ᠨᠠᠢᠮᠠᠨ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠡᠷᠡᠭᠦᠯ ᠲᠣᠭᠲᠠᠭᠤᠨ ᠢᠶᠠᠷ ᠬᠦᠭᠵᠢᠵᠦ ᠪᠣᠢ
ᠨᠡᠶᠢᠲᠡᠯᠡᠭᠰᠡᠨ ᠴᠠᠭ᠄
2018-08-31
     ᠳᠡᠭᠡᠷ᠎ᠡ ᠬᠠᠭᠠᠰ ᠵᠢᠯ᠂ ᠨᠠᠢᠮᠠᠨ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠡᠷᠡᠭᠦᠯ ᠲᠣᠭᠲᠠᠭᠤᠨ ᠢᠶᠠᠷ ᠬᠦᠭᠵᠢᠭᠰᠡᠨ ᠪᠠᠶᠢᠨ᠎ᠠ᠃ ᠡᠭᠦᠨ ᠳᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠦᠭᠵᠢᠯᠲᠡ ᠶᠢᠨ ᠪᠠᠶᠢᠳᠠᠯ ᠮᠠᠰᠢ ᠰᠠᠶᠢᠨ ᠬᠠᠨᠳᠤᠰᠢ ᠲᠠᠢ ᠪᠣᠯᠵᠤ᠂ ᠴᠠᠬᠢᠯᠭᠠᠨ ᠤ ᠬᠡᠷᠡᠭᠯᠡᠭᠡ ᠦᠷᠭᠦᠯᠵᠢᠯᠡᠨ ᠨᠡᠮᠡᠭᠳᠡᠵᠦ᠂1— 6 ᠰᠠᠷ᠎ᠠ ᠳᠤ᠂ ᠲᠤᠰ ᠬᠤᠰᠢᠭᠤᠨ ᠤ ᠬᠡᠪᠴᠢᠶᠡᠵᠢᠯ ᠠᠴᠠ ᠳᠡᠭᠡᠭᠰᠢ ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠶᠡᠷᠦᠩᠬᠡᠢ ᠦᠷᠳᠡᠭ11.23 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ98% ᠪᠠᠷ ᠨᠡᠮᠡᠭᠳᠡᠪᠡ︔ ᠠᠵᠤ ᠦᠢᠯᠡᠳᠪᠦᠷᠢ ᠶᠢᠨ ᠴᠠᠬᠢᠯᠭᠠᠨ ᠤ ᠬᠡᠷᠡᠭᠯᠡᠭᠡ3.39 ᠳ᠋ᠦᠩᠰᠢᠭᠤᠷ ᠭᠷᠠᠳᠦ᠋ᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ8.9% ᠪᠠᠷ ᠨᠡᠮᠡᠭᠳᠡᠪᠡ᠃ ᠳᠠᠭᠠᠭᠤᠯᠤᠭᠴᠢ ᠠᠵᠤ ᠠᠬᠤᠶᠢᠯᠠᠯ ᠤᠨ ᠦᠢᠯᠡᠳᠪᠦᠷᠢᠯᠡᠯ ᠪᠣᠷᠤᠯᠠᠭᠤᠯᠤᠯᠲᠠ ᠲᠣᠭᠲᠠᠭᠤᠨ ᠨᠡᠮᠡᠭᠳᠡᠵᠦ᠂ ᠠᠵᠤ ᠠᠬᠤᠢ  ᠶᠢᠨ ᠦᠷ᠎ᠡ ᠠᠰᠢᠭ ᠢᠯᠡᠳᠲᠡ ᠨᠡᠮᠡᠭᠳᠡᠵᠡᠢ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠭ᠎ᠠ ᠬᠡᠮᠵᠢᠶ᠎ᠡ᠂ ᠪᠡᠯᠡ ᠣᠷᠤᠭᠤᠯᠤᠯᠲᠠ ᠶᠢᠨ ᠬᠡᠮᠵᠢᠶ᠎ᠡ ᠰᠢᠨ᠎ᠡ ᠲᠡᠦᠬᠡᠨ ᠲᠡᠮᠲᠡᠭᠯᠡᠯ ᠢ ᠡᠭᠦᠳᠴᠡᠢ᠃ ᠵᠢᠯ ᠤᠨ ᠳᠣᠲᠤᠷ᠎ᠠ᠂ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠲᠦᠷᠦᠯ ᠵᠦᠢᠯ ᠢ24 ᠬᠡᠷᠡᠭᠵᠢᠭᠦᠯᠬᠦ ᠪᠠᠷ ᠲᠦᠯᠦᠪᠯᠡᠵᠦ᠂ ᠡᠭᠦᠨ ᠳᠤ ᠦᠷᠭᠦᠯᠵᠢᠯᠡᠨ ᠪᠦᠲᠦᠭᠡᠨ ᠪᠠᠶᠢᠭᠤᠯᠵᠤ ᠪᠠᠶᠢᠭ᠎ᠠ ᠨᠢ6 ᠪᠠᠶᠢᠵᠤ᠂ ᠣᠳᠤᠬᠠᠨ ᠳᠤ ᠨᠢᠭᠡᠨᠲᠡ13.66 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠪᠡ᠃          ︵ᠮᠠ ᠪᠦᠬᠡ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号