ᠨᠠᠢᠮᠠᠨ ᠬᠤᠰᠢᠭᠤ ᠡᠷᠡᠭᠦᠯ ᠴᠢᠬᠢᠷᠠᠭ ᠢᠶᠠᠷ ᠶᠠᠳᠠᠭᠤ ᠶᠢ ᠲᠡᠳᠭᠦᠬᠦ  ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2018-08-28
                ᠨᠠᠢᠮᠠᠨ ᠬᠤᠰᠢᠭᠤ ᠡᠷᠡᠭᠦᠯ ᠴᠢᠬᠢᠷᠠᠭ ᠢᠶᠠᠷ ᠶᠠᠳᠠᠭᠤ ᠶᠢ ᠲᠡᠳᠭᠦᠬᠦ                 ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ ᠪᠠᠶᠢᠨ᠎ᠠ      ᠨᠠᠢᠮᠠᠨ ᠬᠤᠰᠢᠭᠤ2018 ᠤᠨ ᠳᠤ᠂ ᠡᠪᠡᠳᠴᠢᠨ ᠠᠴᠠ ᠪᠣᠯᠵᠤ ᠶᠠᠳᠠᠭᠤᠷᠠᠭᠰᠠᠨ ᠪᠠ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠭᠰᠠᠨ ᠡᠪᠡᠳᠴᠢᠲᠡᠨ ᠤ ᠡᠪᠡᠳᠴᠢᠨ ᠢ ᠨᠢ ᠵᠠᠰᠠᠵᠤ ᠶᠠᠳᠠᠭᠤ ᠠᠴᠠ ᠠᠩᠭᠢᠵᠢᠷᠠᠭᠤᠯᠬᠤ ᠶᠢᠨ ᠲᠦᠯᠦᠭᠡ᠂ ᠡᠷᠡᠭᠦᠯ ᠴᠢᠬᠢᠷᠠᠭ ᠢᠶᠠᠷ ᠶᠠᠳᠠᠭᠤ ᠶᠢ ᠲᠡᠳᠭᠦᠬᠦ ᠢᠨᠵᠧᠨᠧᠷᠢᠩ ᠢ ᠪᠦᠲᠦᠮᠵᠢᠲᠡᠢ ᠬᠡᠷᠡᠭᠵᠢᠭᠦᠯᠵᠦ᠂ ᠡᠪᠡᠳᠴᠢᠲᠡᠨ ᠳᠤ ᠪᠦᠬᠦ ᠲᠠᠯ᠎ᠠ ᠶᠢᠨ ᠦᠢᠯᠡᠴᠢᠯᠡᠭᠡ ᠬᠠᠩᠭᠠᠵᠤ ᠪᠠᠶᠢᠨ᠎ᠠ᠃     ᠡᠷᠡᠭᠦᠯ ᠴᠢᠬᠢᠷᠠᠭ ᠢᠶᠠᠷ ᠶᠠᠳᠠᠭᠤ ᠶᠢ ᠲᠡᠳᠭᠦᠬᠦ ᠲᠦᠷᠦ ᠶᠢᠨ ᠪᠣᠳᠤᠯᠭ᠎ᠠ ᠶᠢ ᠰᠤᠷᠲᠠᠯᠴᠢᠯᠠᠨ ᠤᠬᠠᠭᠤᠯᠬᠤ ᠪᠠᠨ ᠴᠢᠩᠭᠠᠳᠬᠠᠵᠤ ᠪᠠᠶᠢᠨ᠎ᠠ᠃ ᠡᠷᠡᠭᠦᠯ ᠴᠢᠬᠢᠷᠠᠭ ᠢᠶᠠᠷ ᠶᠠᠳᠠᠭᠤ ᠶᠢ ᠲᠡᠳᠭᠦᠬᠦ ᠤᠬᠠᠭᠤᠯᠤᠨ ᠲᠠᠶᠢᠯᠪᠤᠷᠢᠯᠠᠬᠤ ᠪᠦᠯᠬᠦᠮ  ᠢ ᠵᠣᠬᠢᠶᠠᠨ ᠪᠠᠶᠢᠭᠤᠯᠵᠤ᠂ ᠭᠡᠷ ᠪᠦᠯᠢ ᠶᠢᠨ ᠡᠮ ᠡᠮᠨᠡᠯᠭᠡ ᠶᠢᠨ ᠦᠢᠯᠡᠴᠢᠯᠡᠭᠡ ᠶᠢᠨ ᠠᠵᠢᠯᠲᠠᠳ ᠤᠨ ᠪᠣᠯᠪᠠᠰᠤᠷᠠᠯ  ᠤᠨ ᠠᠩᠭᠢ ᠡᠷᠭᠢᠯᠡᠬᠦ᠂ ᠡᠯ᠎ᠡ ᠰᠣᠮᠤ ᠰᠢᠶᠠᠩ ᠪᠠᠯᠭᠠᠰᠤᠨ ᠳᠤ ᠬᠦᠷᠴᠦ ᠭᠠᠴᠠᠭ᠎ᠠ ᠲᠤᠰᠬᠤᠨ ᠤ ᠠᠵᠢᠯᠯᠠᠬᠤ ᠠᠩᠭᠢ  ᠶᠢᠨ ᠭᠡᠰᠢᠭᠦᠳ ᠲᠤ ᠲᠠᠶᠢᠯᠤᠮᠵᠢ ᠬᠢᠬᠦ᠂ ᠭᠠᠴᠠᠭ᠎ᠠ ᠲᠤᠰᠬᠤᠨ ᠳᠤ ᠬᠦᠷᠴᠦ ᠰᠤᠷᠲᠠᠯᠴᠢᠯᠠᠨ ᠤᠬᠠᠭᠤᠯᠬᠤ ᠵᠡᠷᠭᠡ ᠣᠯᠠᠨ ᠠᠷᠭ᠎ᠠ ᠬᠡᠯᠪᠡᠷᠢ ᠶᠢ ᠠᠪᠴᠤ᠂ ᠨᠡᠶᠢᠲᠡ135 ᠨᠡᠷᠡᠰ ᠨᠢᠭᠡᠳᠦᠭᠡᠷ ᠱᠦᠵᠢ᠂478 ᠨᠡᠷᠡᠰ ᠠᠵᠢᠯᠯᠠᠬᠤ ᠠᠩᠭᠢ  ᠶᠢᠨ ᠭᠡᠰᠢᠭᠦᠨ᠂692 ᠨᠡᠷᠡᠰ ᠭᠡᠷ ᠪᠦᠯᠢ ᠶᠢᠨ ᠡᠮ ᠡᠮᠨᠡᠯᠭᠡ ᠶᠢᠨ ᠦᠢᠯᠡᠴᠢᠯᠡᠭᠡ ᠶᠢᠨ ᠡᠮᠨᠡᠯᠭᠡ ᠶᠢᠨ ᠠᠵᠢᠯᠲᠠᠨ ᠳᠤ ᠪᠣᠯᠪᠠᠰᠤᠷᠠᠯ ᠬᠦᠷᠲᠡᠭᠡᠵᠦ᠂2 ᠲᠦᠮᠡ ᠭᠠᠷᠤᠢ ᠤᠬᠠᠭᠤᠯᠬᠤ ᠮᠠᠲ᠋ᠧᠷᠢᠶᠠᠯ ᠲᠠᠷᠬᠠᠭᠠᠵᠤ᠂17645 ᠶᠠᠳᠠᠭᠤ ᠬᠦᠮᠦᠨ ᠠᠮᠠ ᠲᠠᠢ ᠭᠡᠷ ᠪᠦᠯᠢ ᠲᠠᠢ ᠡᠮ ᠡᠮᠨᠡᠯᠭᠡ ᠶᠢᠨ ᠦᠢᠯᠡᠴᠢᠯᠡᠭᠡ ᠶᠢᠨ ᠭᠡᠷ᠎ᠡ ᠲᠣᠭᠲᠠᠪᠠ᠃     ᠡᠪᠡᠳᠴᠢᠨ ᠤ ᠲᠦᠷᠦᠯ ᠵᠦᠢᠯ ᠢ ᠨᠠᠷᠢᠯᠢᠭ ᠬᠤᠪᠢᠶᠠᠵᠤ᠂ ᠠᠳᠠᠯᠢ ᠪᠣᠰᠤ ᠶᠢᠨ ᠦᠢᠯᠡᠴᠢᠯᠡᠭᠡ  ᠬᠦᠷᠲᠡᠭᠡᠵᠦ ᠪᠠᠶᠢᠨ᠎ᠠ᠃ ᠪᠦᠬᠦ ᠬᠤᠰᠢᠭᠤᠨ ᠤ21 ᠦᠨᠳᠦᠰᠦᠨ ᠱᠠᠲᠤᠨ ᠤ ᠡᠮ ᠡᠮᠨᠡᠯᠭᠡ ᠶᠢᠨ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂17645 ᠶᠠᠳᠠᠭᠤ ᠬᠦᠮᠦᠨ ᠠᠮᠠ ᠳᠤ ᠪᠦᠬᠦ ᠲᠠᠯ᠎ᠠ ᠶᠢᠨ ᠪᠠᠶᠢᠴᠠᠭᠠᠯᠲᠠ ᠬᠢᠵᠦ ᠦᠭᠭᠦᠨ᠂ ᠡᠪᠡᠳᠴᠢᠨ ᠢ ᠨᠢ ᠲᠦᠷᠦᠯ ᠬᠤᠪᠢᠶᠠᠵᠤ ᠳᠠᠩᠰᠠᠯᠠᠪᠠ᠃ ᠡᠮᠨᠡᠨ ᠵᠠᠰᠠᠬᠤ ᠴᠢᠬᠤᠯᠠ ᠲᠠᠢ9 ᠵᠦᠢᠯ ᠤᠨ ᠬᠦᠨᠳᠦ ᠡᠪᠡᠳᠴᠢᠲᠡᠨ211 ᠬᠦᠮᠦᠨ ᠪᠠᠶᠢᠵᠤ᠂ ᠡᠭᠦᠨ ᠤ ᠳᠣᠲᠤᠷ᠎ᠠ185 ᠡᠪᠡᠳᠴᠢᠲᠡᠨ ᠢ ᠨᠢᠭᠡᠨᠲᠡ ᠡᠮᠨᠡᠨ ᠵᠠᠰᠠᠵᠤ᠂ ᠰᠦᠢᠳᠭᠡᠯ ᠬᠤᠷᠢᠶᠠᠭᠰᠠᠨ ᠦᠭᠡᠢ᠃ ᠡᠮᠨᠡᠨ ᠵᠠᠰᠠᠬᠤ ᠴᠢᠬᠤᠯᠠ ᠲᠠᠢ70 ᠬᠦᠨᠳᠦ ᠡᠪᠡᠳᠴᠢᠲᠡᠨ ᠢ ᠡᠮᠨᠡᠨ ᠵᠠᠰᠠᠭᠰᠠᠨ ᠰᠦᠢᠳᠭᠡᠯ ᠨᠢ ᠨᠡᠶᠢᠲᠡ378.19 ᠲᠦᠮᠡᠨ ᠲᠦᠭᠦᠷᠢᠭ ᠲᠤ ᠬᠦᠷᠴᠦ᠂ ᠡᠭᠦᠨ ᠳᠤ ᠡᠪᠡᠳᠴᠢᠲᠡᠨ ᠦᠪᠡᠷ ᠢᠶᠠᠨ21 ᠲᠦᠮᠡᠨ ᠲᠦᠭᠦᠷᠢᠭ ᠤᠨ ᠡᠮ ᠤᠨ ᠰᠦᠢᠳᠭᠡᠯ ᠲᠤᠰᠢᠶᠠᠵᠤ᠂ ᠡᠪᠡᠳᠴᠢᠨ ᠤ ᠰᠦᠢᠳᠭᠡᠯ ᠲᠤᠰᠢᠶᠠᠭᠰᠠᠨ ᠨᠤᠷᠮ᠎ᠠ  ᠨᠢ5.55% ᠳᠤ ᠯᠡ ᠬᠦᠷᠪᠡ᠃ ᠭᠡᠷ ᠪᠦᠯᠢ ᠶᠢᠨ ᠡᠮ ᠡᠮᠨᠡᠯᠭᠡ ᠶᠢᠨ ᠦᠢᠯᠡᠴᠢᠯᠡᠭᠡ ᠬᠦᠷᠲᠡᠭᠡᠬᠦ ᠴᠢᠬᠤᠯᠠ  ᠲᠠᠢ6678 ᠨᠡᠷᠡᠰ ᠤᠳᠠᠭᠠᠨ ᠴᠢᠨᠠᠷᠲᠠᠢ ᠡᠪᠡᠳᠴᠢᠲᠡᠨ ᠲᠠᠢ ᠭᠡᠷ ᠪᠦᠯᠢ ᠶᠢᠨ ᠡᠮ ᠡᠮᠨᠡᠯᠭᠡ ᠶᠢᠨ ᠦᠢᠯᠡᠴᠢᠯᠡᠭᠡ ᠶᠢᠨ ᠭᠡᠷ᠎ᠡ ᠲᠣᠭᠲᠠᠪᠠ᠃     ᠡᠷᠡᠭᠦᠯ ᠴᠢᠬᠢᠷᠠᠭ ᠢᠶᠠᠷ ᠶᠠᠳᠠᠭᠤ ᠶᠢ ᠲᠡᠳᠭᠦᠬᠦ ᠲᠦᠷᠦ ᠶᠢᠨ ᠪᠣᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ ᠪᠠᠶᠢᠨ᠎ᠠ᠃ ︽ᠤᠷᠢᠳᠠᠪᠡᠷ ᠡᠮᠨᠡᠭᠦᠯᠵᠦ ᠳᠠᠷᠠᠭ᠎ᠠ ᠨᠢ ᠰᠦᠢᠳᠭᠡᠯ ᠲᠤᠰᠢᠶᠠᠬᠤ︾᠂ ︽ᠨᠢᠭᠡ ᠴᠣᠩᠬᠤᠪᠴᠢ ᠪᠠᠷ ᠲᠠᠰᠤᠯᠠᠨ ᠪᠣᠳᠤᠬᠤ︾᠂ ︽3 ᠶᠢ ᠠᠭᠤᠳᠠᠯᠬᠤ︾ ᠵᠡᠷᠭᠡ ᠨᠠᠢᠮᠠᠨ ᠬᠤᠰᠢᠭᠤᠨ ᠤ ᠡᠷᠡᠭᠦᠯ ᠴᠢᠬᠢᠷᠠᠭ ᠢᠶᠠᠷ ᠶᠠᠳᠠᠭᠤ  ᠶᠢ ᠲᠡᠳᠭᠦᠬᠦ ᠲᠦᠷᠦ ᠶᠢᠨ ᠪᠣᠳᠤᠯᠭ᠎ᠠ ᠶᠢ ᠬᠡᠷᠡᠭᠵᠢᠭᠦᠯᠵᠦ᠂ ᠡᠨᠡ ᠵᠢᠯ ᠤᠨ1 ᠠᠴᠠ5 ᠰᠠᠷ᠎ᠠ ᠳᠤ᠂ ᠬᠤᠰᠢᠭᠤᠨ ᠤ ᠳᠣᠲᠤᠷᠠᠬᠢ ᠡᠮᠨᠡᠯᠭᠡ ᠶᠢᠨ ᠬᠤᠷᠢᠶᠠᠨ ᠳᠤ ᠰᠠᠭᠤᠨ ᠡᠮᠨᠡᠭᠦᠯᠦᠨ ᠵᠠᠰᠠᠵᠤ᠂ ︽ᠤᠷᠢᠳᠠᠪᠡᠷ ᠡᠮᠨᠡᠭᠦᠯᠵᠦ ᠳᠠᠷᠠᠭ᠎ᠠ ᠨᠢ ᠰᠦᠢᠳᠭᠡᠯ ᠲᠤᠰᠢᠶᠠᠬᠤ︾ ᠲᠦᠷᠦ ᠶᠢᠨ ᠪᠣᠳᠤᠯᠭ᠎ᠠ ᠶᠢᠨ ᠬᠠᠷᠠᠭᠠᠯᠵᠠᠯ ᠬᠦᠷᠲᠡᠭᠰᠡᠨ ᠡᠪᠡᠳᠴᠢᠲᠡᠨ3464 ᠨᠡᠷᠡᠰ ᠪᠠᠶᠢᠵᠤ᠂2976 ᠬᠦᠮᠦᠨ ᠤᠳᠠᠭ᠎ᠠ ᠡᠮᠨᠡᠯᠭᠡ ᠠᠴᠠ ᠭᠠᠷᠤᠭᠰᠠᠨ ᠪᠦᠬᠦ ᠰᠦᠢᠳᠭᠡᠯ ᠨᠢ2116.98 ᠲᠦᠮᠡᠨ ᠲᠦᠭᠦᠷᠢᠭ ᠲᠤ ᠬᠦᠷᠴᠦ᠂ ᠡᠭᠦᠨ ᠤ ᠳᠤᠲᠤᠷ᠎ᠠ ᠡᠪᠡᠳᠴᠢᠲᠡᠨ ᠠᠴᠠ101.53 ᠲᠦᠮᠡᠨ ᠲᠦᠭᠦᠷᠢᠭ ᠲᠤᠰᠢᠶᠠᠵᠤ᠂ ᠡᠪᠡᠳᠴᠢᠲᠡᠨ ᠤ ᠲᠤᠰᠢᠶᠠᠭᠰᠠᠨ ᠨᠤᠷᠮ᠎ᠠ ᠨᠢ4.8% ᠳᠤ ᠬᠦᠷᠪᠡ᠃ ᠬᠤᠰᠢᠭᠤᠨ ᠠᠴᠠ ᠭᠠᠳᠠᠨᠠᠬᠢ ᠡᠮᠨᠡᠯᠭᠡ ᠶᠢᠨ ᠬᠤᠷᠢᠶᠠᠨ ᠳᠤ ᠰᠠᠭᠤᠨ ᠡᠮᠨᠡᠭᠦᠯᠦᠨ ᠵᠠᠰᠠᠵᠤ᠂ ︽ᠨᠢᠭᠡ ᠴᠣᠩᠬᠤᠪᠴᠢ ᠪᠠᠷ ᠲᠠᠰᠤᠯᠠᠨ ᠪᠣᠳᠤᠬᠤ︾ ᠲᠦᠷᠦ ᠶᠢᠨ ᠪᠣᠳᠤᠯᠭ᠎ᠠ ᠶᠢᠨ ᠬᠠᠷᠠᠭᠠᠯᠵᠠᠯ ᠬᠦᠷᠲᠡᠭᠰᠡᠨ ᠡᠪᠡᠳᠴᠢᠲᠡᠨ767 ᠬᠦᠮᠦᠨ ᠤᠳᠠᠭ᠎ᠠ ᠪᠠᠶᠢᠵᠤ᠂ ᠡᠮᠨᠡᠯᠭᠡ ᠠᠴᠠ ᠭᠠᠷᠭᠠᠭᠰᠠᠨ ᠪᠦᠬᠦ ᠰᠦᠢᠳᠭᠡᠯ ᠨᠢ878.91 ᠲᠦᠮᠡᠨ ᠲᠦᠭᠦᠷᠢᠭ ᠲᠤ ᠬᠦᠷᠴᠦ᠂ ᠡᠭᠦᠨ ᠤ ᠳᠣᠲᠤᠷ᠎ᠠ ᠡᠪᠡᠳᠴᠢᠲᠡᠨ ᠠᠴᠠ68.65 ᠲᠦᠮᠡᠨ ᠲᠦᠭᠦᠷᠢᠭ ᠲᠤᠰᠢᠶᠠᠵᠤ᠂ ᠡᠪᠡᠳᠴᠢᠲᠡᠨ ᠤ ᠲᠤᠰᠢᠶᠠᠭᠰᠠᠨ ᠨᠤᠷᠮ᠎ᠠ ᠨᠢ7.81% ᠳᠤ ᠬᠦᠷᠪᠡ᠃2018 ᠣᠨ ᠳᠤ12157 ᠳᠠᠩᠰᠠᠯᠠᠵᠤ ᠺᠠᠷᠲᠯᠠᠭᠰᠠᠨ ᠶᠠᠳᠠᠭᠤ ᠬᠦᠮᠦᠨ ᠠᠮᠠ ᠡᠷᠡᠭᠦᠯ ᠴᠢᠬᠢᠷᠠᠭ ᠤᠨ ᠪᠠᠶᠢᠴᠠᠭᠠᠯᠲᠠ ᠬᠢᠵᠦ᠂ ᠪᠠᠶᠢᠴᠠᠭᠠᠯᠲᠠ ᠬᠢᠭᠰᠡᠨ ᠨᠤᠷᠮ᠎ᠠ ᠨᠢ68.98% ᠳᠤ ᠬᠦᠷᠦᠭᠰᠡᠨ ᠪᠠᠶᠢᠨ᠎ᠠ᠃ ᠪᠦᠬᠦ ᠬᠤᠰᠢᠭᠤ ᠨᠡᠶᠢᠲᠡ158265.69 ᠲᠦᠭᠦᠷᠢᠭ ᠤᠨ ᠡᠮ ᠤᠨ ᠵᠦᠢᠯ ᠢ966 ᠬᠦᠮᠦᠨ ᠤᠳᠠᠭ᠎ᠠ ᠳᠤ ᠬᠦᠷᠭᠡᠵᠦ᠂ ᠡᠪᠡᠳᠴᠢᠲᠡᠨ ᠤ ᠦᠪᠡᠷ ᠢᠶᠠᠨ ᠲᠤᠰᠢᠶᠠᠭᠰᠠᠨ ᠡᠮ ᠤᠨ ᠰᠦᠢᠳᠭᠡᠯ ᠨᠢ5% ᠠᠴᠠ ᠬᠡᠲᠦᠷᠡᠭᠰᠡᠨ ᠦᠭᠡᠢ᠃      ᠬᠠᠪᠰᠤᠷᠤᠨ ᠳᠡᠮᠵᠢᠬᠦ ᠠᠵᠢᠯ ᠢ ᠰᠠᠶᠢᠲᠤᠷ ᠬᠢᠵᠦ ᠪᠠᠶᠢᠨ᠎ᠠ᠃ ᠬᠤᠰᠢᠭᠤᠨ ᠤ ᠳᠡᠰ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠢᠨ9 ᠡᠮᠴᠢ ᠠᠵᠢᠯᠲᠠᠳ ᠢ ᠰᠤᠩᠭᠤᠵᠤ᠂ ᠴᠣᠭᠲᠠᠢ ᠡᠮᠨᠡᠯᠭᠡ ᠶᠢᠨ ᠬᠤᠷᠢᠶ᠎ᠠ᠂ ᠲᠤ ᠴᠧᠩ ᠽᠢ ᠡᠮᠨᠡᠯᠭᠡ ᠶᠢᠨ ᠬᠤᠷᠢᠶ᠎ᠠ᠂ ᠵᠠᠩᠭᠤᠲᠠᠢ ᠡᠮᠨᠡᠯᠭᠡ ᠶᠢᠨ ᠬᠤᠷᠢᠶᠠᠨ ᠳᠤ ᠲᠣᠮᠢᠯᠠᠨ ᠳᠡᠮᠵᠢᠵᠦ ᠪᠠᠶᠢᠨ᠎ᠠ᠃ ᠪᠡᠭᠡᠵᠢᠩ ᠤᠨ ᠬᠢᠳᠠᠳ ᠡᠮᠨᠡᠯᠭᠡ ᠶᠢᠨ ᠬᠤᠷᠢᠶ᠎ᠠ ᠶᠢᠨ ᠬᠢᠨ ᠨᠠᠢᠮᠠᠨ ᠬᠤᠰᠢᠭᠤ ᠲᠠᠢ ᠢᠨᠲ᠋ᠧᠷ ᠰᠦᠯᠵᠢᠶ᠎ᠡ ᠪᠠᠷ ᠳᠠᠮᠵᠢᠨ ᠨᠤᠲᠤᠭ ᠤᠨ ᠡᠮᠴᠢ ᠶᠢ ᠪᠣᠯᠪᠠᠰᠤᠷᠠᠭᠤᠯᠬᠤ ᠬᠡᠯᠡᠯᠴᠡᠭᠡᠷ ᠲᠣᠭᠲᠠᠵᠤ᠂ ᠣᠳᠤ ᠪᠣᠯᠲᠠᠯ᠎ᠠ160 ᠭᠡᠷ ᠪᠦᠯᠢ ᠶᠢᠨ ᠡᠮᠴᠢ ᠪᠠ ᠨᠤᠲᠤᠭ  ᠤᠨ ᠡᠮᠴᠢ ᠶᠢ ᠪᠣᠯᠪᠠᠰᠤᠷᠠᠭᠤᠯᠤᠭᠰᠠᠨ ᠪᠠᠶᠢᠨ᠎ᠠ᠃                                                               ︵ᠪᠠᠶᠠᠨᠵᠢᠷᠭᠠᠯ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号