤᠨ ᠳᠣᠲᠤᠷ᠎ᠠ᠂ ᠤᠳᠬᠤᠭᠤᠷ ᠲᠡᠷᠭᠡ ᠴᠤᠭᠯᠠᠷᠠᠨ᠂ ᠶᠣᠰᠤᠯᠠᠯ ᠤᠨ ᠫᠣᠣᠵᠢᠩ ᠲᠦᠷᠴᠢᠭᠢᠨᠡᠵᠦ᠂ ᠶᠡᠷᠦᠩᠬᠡᠢ ᠪᠡᠯᠡ ᠣᠷᠤᠭᠤᠯᠤᠯᠲᠠ ᠨᠢ1.1 ᠳ᠋ᠦᠩᠰᠢᠭᠤᠷ ᠲᠦᠭᠦᠷᠢᠭ ᠤᠨ ᠮᠧᠩ ᠵᠢᠢ ᠲᠠᠩ ᠡᠮ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠰᠢᠷᠤᠢ ᠬᠦᠳᠡᠯᠭᠡᠨ ᠠᠵᠢᠯ ᠡᠬᠢᠯᠡᠬᠦᠯᠵᠦ᠂ ᠪᠦᠬᠦ ᠬᠤᠰᠢᠭᠤᠨ ᠤ ᠮᠤᠩᠭᠤᠯ ᠬᠢᠲᠠᠳ ᠡᠮ ᠤᠨ ᠮᠠᠲ᠋ᠧᠷᠢᠶᠠᠯ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠦᠭᠵᠢᠯᠲᠡ  ᠳᠤ ᠴᠢᠬᠤᠯᠠ ᠨᠢᠭᠡ ᠠᠯᠬᠤᠮ ᠢ ᠠᠯᠬᠤᠪᠠ᠃     ᠨᠢᠭᠡ ᠲᠦᠷᠦᠯ ᠵᠦᠢᠯ ᠨᠢ ᠳᠠᠷᠤᠢ ᠨᠢᠭᠡ ᠠᠵᠤ ᠠᠬᠤᠢ ᠶᠢᠨ ᠨᠡᠮᠡᠭᠳᠡᠯ ᠤᠨ ᠴᠡᠭ ᠪᠣᠯᠤᠨ᠎ᠠ᠃ ᠵᠢᠯ ᠤᠨ ᠡᠬᠢᠨ  ᠠᠴᠠ ᠨᠠᠭᠠᠰᠢ᠂ ᠨᠠᠢᠮᠠᠨ ᠬᠤᠰᠢᠭᠤ ᠲᠠᠪᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠬᠤᠳᠠᠯᠳᠤᠭᠠᠴᠢᠨ ᠤᠷᠢᠵᠤ ᠪᠡᠯᠡ ᠮᠦᠩᠭᠦ ᠣᠷᠤᠭᠤᠯᠤᠨ ᠠᠪᠴᠢᠷᠠᠬᠤ ᠠᠵᠢᠯ ᠢ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠬᠤᠳᠠᠯᠳᠤᠭᠠᠴᠢᠨ ᠤᠷᠢᠵᠤ ᠪᠡᠯᠡ ᠮᠦᠩᠭᠦ ᠣᠷᠤᠭᠤᠯᠤᠨ ᠠᠪᠴᠢᠷᠠᠬᠤ ᠠᠵᠢᠯ ᠤᠨ ᠲᠣᠭᠲᠠᠴᠠ ᠪᠣᠯᠤᠨ ᠠᠷᠭ᠎ᠠ ᠬᠡᠯᠪᠡᠷᠢ ᠪᠠᠨ ᠲᠠᠰᠤᠷᠠᠯᠲᠠ ᠦᠭᠡᠢ ᠰᠢᠨᠡᠳᠭᠡᠵᠦ᠂ ᠬᠤᠳᠠᠯᠳᠤᠭᠠᠴᠢᠨ ᠤᠷᠢᠵᠤ ᠪᠡᠯᠡ ᠮᠦᠩᠭᠦ ᠣᠷᠤᠭᠤᠯᠤᠨ ᠠᠪᠴᠢᠷᠠᠭᠰᠠᠨ ᠵᠦᠪᠲᠡᠯᠴᠡᠭᠡᠷ ᠤᠨ ᠲᠦᠷᠦᠯ ᠵᠦᠢᠯ᠂ ᠵᠦᠪᠲᠡᠯᠴᠡᠭᠡᠷ ᠲᠣᠭᠲᠠᠭᠰᠠᠨ ᠲᠦᠷᠦᠯ ᠵᠦᠢᠯ᠂ ᠠᠵᠢᠯ ᠡᠬᠢᠯᠡᠭᠦᠯᠦᠭᠰᠡᠨ ᠲᠦᠷᠦᠯ ᠵᠦᠢᠯ᠂ ᠣᠷᠤᠨ ᠪᠠᠶᠢᠷᠢ ᠳᠠᠭᠠᠨ ᠬᠦᠷᠦᠭᠰᠡᠨ ᠪᠡᠯᠡ ᠮᠦᠩᠭᠦ4 ᠲᠦᠷᠦᠯ  ᠤᠨ ᠵᠢᠭᠠᠯᠲᠠ ᠲᠤᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠴᠢᠷᠮᠠᠶᠢᠨ ᠪᠡᠶᠡᠯᠡᠭᠦᠯᠪᠡ᠃      ︽ᠤᠯᠠᠮᠵᠢᠯᠠᠯᠲᠤ ᠬᠤᠳᠠᠯᠳᠤᠭᠠᠴᠢᠨ ᠤᠷᠢᠬᠤ ᠵᠠᠭᠪᠤᠷ ᠲᠠᠢ ᠠᠳᠠᠯᠢᠳᠬᠠᠪᠠᠯ᠂ ᠠᠵᠤ ᠦᠢᠯᠡᠰ ᠤᠨ ᠬᠡᠯᠬᠢᠶᠡᠰᠦ ᠪᠠᠷ ᠬᠤᠳᠠᠯᠳᠤᠭᠠᠴᠢᠨ ᠤᠷᠢᠬᠤ ᠨᠢ ᠭᠠᠵᠠᠷ ᠰᠢᠷᠤᠢ᠂ ᠭᠠᠶᠢᠯᠢ ᠵᠡᠷᠭᠡ ᠲᠦᠷᠦ ᠶᠢᠨ ᠪᠣᠳᠤᠯᠭ᠎ᠠ ᠶᠢᠨ ᠬᠠᠷᠠᠭᠠᠯᠵᠠᠯ ᠢᠶᠠᠷ ᠲᠠᠲᠠᠬᠤ ᠪᠢᠰᠢ᠂ ᠬᠠᠷᠢᠨ ᠠᠵᠤ ᠦᠢᠯᠡᠰ ᠤᠨ ᠬᠡᠯᠬᠢᠶᠡᠰᠦ ᠢᠶᠠᠷ ᠰᠠᠭᠤᠷᠢ ᠪᠣᠯᠭᠠᠵᠤ᠂ ᠠᠵᠤ ᠠᠬᠤᠶᠢᠯᠠᠯ ᠢ ᠲᠣᠭᠲᠠᠭᠠᠵᠤ᠂ ᠠᠵᠤ ᠦᠢᠯᠡᠰ ᠤᠨ ᠰᠦᠷᠦᠭᠵᠢᠯ ᠢ ᠡᠭᠦᠳᠬᠦ ᠪᠠᠷ ᠲᠠᠲᠠᠵᠤ ᠪᠠᠶᠢᠨ᠎ᠠ︾ ᠭᠡᠵᠦ ᠲᠤᠰ ᠬᠤᠰᠢᠭᠤᠨ ᠤ ᠬᠤᠳᠠᠯᠳᠤᠭᠠᠴᠢᠨ ᠤᠷᠢᠵᠤ ᠪᠡᠯᠡ ᠮᠦᠩᠭᠦ ᠣᠷᠤᠭᠤᠯᠤᠨ ᠠᠪᠴᠢᠷᠠᠬᠤ ᠲᠣᠪᠴᠢᠶ᠎ᠠ ᠶᠢᠨ ᠳᠡᠳ᠋ ᠳᠠᠷᠤᠭ᠎ᠠ ᠸᠠᠩ ᠫᠢᠩ ᠬᠡᠯᠡᠨ᠎ᠡ᠃      ᠨᠠᠢᠮᠠᠨ ᠬᠤᠰᠢᠭᠤ ᠨᠢᠭᠡ ᠲᠦᠭᠦᠷ ᠪᠦᠷᠢᠨ ᠲᠡᠭᠦᠯᠳᠡᠷ᠂ ᠢᠯᠡ ᠲᠣᠳᠤᠷᠬᠠᠢ᠂ ᠠᠷᠢᠭᠤᠨ ᠴᠢᠭᠡᠴᠢ ᠬᠤᠳᠠᠯᠳᠤᠭᠠᠴᠢᠨ ᠤᠷᠢᠵᠤ ᠪᠡᠯᠡ ᠮᠦᠩᠭᠦ ᠣᠷᠤᠭᠤᠯᠤᠨ ᠠᠪᠴᠢᠷᠠᠬᠤ ᠰᠢᠨ᠎ᠡ ᠰᠢᠪᠲᠤᠯᠤᠯᠲᠠ ᠶᠢ ᠪᠡᠶᠡᠯᠡᠭᠦᠯᠪᠡ᠃ ᠵᠢᠯ ᠤᠨ ᠡᠬᠢᠨ ᠠᠴᠠ ᠨᠠᠭᠠᠰᠢ᠂ ᠪᠦᠬᠦ ᠬᠤᠰᠢᠭᠤ ᠬᠤᠳᠠᠯᠳᠤᠭᠠᠴᠢᠨ ᠤᠷᠢᠵᠤ ᠪᠡᠯᠡ ᠮᠦᠩᠬᠦ ᠣᠷᠤᠭᠤᠯᠤᠨ ᠠᠪᠴᠢᠷᠠᠭᠰᠠᠨ ᠰᠢᠨ᠎ᠡ ᠵᠦᠪᠲᠡᠯᠴᠡᠭᠡᠷ ᠲᠣᠭᠲᠠᠭᠰᠠᠨ ᠲᠦᠷᠦᠯ ᠵᠦᠢᠯ19 ᠪᠠᠶᠢᠵᠤ᠂ ᠵᠦᠪᠲᠡᠯᠴᠡᠭᠡᠷ ᠲᠣᠭᠳᠠᠭᠰᠠᠨ ᠶᠡᠷᠦᠩᠬᠡᠢ ᠨᠤᠷᠮ᠎ᠠ105.88 ᠳ᠋ᠦᠩᠰᠢᠭᠤᠷ ᠲᠦᠭᠦᠷᠢᠭ ᠲᠤ ᠬᠦᠷᠦᠭᠰᠡᠨ ᠪᠠᠶᠢᠨ᠎ᠠ᠃     ᠬᠦᠭᠵᠢᠯᠲᠡ ᠶᠢᠨ ᠳᠤᠲᠠᠭᠳᠠᠯ ᠲᠠᠢ ᠲᠠᠯ᠎ᠠ ᠶᠢ ᠡᠷᠢᠵᠦ ᠬᠡᠯᠬᠢᠶᠡᠰᠦ ᠶᠢ ᠨᠦᠬᠦᠪᠦᠷᠢᠯᠡᠵᠦ ᠬᠦᠭᠵᠢᠯᠲᠡ ᠶᠢᠨ ︽ᠰᠢᠨ᠎ᠡ ᠬᠦᠳᠡᠯᠭᠡᠭᠴᠢ ᠬᠦᠴᠦᠨ︾ ᠢ ᠬᠦᠭᠵᠢᠭᠡᠪᠡ     8 ᠰᠠᠷ᠎ᠠ ᠶᠢᠨ3 ᠤ ᠡᠳᠦᠷ᠂ ᠪᠠᠷᠤᠭ40 ᠭᠷᠠᠳᠦ᠋ᠰ ᠤᠨ ᠦᠨᠳᠦᠷ ᠬᠠᠯᠠᠭᠤᠨ ᠳᠤ᠂ ᠨᠠᠢᠮᠠᠨ ᠬᠤᠰᠢᠭᠤᠨ ᠤ  ᠲᠠᠢ ᠱᠠᠨ66 ᠺᠢᠯᠣᠸᠠᠯᠲ ᠤᠨ ᠴᠠᠬᠢᠯᠭᠠᠨ ᠬᠦᠷᠭᠡᠬᠦ ᠢᠨᠵᠧᠨᠧᠷᠢᠩ ᠤᠨ ᠪᠠᠷᠢᠯᠭ᠎ᠠ ᠶᠢᠨ ᠭᠠᠵᠠᠷ ᠲᠤ ᠬᠦᠷ ᠬᠦᠭᠵᠢᠶᠡᠨ ᠲᠠᠢ ᠪᠠᠶᠢᠵᠤ᠂ ᠠᠵᠢᠯᠴᠢᠳ ᠶᠠᠭ ᠲᠣᠨᠤᠭ ᠲᠦᠬᠦᠭᠡᠷᠦᠮᠵᠢ ᠶᠢᠨ ᠰᠠᠭᠤᠷᠢ ᠪᠣᠯᠤᠨ ᠭᠡᠷ ᠪᠠᠶᠢᠰᠢᠩ ᠤᠨ ᠰᠠᠭᠤᠷᠢ ᠶᠢ ᠴᠢᠳᠬᠤᠬᠤ ᠠᠵᠢᠯ ᠳᠤ ᠶᠠᠭᠠᠷᠠᠯᠳᠤᠨ᠎ᠠ᠃     ᠲᠠᠢ ᠱᠠᠨ66 ᠺᠢᠯᠣᠸᠠᠯᠲ ᠤᠨ ᠴᠠᠬᠢᠯᠭᠠᠨ ᠬᠦᠷᠭᠡᠬᠦ ᠢᠨᠵᠧᠨᠧᠷᠢᠩ ᠪᠤᠯ ᠲᠤᠰ ᠬᠤᠰᠢᠭᠤᠨ ᠤ ᠡᠨᠡ ᠵᠢᠯ ᠤᠨ ᠴᠠᠬᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠭᠤᠷᠪᠠᠨ ᠶᠡᠭᠡ ᠢᠨᠵᠧᠨᠧᠷᠢᠩ ᠤᠨ ᠨᠢᠭᠡ ᠪᠣᠯᠤᠨ᠎ᠠ᠃ ᠪᠦᠬᠦ ᠢᠨᠵᠧᠨᠧᠷᠢᠩ ᠨᠢ ᠴᠠᠬᠢᠯᠭᠠᠨ ᠬᠤᠪᠢᠰᠬᠠᠬᠤ ᠦᠷᠲᠡᠭᠡ ᠶᠢ ᠰᠢᠨ᠎ᠡ ᠪᠠᠷ ᠬᠤᠶᠠᠷ ᠰᠠᠭᠤᠷᠢ ᠪᠠᠶᠢᠭᠤᠯᠬᠤ ᠪᠣᠶᠤ ᠦᠭᠡᠷᠡᠴᠢᠯᠡᠨ ᠪᠠᠶᠢᠭᠤᠯᠵᠤ᠂ ᠨᠡᠶᠢᠲᠡ3700 ᠲᠦᠮᠡᠨ ᠲᠦᠭᠦᠷᠢᠭ ᠪᠡᠯᠡ ᠣᠷᠤᠭᠤᠯᠵᠤ᠂ ᠡᠨᠡ ᠵᠢᠯ ᠤᠨ ᠡᠴᠦᠰ ᠪᠣᠯᠲᠠᠯ᠎ᠠ ᠠᠰᠢᠭᠯᠠᠯᠲᠠ ᠳᠤ ᠣᠷᠤᠬᠤ ᠪᠠᠷ ᠲᠦᠯᠦᠪᠯᠡᠵᠦ ᠪᠠᠶᠢᠨ᠎ᠠ᠃ ᠡᠭᠦᠨ ᠠᠴᠠ ᠭᠠᠳᠠᠨ᠎ᠠ᠂ ᠲᠤᠰ ᠬᠤᠰᠢᠭᠤ ᠪᠠᠰᠠ17 ᠳ᠋ᠦᠩᠰᠢᠭᠤᠷ ᠲᠦᠭᠦᠷᠢᠭ ᠪᠡᠯᠡ ᠣᠷᠤᠭᠤᠯᠵᠤ᠂ ᠨᠠᠢᠮᠠᠨ ᠬᠤᠰᠢᠭᠤᠨ ᠤ500 ᠺᠢᠯᠣᠸᠠᠯᠲ ᠤᠨ ᠴᠠᠬᠢᠯᠭᠠᠨ ᠬᠦᠷᠭᠡᠬᠦ ᠢᠨᠵᠧᠨᠧᠷᠢᠩ  ᠪᠣᠯᠤᠨ ᠪᠡᠭᠡᠵᠢᠩ ᠠᠴᠠ ᠲᠦᠩᠯᠢᠶᠣᠣ ᠬᠦᠷᠬᠦ ᠲᠡᠮᠦᠷ ᠵᠠᠮ ᠤᠨ ᠴᠠᠬᠢᠯᠭᠠᠨ ᠬᠠᠩᠭᠠᠬᠤ ᠢᠨᠵᠧᠨᠧᠷᠢᠩ ᠢ ᠠᠬᠢᠭᠤᠯᠵᠤ᠂ ᠲᠠᠪᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠪᠣᠯᠤᠨ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠳᠤ ᠭᠦᠢᠴᠡᠳ ᠴᠠᠬᠢᠯᠭᠠᠨ ᠤ ᠬᠦᠴᠦᠨ ᠨᠦᠬᠦᠪᠦᠷᠢᠯᠡᠬᠦ ᠪᠠᠷ ᠲᠦᠯᠦᠪᠯᠡᠵᠦ ᠪᠠᠶᠢᠨ᠎ᠠ᠃      ᠴᠠᠬᠢᠯᠭᠠᠨ ᠬᠦᠴᠦᠨ ᠤ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠨᠢ ᠵᠦᠪᠬᠡᠨ ᠨᠠᠢᠮᠠᠨ ᠬᠤᠰᠢᠭᠤᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠭᠰᠠᠨ ᠤ ᠴᠣᠮᠬᠠᠳᠬᠠᠯ ᠪᠣᠯᠤᠨ᠎ᠠ᠃      ᠡᠨᠡ ᠵᠢᠯ᠂ ᠲᠤᠰ ᠬᠤᠰᠢᠭᠤ ᠪᠠᠰᠠ ᠬᠦᠭᠵᠢᠯᠲᠡ ᠶᠢᠨ ᠬᠡᠷᠡᠭᠴᠡᠭᠡ ᠠᠴᠠ ᠪᠠᠨ ᠡᠭᠦᠰᠴᠦ᠂ ᠵᠠᠰᠠᠮᠠᠯ ᠵᠠᠮ ᠲᠡᠮᠦᠷ ᠵᠠᠮ᠂ ᠨᠢᠰᠭᠡᠯ ᠤᠨ ᠲᠠᠯᠠᠪᠠᠢ᠂ ᠪᠣᠵᠠᠷ ᠤᠰᠤ ᠰᠢᠢᠳᠪᠦᠷᠢᠯᠡᠬᠦ ᠵᠡᠷᠭᠡ ᠲᠦᠷᠦᠯ ᠵᠦᠢᠯ ᠤᠨ ᠰᠠᠭᠤᠷᠢ ᠲᠦᠬᠦᠭᠡᠷᠦᠮᠵᠢ ᠶᠢᠨ ᠲᠦᠷᠦᠯ ᠵᠦᠢᠯ ᠢ21 ᠬᠡᠷᠡᠭᠵᠢᠭᠦᠯᠵᠦ᠂ ᠮᠤᠩᠭᠤᠯ ᠡᠮ ᠤᠨ ᠮᠠᠲ᠋ᠧᠷᠢᠶᠠᠯ ᠤᠨ ᠬᠤᠲᠠ᠂ ᠦᠪᠦᠷ ᠮᠤᠩᠭᠤᠯ ᠤᠨ ᠵᠡᠭᠦᠨ ᠬᠡᠰᠡᠭ ᠤᠨ ᠣᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠵᠤ ᠦᠢᠯᠡᠳᠪᠦᠷᠢ  ᠶᠢᠨ ᠬᠦᠷᠢᠶᠡᠯᠡᠩ᠂ ᠬᠠᠯᠠᠭᠤᠨ ᠷᠠᠰᠢᠶᠠᠨ ᠤ ᠵᠣᠴᠢᠳ ᠤᠨ ᠪᠠᠭᠤᠳᠠᠯ ᠵᠡᠷᠭᠡ ᠣᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠦᠷᠦᠯ ᠵᠦᠢᠯ ᠢ7 ᠬᠡᠷᠡᠭᠵᠢᠭᠦᠯᠵᠦ᠂ ᠲᠠᠪᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠦᠭᠵᠢᠯᠲᠡ  ᠶᠢᠨ ᠳᠤᠲᠠᠭᠳᠠᠯ ᠲᠠᠢ ᠲᠠᠯ᠎ᠠ ᠶᠢ ᠪᠦᠬᠦ ᠬᠦᠴᠦᠨ ᠢᠶᠠᠷ ᠨᠦᠬᠦᠪᠦᠷᠢᠯᠡᠵᠦ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号