︵ᠣᠨᠴᠠ ᠤᠷᠢᠭᠰᠠᠨ ᠴᠢᠮᠡᠭᠯᠡᠭᠴᠢ ᠯᠢ ᠬᠠᠢ ᠵᠢᠶᠠᠩ︶ ᠨᠠᠢᠮᠠᠨ ᠬᠤᠰᠢᠭᠤ ᠰᠢ ᠶᠢᠨ ᠫᠢᠩ ᠶᠡᠷᠦᠩᠬᠡᠢ | ᠱᠦᠵᠢ ᠶᠢᠨ ︽ᠲᠠᠪᠤ ᠶᠢ ᠤᠶᠠᠯᠳᠤᠭᠤᠯᠬᠤ︾᠂ ︽ᠭᠤᠷᠪᠠ ᠶᠢ ᠯᠠᠪᠳᠠᠭᠤᠨ ᠪᠠᠲᠤᠲᠠᠢ ᠬᠢᠬᠦ︾ ᠴᠢᠬᠤᠯᠠ | ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠲᠠᠪᠤᠷᠢᠵᠢᠭᠤᠯᠵᠤ᠂ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠪᠠᠷ ᠪᠦᠲᠦᠴᠡ ᠶᠢᠨ ᠲᠣᠬᠢᠷᠠᠭᠤᠯᠤᠯᠲᠠ ᠶᠢ ᠬᠦᠲᠦᠯᠦᠨ ᠳᠠᠭᠠᠭᠤᠯᠬᠤ᠂ ᠨᠡᠶᠢᠭᠡᠮ ᠤᠨ ᠪᠡᠯᠡ | ᠣᠷᠤᠭᠤᠯᠤᠯᠲᠠ ᠶᠢ ᠳᠠᠶᠢᠴᠢᠯᠠᠬᠤ᠂ ᠶᠠᠳᠠᠭᠤ ᠠᠴᠠ ᠠᠩᠭᠢᠵᠢᠷᠠᠭᠤᠯᠬᠤ ᠠᠬᠢᠴᠠ ᠶᠢ ᠲᠦᠷᠭᠡᠳᠭᠡᠪᠡ᠃7 ᠰᠠᠷ᠎ᠠ ᠶᠢᠨ | ᠰᠡᠭᠦᠯᠴᠢ ᠪᠣᠯᠲᠠᠯ᠎ᠠ᠂ ᠪᠦᠬᠦ ᠬᠤᠰᠢᠭᠤ65 ᠭᠤᠣᠯᠳᠠᠯᠭ᠎ᠠ ᠲᠠᠢ ᠲᠦᠷᠦᠯ ᠵᠦᠢᠯ ᠢ ᠪᠠᠷᠢᠯᠭ᠎ᠠ ᠡᠬᠢᠯᠡᠭᠦᠯᠦᠭᠰᠡᠨ ᠪᠣᠶᠤ | ᠪᠠᠷᠢᠯᠭ᠎ᠠ ᠰᠡᠷᠭᠦᠭᠡᠵᠦ᠂46.05 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ37.3% ᠪᠠᠷ ᠨᠡᠮᠡᠭᠳᠡᠵᠦ᠂ ᠠᠵᠤ ᠠᠬᠤᠢ ᠶᠢᠨ ᠲᠣᠭᠲᠠᠭᠤᠨ ᠪᠦᠭᠡᠳ ᠡᠷᠡᠭᠦᠯ | ᠬᠦᠭᠵᠢᠯᠲᠡ ᠶᠢ ᠪᠦᠲᠦᠮᠵᠢᠲᠡᠢ ᠠᠬᠢᠭᠤᠯᠪᠠ᠃ | ᠭᠤᠷᠪᠠᠨ ᠵᠦᠢᠯ ᠤᠨ ᠲᠣᠭᠲᠠᠴᠠ ᠶᠢ ᠪᠠᠶᠢᠭᠤᠯᠵᠤ᠂ ᠲᠦᠷᠦᠯ ᠵᠦᠢᠯ ᠤᠨ ᠲᠣᠬᠢᠷᠠᠭᠤᠯᠤᠯᠲᠠ ᠶᠢ | ᠴᠢᠩᠭᠠᠷᠠᠭᠤᠯᠪᠠ᠃ ᠨᠢᠭᠡ᠂ ᠨᠠᠷᠢᠨ ᠳᠠᠩᠰᠠ ᠶᠢᠨ ᠲᠦᠯᠦᠪᠯᠡᠭᠡ ᠶᠢ ᠬᠡᠷᠡᠭᠵᠢᠭᠦᠯᠪᠡ᠃ ᠪᠦᠬᠦ ᠬᠤᠰᠢᠭᠤᠨ ᠤ | ᠭᠤᠤᠯᠳᠠᠯᠭ᠎ᠠ ᠲᠠᠢ ᠲᠦᠷᠦᠯ ᠵᠦᠢᠯ᠂ ᠭᠤᠤᠯᠳᠠᠯᠭ᠎ᠠ ᠲᠠᠢ ᠠᠵᠢᠯ ᠢ ᠲᠦᠷᠦᠯ ᠬᠤᠪᠢᠶᠠᠨ ᠵᠠᠳᠠᠯᠵᠤ᠂ ᠭᠤᠣᠯᠳᠠᠯᠭ᠎ᠠ | ᠲᠠᠢ ᠲᠦᠷᠦᠯ ᠵᠦᠢᠯ ᠤᠨ ᠨᠠᠷᠢᠨ ᠳᠠᠩᠰᠠ᠂ ᠭᠤᠤᠯᠳᠠᠯᠭ᠎ᠠ ᠲᠠᠢ ᠠᠵᠢᠯ ᠤᠨ ᠨᠠᠷᠢᠨ ᠳᠠᠩᠰᠠ ᠪᠠ ᠠᠵᠢᠯ ᠤᠨ ᠡᠬᠡ | ᠳᠠᠩᠰᠠ ᠶᠢ ᠪᠠᠶᠢᠭᠤᠯᠵᠤ᠂ ᠳᠠᠩᠰᠠᠯᠠᠭᠰᠠᠨ ᠶᠣᠰᠤᠭᠠᠷ ᠡᠴᠦᠰ ᠲᠤ ᠨᠢ ᠲᠤᠯᠲᠠᠯ᠎ᠠ ᠬᠠᠮᠢᠶᠠᠷᠪᠠ᠃ ᠬᠤᠶᠠᠷ᠂ | ᠬᠠᠷᠢᠭᠤᠴᠠᠯᠭ᠎ᠠ ᠶᠣᠰᠤᠭᠠᠷ ᠠᠬᠢᠭᠤᠯᠪᠠ᠃ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠤᠨ ᠤ ᠭᠤᠤᠯ | ᠤᠳᠤᠷᠢᠳᠤᠯᠭ᠎ᠠ ᠠᠴᠠ ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ᠂ ᠡᠯ᠎ᠡ ᠬᠠᠷᠢᠭᠤᠴᠠᠯᠭ᠎ᠠ ᠶᠢᠨ ᠤᠳᠤᠷᠢᠳᠤᠯᠭ᠎ᠠ ᠠᠴᠠ | ᠪᠣᠲᠠᠳᠠᠢ ᠬᠠᠷᠢᠭᠤᠴᠠᠵᠤ᠂ ᠦᠭᠡᠷᠡᠴᠢᠯᠡᠯᠲᠡ ᠬᠦᠭᠵᠢᠭᠦᠯᠦᠯᠲᠡ ᠶᠢᠨ ᠲᠣᠪᠴᠢᠶ᠎ᠠ ᠠᠴᠠ ᠪᠦᠬᠦ ᠲᠠᠯ᠎ᠠ ᠪᠠᠷ | ᠲᠣᠯᠤᠭᠠᠶᠢᠯᠠᠭᠤᠯᠤᠨ ᠲᠦᠷᠦᠯ ᠵᠦᠢᠯ ᠢ ᠢᠳᠡᠪᠬᠢᠲᠡᠢ ᠵᠣᠬᠢᠴᠠᠭᠤᠯᠤᠨ ᠠᠬᠢᠭᠤᠯᠪᠠ᠃ ᠭᠤᠷᠪᠠ᠂ ᠳᠦᠷᠢᠮᠵᠢᠭᠰᠡᠨ | ᠬᠠᠮᠢᠶᠠᠷᠤᠯᠲᠠ ᠶᠢ ᠬᠡᠷᠡᠭᠵᠢᠭᠦᠯᠪᠡ᠃ ︽ᠨᠢᠭᠡ ᠲᠦᠷᠦᠯ ᠵᠦᠢᠯ᠂ ᠨᠢᠭᠡ ᠤᠳᠤᠷᠢᠳᠤᠯᠭ᠎ᠠ᠂ ᠨᠢᠭᠡ ᠪᠠᠭ ᠬᠦᠮᠦᠨ᠂ | ᠡᠴᠦᠰ ᠲᠤᠨᠢ ᠲᠤᠯᠲᠠᠯ᠎ᠠ ᠠᠳᠬᠤᠬᠤ︾ ᠲᠦᠷᠦᠯ ᠵᠦᠢᠯ ᠤᠨ ᠬᠤᠯᠪᠤᠭᠠᠯᠠᠨ ᠳᠠᠭᠠᠭᠠᠴᠢᠯᠠᠬᠤ ᠳᠦᠷᠢᠮ ᠢ | ᠪᠠᠶᠢᠭᠤᠯᠤᠨ ᠲᠡᠭᠦᠯᠳᠡᠷᠵᠢᠭᠦᠯᠵᠦ᠂ ︽ᠰᠠᠷ᠎ᠠ ᠪᠠᠷ ᠮᠡᠳᠡᠭᠦᠯᠬᠦ᠂ ᠤᠯᠠᠷᠢᠯ ᠢᠶᠠᠷ ᠲᠣᠬᠢᠷᠠᠭᠤᠯᠬᠤ᠂ ᠵᠢᠯ ᠢᠶᠠᠷ ᠬᠢᠨᠠᠨ | ᠪᠠᠶᠢᠴᠠᠭᠠᠬᠤ︾ ᠪᠦᠬᠦ ᠣᠷᠤᠨ ᠪᠠᠶᠢᠷᠢ ᠶᠢᠨ ᠲᠣᠬᠢᠷᠠᠭᠤᠯᠤᠯᠲᠠ ᠶᠢᠨ ᠲᠣᠭᠲᠠᠴᠠ ᠶᠢ ᠬᠡᠷᠡᠭᠵᠢᠭᠦᠯᠵᠦ᠂ ᠭᠤᠣᠯᠳᠠᠯᠭ᠎ᠠ | ᠲᠠᠢ ᠲᠦᠷᠦᠯ ᠵᠦᠢᠯ ᠤᠨ ᠵᠠᠩᠭᠢᠯᠠᠭ᠎ᠠ ᠶᠢᠨ ᠴᠡᠭ᠂ ᠴᠢᠨᠠᠭᠰᠢᠯᠠᠨ ᠪᠦᠬᠦ ᠶᠠᠪᠤᠴᠠ ᠶᠢ ᠮᠦᠷᠳᠡᠨ ᠦᠷ᠎ᠡ ᠪᠦᠲᠦᠮᠵᠢ ᠶᠢ | ᠴᠢᠬᠤᠯᠠᠴᠢᠯᠠᠪᠠ᠃ | ︽ᠡᠷᠬᠡ ᠶᠢ ᠲᠠᠯᠪᠢᠨ ᠬᠠᠮᠢᠶᠠᠷᠤᠨ ᠦᠢᠯᠡᠴᠢᠯᠡᠬᠦ︾ ᠦᠭᠡᠷᠡᠴᠢᠯᠡᠯᠲᠡ ᠶᠢ ᠤᠶᠠᠯᠳᠤᠭᠤᠯᠵᠤ᠂ ᠲᠦᠷᠦᠯ ᠵᠦᠢᠯ | ᠢ ᠬᠢᠨᠠᠨ ᠵᠦᠪᠰᠢᠶᠡᠷᠡᠬᠦ ᠬᠠᠷᠰᠢ ᠰᠠᠭᠠᠳ ᠢ ᠠᠷᠢᠯᠭᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠪᠠᠷ | ᠳᠣᠭᠤᠶᠢᠯᠠᠩ ᠤᠨ ᠳᠠᠷᠤᠭ᠎ᠠ ᠪᠣᠯᠭᠠᠭᠰᠠᠨ ᠪᠦᠬᠦ ᠬᠤᠰᠢᠭᠤᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠵᠢᠵᠢᠭ ᠳᠣᠭᠤᠶᠢᠯᠠᠩ ᠪᠠ ᠬᠤᠰᠢᠭᠤᠨ ᠳᠠᠷᠤᠭ᠎ᠠ ᠪᠠᠷ ᠳᠣᠭᠤᠶᠢᠯᠠᠩ | ᠤᠨ ᠳᠠᠷᠤᠭ᠎ᠠ ᠪᠣᠯᠭᠠᠭᠰᠠᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ | ᠤᠨ ᠤᠳᠤᠷᠢᠳᠬᠤ ᠵᠢᠵᠢᠭ ᠳᠤᠭᠤᠶᠢᠯᠠᠩ ᠢ ᠪᠠᠶᠢᠭᠤᠯᠵᠤ᠂ ᠭᠤᠤᠯᠳᠠᠯᠭ᠎ᠠ ᠲᠠᠢ ᠲᠦᠷᠦᠯ ᠵᠦᠢᠯ ᠤᠨ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠬᠦ ᠠᠵᠢᠯ ᠤᠨ ᠵᠣᠬᠢᠴᠠᠭᠤᠯᠤᠨ ᠠᠬᠢᠭᠤᠯᠬᠤ ᠳᠣᠭᠤᠶᠢᠯᠠᠩ ᠢ ᠪᠠᠶᠢᠭᠤᠯᠵᠤ᠂ ᠡᠯ᠎ᠡ | ᠰᠠᠯᠠᠭ᠎ᠠ ᠮᠦᠴᠢᠷ ᠬᠠᠮᠵᠢᠯᠴᠠᠨ ᠬᠦᠳᠡᠯᠦᠯᠴᠡᠵᠦ᠂ ᠬᠢᠨᠠᠨ ᠵᠦᠪᠰᠢᠶᠡᠷᠡᠬᠦ ᠭᠠᠷ ᠭᠦᠢᠴᠡᠳᠭᠡᠯ ᠢ ᠤᠯᠠᠮ ᠨᠢᠭᠡ ᠠᠯᠬᠤᠮ | ᠳᠦᠭᠦᠮᠴᠢᠯᠡᠵᠦ᠂ ᠬᠢᠨᠠᠨ ᠵᠦᠪᠰᠢᠶᠡᠷᠡᠬᠦ ᠠᠯᠬᠤᠮ ᠳᠠᠷᠠᠭ᠎ᠠ ᠶᠢ ᠰᠢᠯᠢᠳᠡᠭᠵᠢᠭᠦᠯᠪᠡ᠃ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠦᠪ ᠤᠨ ᠬᠢᠨ ᠴᠠᠭ ᠤᠷᠲᠤᠳᠬᠠᠨ ᠦᠢᠯᠡᠴᠢᠯᠡᠬᠦ᠂ ᠤᠷᠢᠳᠴᠢᠯᠠᠨ ᠪᠣᠯᠵᠤᠨ ᠦᠢᠯᠡᠴᠢᠯᠡᠬᠦ᠂ | ᠡᠭᠦᠳᠡᠨ ᠳᠤᠨᠢ ᠬᠦᠷᠴᠦ ᠦᠢᠯᠡᠴᠢᠯᠡᠬᠦ᠂ ᠪᠠᠶᠠᠷ ᠨᠠᠶᠢᠷ ᠠᠮᠠᠷᠠᠯᠲᠠ ᠶᠢᠨ ᠡᠳᠦᠷ ᠵᠢᠵᠢᠭᠦᠷᠯᠡᠨ ᠴᠠᠭ ᠨᠡᠮᠡᠵᠦ | ᠦᠢᠯᠡᠴᠢᠯᠡᠭᠡ ᠬᠠᠩᠭᠠᠬᠤ ᠶᠢ ᠪᠦᠬᠦ ᠲᠠᠯ᠎ᠠ ᠪᠠᠷ ᠲᠦᠭᠡᠮᠡᠯᠵᠢᠭᠦᠯᠪᠡ᠃ ᠬᠠᠣᠯᠢ ᠳᠦᠷᠢᠮ ᠳᠤ ᠨᠡᠶᠢᠴᠡᠬᠦ ᠰᠠᠭᠤᠷᠢᠨ | ᠳᠡᠭᠡᠷ᠎ᠡ᠂ ᠬᠠᠮᠤᠭ ᠶᠡᠭᠡ ᠬᠡᠪᠴᠢᠶᠡᠨ ᠳᠤ ᠴᠠᠭ ᠤᠨ ᠬᠢᠵᠠᠭᠠᠷ ᠢ ᠪᠠᠭᠠᠰᠬᠠᠵᠤ᠂ ᠭᠤᠷᠪᠠᠨ ᠲᠦᠷᠦᠯ ᠤᠨ ᠬᠠᠤᠯᠢ ᠪᠠᠷ | ᠲᠣᠭᠲᠠᠭᠠᠭᠰᠠᠨ ᠬᠢᠵᠦ ᠳᠠᠭᠤᠰᠬᠠᠬᠤ ᠴᠠᠭ ᠤᠨ ᠬᠢᠵᠠᠭᠠᠷ ᠲᠤᠰᠪᠦᠷᠢ5 — 20 ᠠᠵᠢᠯᠯᠠᠬᠤ ᠡᠳᠦᠷ ᠤᠨ ᠬᠢᠨᠠᠨ | ᠵᠦᠪᠰᠢᠶᠡᠷᠡᠬᠦ ᠵᠦᠢᠯᠡᠰ ᠢ ᠪᠦᠬᠦᠨ ᠢ1 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠲᠦᠷᠦᠯ ᠵᠦᠢᠯ ᠤᠨ ᠡᠷᠲᠡ | ᠪᠠᠷᠢᠯᠭ᠎ᠠ ᠡᠬᠢᠯᠡᠬᠦᠯᠵᠦ᠂ ᠡᠷᠲᠡ ᠡᠳᠦᠷ ᠠᠰᠢᠭᠯᠠᠯᠲᠠ ᠳᠤ ᠣᠷᠤᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ | ᠦᠭᠪᠡ᠃ | ᠲᠦᠷᠦᠯ ᠵᠦᠢᠯ ᠤᠨ ᠨᠦᠬᠡᠴᠡ ᠶᠢ ᠴᠢᠬᠤᠯᠠᠴᠢᠯᠠᠨ ᠦᠵᠡᠵᠦ᠂ ᠬᠦᠭᠵᠢᠯᠲᠡ ᠶᠢᠨ ᠨᠦᠬᠡᠴᠡ ᠬᠦᠴᠦᠨ ᠢ | ᠬᠤᠷᠠᠮᠳᠤᠭᠤᠯᠪᠠ᠃ ᠭᠤᠤᠯᠳᠠᠯᠭ᠎ᠠ ᠲᠠᠢ ᠬᠦᠴᠢᠷ ᠴᠡᠭ᠂ ᠳᠤᠲᠠᠭᠤᠳᠠᠯ ᠲᠠᠢ ᠪᠠᠭᠤᠷᠠᠢ ᠲᠦᠷᠦᠯ ᠢ ᠬᠦᠭᠵᠢᠭᠦᠯᠬᠦ ᠶᠢᠨ | ᠲᠣᠭᠤᠷᠢᠨ ᠳᠤ᠂ ᠪᠣᠬᠢᠷᠲᠠᠯ ᠦᠭᠡᠢ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ᠂ ᠨᠢᠺᠧᠯ ᠬᠠᠶᠢᠯᠤᠰᠢ ᠶᠢᠨ | ᠰᠢᠨ᠎ᠡ ᠮᠠᠲ᠋ᠧᠷᠢᠶᠠᠯ᠂ ᠣᠳᠣ ᠦᠶ᠎ᠡ ᠶᠢᠨ ᠮᠤᠩᠭᠤᠯ ᠬᠢᠲᠠᠳ ᠡᠮ ᠡᠮᠨᠡᠯᠭᠡ᠂ ᠡᠯᠡᠰᠦᠨ ᠤ ᠠᠵᠤ ᠦᠢᠯᠡᠰ᠂ ᠰᠣᠶᠣᠯ | ᠵᠤᠭᠠᠴᠠᠯ ︽ᠲᠠᠪᠤᠨ ᠪᠦᠬᠦ ᠠᠵᠤ ᠦᠢᠯᠡᠰ ᠤᠨ ᠬᠡᠯᠬᠢᠶ᠎ᠡ︾ ᠶᠢ ᠬᠦᠭᠵᠢᠭᠦᠯᠬᠦ ᠶᠢᠨ ᠲᠣᠭᠤᠷᠢᠨ ᠳᠤ᠂ ᠲᠦᠷᠦᠯ | ᠵᠦᠢᠯ ᠤᠨ ᠬᠤᠶᠢᠨᠠᠬᠢ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠪᠡ᠃2018 ᠣᠨ ᠤ ᠲᠣᠭᠲᠠᠮᠠᠯ ᠪᠡᠯᠡ | ᠣᠷᠤᠭᠤᠯᠤᠯᠲᠠ ᠶᠢᠨ86 ᠭᠤᠤᠯᠳᠠᠯᠭ᠎ᠠ ᠲᠠᠢ ᠲᠦᠷᠦᠯ ᠵᠦᠢᠯ ᠢ ᠲᠦᠯᠦᠪᠵᠢᠭᠦᠯᠦᠨ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠵᠢᠯ ᠤᠨ ᠳᠣᠲᠤᠷ᠎ᠠ86.67 ᠳ᠋ᠦᠩᠰᠢᠭᠤᠷ ᠲᠦᠭᠦᠷᠢᠭ ᠪᠡᠯᠡ ᠣᠷᠤᠭᠤᠯᠬᠤ ᠶᠢ ᠪᠡᠶᠡᠯᠡᠭᠦᠯᠬᠦ ᠪᠠᠷ | ᠲᠦᠯᠦᠪᠯᠡᠵᠦ ᠪᠣᠢ᠃ ᠡᠭᠦᠨ ᠳᠤ ᠵᠠᠯᠭᠠᠨ ᠪᠠᠶᠢᠭᠤᠯᠬᠤ ᠲᠦᠷᠦᠯ ᠵᠦᠢᠯ30 ᠪᠠᠶᠢᠵᠤ᠂35.3 ᠳ᠋ᠦᠩᠰᠢᠭᠤᠷ | ᠲᠦᠭᠦᠷᠢᠭ ᠪᠡᠯᠡ ᠣᠷᠤᠭᠤᠯᠬᠤ ᠪᠣᠯᠤᠨ᠎ᠠ᠃ ᠰᠢᠨ᠎ᠡ ᠪᠠᠷ ᠪᠠᠶᠢᠭᠤᠯᠤᠭᠰᠠᠨ ᠲᠦᠷᠦᠯ ᠵᠦᠢᠯ56 ᠪᠠᠶᠢᠵᠤ᠂ 51.37 | ᠳ᠋ᠦᠩᠰᠢᠭᠤᠷ ᠲᠦᠭᠦᠷᠢᠭ ᠪᠡᠯᠡ ᠣᠷᠤᠭᠤᠯᠬᠤ ᠪᠤᠯᠤᠨ᠎ᠠ᠃ | ᠪᠦᠬᠦ ᠬᠦᠴᠦᠨ ᠢᠶᠠᠷ ᠬᠤᠳᠠᠯᠳᠤᠭᠠᠴᠢᠨ ᠤᠷᠢᠵᠤ ᠪᠡᠯᠡ ᠮᠦᠩᠭᠦ ᠣᠷᠤᠭᠤᠯᠤᠨ ᠠᠪᠴᠢᠷᠠᠵᠤ᠂ ᠬᠦᠭᠵᠢᠯᠲᠡ | ᠶᠢᠨ ᠰᠢᠨ᠎ᠡ ᠬᠦᠳᠡᠯᠭᠡᠭᠴᠢ ᠬᠦᠴᠦᠨ ᠢ ᠴᠢᠩᠭᠠᠷᠠᠭᠤᠯᠪᠠ᠃ ︽ᠲᠠᠪᠤᠨ ᠶᠡᠭᠡ ᠪᠦᠬᠦ ᠠᠵᠤ ᠦᠢᠯᠡᠰ ᠤᠨ ᠬᠡᠯᠬᠢᠶ᠎ᠡ︾ | ᠶᠢ ᠪᠣᠶᠢᠵᠢᠭᠤᠯᠬᠤ ᠶᠢᠨ ᠲᠣᠭᠤᠷᠢᠨ ᠳᠤ᠂ ᠲᠤᠰᠬᠠᠢ ᠮᠡᠷᠭᠡᠵᠢᠯ ᠤᠨ ᠬᠤᠳᠠᠯᠳᠤᠭᠠᠴᠢᠨ ᠤᠷᠢᠬᠤ ᠲᠣᠪᠴᠢᠶ᠎ᠠ ᠶᠢ 5 | ᠲᠣᠬᠢᠷᠠᠭᠤᠯᠤᠨ ᠭᠠᠳᠠᠭᠰᠢ ᠲᠣᠮᠢᠯᠠᠨ ᠬᠤᠳᠠᠯᠳᠤᠭᠠᠴᠢᠨ ᠤᠷᠢᠬᠤ ᠠᠵᠢᠯ ᠢ ᠦᠷᠨᠢᠭᠦᠯᠪᠡ᠃ ᠬᠤᠰᠢᠭᠤᠨ ᠤ ᠨᠠᠮ ᠤᠨ | ᠬᠤᠷᠢᠶ᠎ᠠ ᠵᠠᠰᠠᠭ ᠤᠨ ᠣᠷᠳᠤᠨ ᠤ ᠭᠤᠤᠯ ᠤᠳᠤᠷᠢᠳᠤᠯᠭ᠎ᠠ ᠪᠣᠯᠤᠨ ᠬᠤᠪᠢᠶᠠᠨ ᠬᠠᠮᠢᠶᠠᠷᠬᠤ ᠤᠳᠤᠷᠢᠳᠤᠯᠭ᠎ᠠ ᠠᠴᠠ | ᠦᠪᠡᠷᠲᠡᠭᠡᠨ ᠳᠣᠭᠤᠶᠢᠯᠠᠩ ᠳᠠᠭᠠᠭᠤᠯᠤᠨ ᠪᠡᠭᠡᠵᠢᠩ᠂ ᠲᠢᠶᠠᠨᠵᠢᠨ᠂ ᠱᠧᠨᠵᠧᠨ᠂ ᠱᠠᠨᠳᠦ᠋ᠩ ᠵᠡᠷᠭᠡ ᠭᠠᠵᠠᠷ ᠲᠤ | ᠬᠦᠷᠴᠦ᠂ ᠤᠷᠢᠳ ᠬᠤᠵᠢᠳ ᠵᠦᠩ ᠠᠨ ᠺᠠᠩ ᠪᠦᠯᠦᠭᠯᠡᠯ᠂ ᠳᠤᠮᠳᠠᠳᠤ ᠶᠢᠨ ᠪᠤᠳᠠᠭᠠᠨ ᠴᠢᠯᠠᠭᠤ᠂ ᠱᠠᠨᠳᠦ᠋ᠩ ᠤᠨ | ᠿᠢ ᠵᠣᠣ ᠶᠢᠨ ᠯᠢᠩ ᠶᠦᠨ ᠬᠠᠢ ᠪᠦᠯᠦᠭᠯᠡᠯ ᠵᠡᠷᠭᠡ30 ᠭᠠᠷᠤᠢ ᠠᠵᠤ ᠠᠬᠤᠶᠢᠯᠠᠯ ᠲᠠᠢ ᠪᠦᠲᠦᠮᠵᠢᠲᠡᠢ ᠵᠣᠯᠭᠠᠯᠳᠤᠪᠠ | ᠃ ᠡᠮᠦᠨ᠎ᠡ ᠵᠢᠷᠭᠤᠭᠠᠨ ᠰᠠᠷ᠎ᠠ ᠳᠤ᠂ ᠰᠢᠨ᠎ᠡ ᠪᠠᠷ ᠬᠡᠯᠡᠯᠴᠡᠭᠡᠷ ᠲᠣᠭᠲᠠᠭᠰᠠᠨ ᠲᠦᠷᠦᠯ ᠵᠦᠢᠯ25 ᠪᠠᠶᠢᠵᠤ᠂ | ᠬᠡᠯᠡᠯᠴᠡᠭᠡᠷ ᠲᠤ ᠲᠣᠭᠲᠠᠭᠰᠠᠨ ᠪᠡᠯᠡ ᠣᠷᠤᠭᠤᠯᠤᠯᠲᠠ ᠶᠢᠨ ᠦᠷᠳᠡᠭ109.65 ᠳ᠋ᠦᠩᠰᠢᠭᠤᠷ ᠲᠦᠭᠦᠷᠢᠭ ᠬᠦᠷᠴᠦ᠂ | ᠣᠷᠤᠨ ᠪᠠᠶᠢᠷᠢ ᠳᠠᠭᠠᠨ ᠬᠦᠷᠦᠭᠰᠡᠨ ᠪᠡᠯᠡ ᠮᠦᠩᠭᠦ13.46 ᠳ᠋ᠦᠩᠰᠢᠭᠤᠷ ᠲᠦᠭᠦᠷᠢᠭ ᠪᠣᠢ᠃ |