ᠲᠥᠷᠦᠭᠦᠬᠡᠨ ᠬᠤᠷᠠᠯᠳᠤᠬᠰᠠᠨ ᠪᠦᠬᠦ ᠤᠯᠤᠰ ᠤᠨ ᠰᠤᠷᠭᠠᠨ ᠬᠦᠮᠦᠵᠢᠯ ᠤᠨ ᠠᠵᠢᠯ ᠤᠨ ᠬᠤᠷᠠᠯᠳᠤᠭᠠᠨ ᠳᠡᠭᠡᠷ᠎ᠡ | ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠰᠤᠷᠭᠠᠨ ᠬᠦᠮᠦᠵᠢᠯ ᠤᠨ ᠲᠣᠬᠠᠢ᠂ ᠣᠨᠴᠠᠭᠠᠶᠢᠯᠠᠨ | ᠦᠨᠳᠦᠰᠦᠲᠡᠨ ᠤ ᠰᠤᠷᠭᠠᠨ ᠬᠦᠮᠦᠵᠢᠯ ᠤᠨ ᠥᠷᠨᠢᠯ ᠬᠦᠭᠵᠢᠯ ᠤᠨ ᠲᠣᠬᠠᠢ ᠦᠬᠦᠯᠡᠮᠵᠢ ᠵᠢᠭᠠᠪᠤᠷᠢ ᠨᠢ ᠬᠡᠭᠦᠳᠡᠭ | ᠴᠡᠭᠡᠵᠢ ᠶᠢ ᠪᠠᠶᠠᠰᠬᠠᠨ ᠬᠦᠮᠦᠵᠢᠯ ᠰᠤᠷᠭᠠᠯ ᠬᠦᠷᠲᠡᠭᠡᠵᠦ᠂ ᠣᠷᠣᠨ ᠨᠤᠲᠤᠭ ᠤᠨ ᠦᠨᠳᠦᠰᠦᠲᠡᠨ ᠤ ᠰᠤᠷᠭᠠᠨ | ᠬᠦᠮᠦᠵᠢᠯ ᠤᠨ ᠥᠷᠨᠢᠩᠭᠦᠢ ᠬᠦᠭᠵᠢᠯᠲᠡ ᠳᠤ ᠰᠡᠦᠨᠬᠢᠯ ᠲᠡᠨᠢᠭᠦᠨ ᠪᠠᠶᠢᠬᠰᠠᠨ ᠴᠤ ᠦᠨᠳᠦᠰᠦᠲᠡᠨ ᠤ ᠰᠤᠷᠭᠠᠭᠤᠯᠢ ᠶᠢ | ᠬᠡᠳᠦ ᠲᠥᠪᠯᠡᠷᠡᠩᠭᠦᠢ ᠡᠷᠬᠢᠯᠡᠭᠰᠡᠨ ᠲᠣᠬᠠᠢ ᠪᠣᠳᠤᠯᠭᠠᠰᠢᠷᠠᠯ ᠪᠣᠯᠵᠤ ᠰᠠᠭᠤᠨᠠᠮ᠃ | ᠭᠤᠴᠢ ᠭᠠᠷᠤᠢ ᠵᠢᠯ ᠤᠨ ᠡᠮᠦᠨ᠎ᠡ᠂ ᠦᠨᠳᠦᠰᠦᠲᠡᠨ ᠤ ᠰᠤᠷᠭᠠᠭᠤᠯᠢ ᠶᠢ ᠲᠥᠪᠯᠡᠷᠡᠩᠭᠦᠢ ᠡᠷᠬᠢᠯᠡᠪᠡᠯ ᠵᠣᠬᠢᠬᠤ ᠲᠣᠬᠠᠢ | ᠦᠵᠡᠯᠲᠡ ᠪᠣᠳᠤᠯ ᠢᠶᠠᠨ ᠢᠯᠡᠦᠨᠬᠡᠭᠰᠡᠨ ᠦᠭᠦᠯᠡᠯ ᠵᠣᠬᠢᠶᠠᠯ ᠪᠢᠴᠢᠵᠦ ᠰᠣᠨᠢᠨ ᠰᠡᠦᠨᠬᠦᠯ ᠳᠤ ᠨᠡᠶᠢᠲᠡᠯᠡᠭᠦᠯᠵᠦ | ᠥᠩᠭᠡᠷᠡᠭᠰᠡᠨ᠂ ᠶᠠᠷᠢᠶ᠎ᠠ ᠰᠤᠳᠤᠯᠭᠠᠨ ᠤ ᠬᠤᠷᠠᠯ ᠴᠣᠬᠯᠠᠭᠠᠨ ᠳᠤ ᠣᠯᠠᠨ ᠤ ᠡᠮᠦᠨ᠎ᠡ ᠤᠩᠰᠢᠵᠤ ᠶᠠᠪᠣᠬᠰᠠᠨ᠃ | ᠲᠤᠬᠠᠢ ᠶᠢᠨ ᠦᠶ᠎ᠡ ᠳᠤ ︽ᠰᠣᠶᠣᠯ ᠤᠨ ᠬᠤᠪᠢᠰᠬᠠᠯ︾ ᠤᠨ ᠰᠥᠷᠭᠡᠦ ᠤᠷᠤᠰᠬᠠᠯ ᠤᠨ ᠰᠠᠮᠠᠭᠤᠷᠠᠯ | ᠨᠥᠯᠦᠭᠡᠯᠡᠯ ᠠᠴᠠ ᠪᠣᠯᠵᠤ ᠦᠨᠳᠦᠰᠦᠲᠡᠨ ᠤ ᠰᠤᠷᠭᠠᠨ ᠬᠦᠮᠦᠵᠢᠯ ᠰᠠᠯᠤᠩᠬᠢᠷᠠᠵᠤ᠂ ᠤᠣᠯ ᠤᠨ ᠶᠡᠭᠡ ᠪᠠᠷᠢᠭᠠᠳᠠ | ᠬᠦᠷᠲᠡᠯ᠎ᠡ ᠠᠩᠬ᠎ᠠ ᠳᠣᠮᠳᠠᠳᠤ ᠶᠢᠨ ᠠᠩᠭᠢ ᠡᠷᠬᠢᠯᠡᠵᠦ᠂ ᠪᠠᠭᠰᠢ ᠶᠢᠨ ᠬᠦᠴᠦᠨ ᠪᠣᠳᠠᠰ ᠤᠨ ᠬᠦᠴᠦᠨ ᠬᠦᠷᠦᠯᠴᠡᠬᠦ | ᠦᠭᠡᠢ ᠵᠢᠭᠠᠨ ᠰᠤᠷᠭᠠᠬᠤ ᠶᠠᠰᠤ ᠴᠢᠨᠠᠷ ᠢ ᠶᠡᠬᠡᠪᠡᠷ ᠨᠥᠯᠦᠭᠡᠯᠡᠵᠦ᠂ ᠨᠠᠮ ᠤᠨ ᠰᠤᠷᠭᠠᠨ ᠬᠦᠮᠦᠵᠢᠯ ᠤᠨ ᠴᠢᠭᠯᠡᠯᠲᠡ | ᠪᠣᠳᠤᠯᠭ᠎ᠠ ᠶᠢ ᠪᠦᠬᠦ ᠲᠠᠯ᠎ᠠ ᠪᠠᠷ ᠨᠠᠷᠢᠨ ᠬᠢᠨᠠᠮᠠᠭᠠᠢ ᠲᠣᠤᠱᠯᠠᠭᠤᠯᠬᠤ ᠳᠤ ᠬᠥᠨᠳᠦ ᠰᠦᠷᠡᠬᠡᠢ ᠬᠠᠷᠰᠢ ᠰᠠᠭᠠᠳ | ᠪᠣᠯᠤᠬᠰᠠᠨ ᠪᠠᠶᠢᠪᠠ᠃ ᠡᠨᠡ ᠬᠦ ᠡᠮᠦᠨᠡᠬᠢ ᠨᠢᠭᠡᠨ ᠬᠤᠭᠤᠴᠠᠭᠠᠨ ᠤ ᠰᠤᠷᠭᠠᠭᠤᠯᠢ ᠶᠢᠨ ᠪᠠᠶᠢᠷᠢᠰᠢᠯ ᠬᠡᠳᠦ | ᠰᠠᠯᠤᠩᠬᠢᠷᠠᠬᠰᠠᠨ ᠡᠮᠵᠡᠭ ᠭᠡᠮ ᠢ ᠲᠥᠪᠯᠡᠷᠡᠭᠦᠯᠬᠦ ᠪᠠᠷ ᠵᠠᠰᠠᠬᠤ ᠨᠢ ᠵᠦᠢ ᠶᠣᠰᠣᠨ ᠤ ᠵᠥᠪ ᠶᠠᠪᠤᠳᠠᠯ ᠮᠦᠨ᠃ | ᠭᠡᠬᠦ ᠳᠤ᠂ ᠰᠢᠨ᠎ᠡ ᠵᠠᠭᠤᠨ ᠤ ᠡᠬᠢᠨ ᠠᠴᠠ ᠦᠨᠳᠦᠰᠦᠲᠡᠨ ᠤ ᠰᠤᠷᠭᠠᠭᠤᠯᠢ ᠶᠢ ᠲᠥᠪᠯᠡᠷᠡᠩᠭᠦᠢ ᠡᠷᠬᠢᠯᠡᠬᠦ ᠤᠷᠤᠰᠬᠠᠯ | ︽ᠲᠣᠬᠰᠢᠨ ᠦᠶᠡᠷ︾ ᠪᠣᠯᠣᠨ ︽ᠳᠠᠪᠠᠯᠭᠠᠯᠠᠵᠤ︾᠂ ᠬᠥᠨᠳᠦᠦᠨᠬᠡᠨ ᠦᠵᠡᠵᠦ ᠬᠦᠴᠦᠯᠡᠨ ᠴᠢᠷᠮᠠᠶᠢᠵᠤ | ᠪᠠᠶᠢᠭᠤᠯᠤᠬᠰᠠᠨ ᠬᠦᠳᠡᠭᠡ ᠲᠣᠰᠬᠤᠨ ᠤ ᠮᠤᠩᠭᠤᠯ ᠰᠤᠷᠭᠠᠭᠤᠯᠢ ᠨᠤᠭᠤᠳ ᠢ ᠬᠠᠶᠢᠷ᠎ᠠ ᠨᠠᠶᠢᠷ ᠦᠭᠡᠢ ᠬᠠᠰᠤᠵᠤ᠂ | ᠣᠳᠣᠬᠠᠨ ᠳᠤ ᠮᠠᠯᠵᠢᠬᠤ ᠣᠷᠣᠨ ᠮᠤᠩᠭᠤᠯ ᠨᠤᠲᠤᠭ ᠲᠤ ᠲᠠᠪᠤᠨ ᠣᠳᠤᠳᠤ ᠤᠯᠠᠭᠠᠨ ᠥᠩᠭᠡᠳᠦ ᠤᠯᠤᠰ ᠤᠨ ᠲᠤᠭ | ᠨᠠᠮᠢᠷᠠᠨ ᠬᠠᠷᠠᠬᠳᠠᠬᠤ ᠨᠢ ᠡᠳᠥᠷ ᠤᠨ ᠣᠳᠣ ᠰᠢᠭ᠋ ᠪᠣᠯᠵᠤ᠂ ᠨᠠᠷᠠᠳᠣ ᠰᠠᠶᠢᠬᠠᠨ ᠬᠤᠷᠸ᠎ᠠ ᠨᠠᠷᠮᠠᠢ ᠮᠤᠩᠭᠤᠯ | ᠨᠤᠲᠤᠭ ᠲᠤ ᠶᠠᠭᠤ ᠨᠢᠭᠡ ᠲᠣᠲᠠᠬᠳᠠᠵᠤ᠂ ᠨᠠᠮ ᠵᠢᠮ ᠪᠠᠶᠢᠳᠠᠯ ᠳᠤ ᠣᠷᠤᠪᠠ᠃ | ᠦᠨᠳᠦᠰᠦᠲᠡᠨ ᠤ ᠰᠤᠷᠭᠠᠭᠤᠯᠢ ᠶᠢ ᠲᠥᠪᠯᠡᠷᠡᠩᠭᠦᠢ ᠡᠷᠬᠢᠯᠡᠬᠦ ᠨᠢ ᠵᠢᠭᠠᠨ ᠰᠤᠷᠭᠠᠬᠤ ᠶᠠᠰᠤ ᠴᠢᠨᠠᠷ ᠢ | ᠳᠡᠭᠡᠭᠰᠢᠯᠡᠭᠦᠯᠬᠦ ᠳᠤ ᠬᠠᠷᠢᠴᠠᠩᠭᠤᠢ ᠠᠰᠢᠭ ᠲᠠᠢ ᠪᠠᠶᠢᠳᠠᠭ᠃ ᠭᠡᠬᠦ ᠳᠤ᠂ ᠬᠡᠳᠦ ᠲᠥᠪᠯᠡᠷᠡᠭᠦᠯᠵᠦ ᠪᠣᠯᠬᠤ ᠦᠭᠡᠢ᠃ | ᠰᠤᠷᠭᠠᠭᠤᠯᠢ ᠶᠢᠨ ᠪᠠᠶᠢᠷᠢᠰᠢᠯ ᠵᠦᠢ ᠵᠣᠬᠢᠰᠲᠠᠢ ᠪᠠᠶᠢᠬᠤ ᠬᠡᠷᠡᠭᠲᠡᠢ᠃ ᠳᠠᠷᠤᠢ ᠤᠯᠤᠰ ᠭᠦᠷᠦᠨ ᠤ ᠬᠠᠤᠯᠢ | ᠶᠣᠰᠣᠨ ᠳᠤ ᠨᠡᠶᠢᠴᠡᠭᠰᠡᠨ ᠪᠠᠶᠢᠬᠤ᠂ ᠦᠢ ᠣᠯᠠᠨ ᠭᠡᠷ ᠤᠨ ᠠᠬᠠᠮᠠᠳ ᠤᠨ ᠦᠨᠳᠦᠰᠦᠨ ᠠᠰᠢᠭ ᠳᠤᠰᠠ ᠶᠢ | ᠲᠥᠯᠦᠭᠡᠯᠡᠭᠰᠡᠨ ᠪᠠᠶᠢᠬᠤ᠂ ᠦᠨᠳᠦᠰᠦᠲᠡᠨ ᠤ ᠰᠤᠷᠭᠠᠨ ᠬᠦᠮᠦᠵᠢᠯ ᠤᠨ ᠣᠳᠣᠬᠢ ᠪᠠ ᠢᠷᠡᠭᠡᠳᠦᠢ ᠶᠢᠨ | ᠬᠥᠭᠵᠢᠯᠲᠡ ᠳᠤ ᠠᠰᠢᠭ ᠲᠠᠢ ᠪᠠᠶᠢᠬᠤ᠂ ᠦᠨᠳᠦᠰᠦᠲᠡᠨ ᠤ ᠦᠷ᠎ᠡ ᠬᠡᠦᠬᠡᠳ ᠤᠨ ᠠᠮᠢᠳᠤᠷᠠᠯ ᠰᠤᠷᠤᠯᠭ᠎ᠠ ᠳᠤ | ᠲᠥᠭᠦᠮ ᠪᠠᠶᠢᠵᠤ ᠭᠡᠷ ᠤᠨ ᠢᠶᠠᠨ ᠣᠶᠢᠷ᠎ᠠ ᠣᠷᠴᠢᠮ ᠳᠤ ᠣᠷᠤᠬᠤ ᠡᠷᠬᠡ ᠶᠢ ᠪᠠᠳᠤᠯᠠᠬᠰᠠᠨ ᠪᠠᠶᠢᠬᠤ ᠵᠡᠷᠭᠡ ᠠᠯᠢ | ᠣᠯᠠᠨ ᠪᠣᠳᠠᠳᠤ ᠶᠠᠪᠤᠳᠠᠯ ᠢ ᠪᠣᠳᠤᠯᠬᠢᠯᠠᠨ ᠬᠠᠷᠠᠭᠠᠯᠵᠠᠬᠰᠠᠨ ᠪᠠᠶᠢᠬᠤ ᠬᠡᠷᠡᠭᠲᠡᠢ᠃ | ᠣᠳᠣ ᠦᠵᠡᠬᠦ ᠳᠤ᠂ ᠰᠤᠷᠭᠠᠭᠤᠯᠢ ᠶᠢ ᠬᠤᠲᠠ ᠪᠠᠯᠭᠠᠰᠤᠨ ᠳᠤ ᠬᠡᠳᠦ ᠲᠥᠪᠯᠡᠷᠡᠭᠦᠯᠦᠨ ᠡᠷᠬᠢᠯᠡᠭᠰᠡᠨ | ᠤᠴᠢᠷ ᠲᠤ ᠨᠠᠵᠠᠭᠠᠢ ᠵᠦᠢᠯᠡᠰ ᠣᠯᠠᠨ ᠬᠠᠷᠠᠬᠳᠠᠵᠤ᠂ ᠵᠦᠢ ᠵᠣᠬᠢᠰᠲᠠᠢ ᠵᠥᠪ ᠰᠢᠢᠦᠨᠪᠦᠷᠢᠯᠡᠬᠦ ᠴᠢᠬᠤᠯᠠ ᠲᠠᠢ | ᠪᠠᠶᠢᠨ᠎ᠠ᠃ ᠶᠠᠭᠤᠨ ᠤ ᠡᠮᠦᠨ᠎ᠡ ᠭᠡᠷ ᠤᠨ ᠠᠬᠠᠮᠠᠳ ᠤᠨ ᠬᠡᠦᠬᠡᠳ ᠲᠤ ᠬᠦᠷᠲᠡᠭᠡᠬᠦ ᠬᠦᠮᠦᠵᠢᠯ ᠰᠤᠷᠭᠠᠯ ᠬᠠᠶᠢᠷ᠎ᠠ | ᠨᠥᠯᠦᠭᠡ ᠲᠣᠳᠠᠮᠠᠭ ᠠᠨᠠᠢ ᠪᠣᠯᠪᠠ᠃ ᠭᠡᠷ ᠪᠦᠯᠢ ᠶᠢᠨ ᠬᠦᠮᠦᠵᠢᠯ ᠪᠣᠯ ᠰᠤᠷᠭᠠᠭᠤᠯᠢ ᠰᠤᠷᠲᠠᠬᠤᠨ ᠤ ᠬᠦᠮᠦᠵᠢᠯ ᠤᠨ | ᠬᠠᠮᠤᠭ ᠤᠨ ᠠᠩᠬᠠᠨ ᠤ ᠰᠠᠭᠤᠷᠢ ᠬᠥᠮᠦᠵᠢᠯ ᠪᠠᠶᠢᠵᠤ᠂ ᠡᠨᠡ ᠬᠦ ᠬᠥᠮᠦᠵᠢᠯ ᠲᠤᠳᠠᠬᠳᠠᠬᠰᠠᠨ ᠶᠠᠪᠤᠳᠠᠯ ᠨᠢ ᠮᠠᠨ ᠤ | ᠮᠤᠩᠭᠤᠯ ᠲᠣᠭᠤᠷᠭᠠᠲᠠᠨ ᠤ ᠠᠶᠢᠯ ᠭᠡᠷ ᠪᠣᠯᠭᠠᠨ ᠢᠶᠠᠷ ᠠᠮᠠ ᠳᠠᠮᠵᠢᠬᠳᠠᠨ ᠤᠯᠠᠮᠵᠢᠯᠠᠬᠳᠠᠨ ᠶᠠᠷᠢᠬᠳᠠᠬᠰᠠᠭᠠᠷ | ᠢᠷᠡᠭᠰᠡᠨ ︽ᠬᠦᠮᠦᠨ ᠪᠣᠯᠬᠤ ᠪᠠᠭ᠎ᠠ ᠠᠴᠠ ᠪᠠᠨ᠂ ᠬᠥᠯᠦᠭ ᠪᠣᠯᠬᠤ ᠤᠨᠠᠭᠠᠨ ᠠᠴᠠ ᠪᠠᠨ︾ ᠭᠡᠳᠡᠭ ᠭᠦᠨ ᠤᠬᠠᠭᠠᠨ | ᠭᠦᠢᠴᠡᠳ ᠰᠢᠩᠬᠡᠭᠰᠡᠨ ᠡᠨᠡ ᠰᠠᠶᠢᠬᠠᠨ ᠵᠦᠢᠷ ᠰᠡᠴᠡᠨ ᠦᠭᠡ ᠶᠢ ᠬᠦᠨᠳᠦᠦᠨᠬᠡᠨ ᠠᠰᠢᠬᠯᠠᠬᠤ ᠨᠢ ᠬᠤᠪᠤᠷᠬᠠᠨ | ᠪᠣᠯᠵᠤ᠂ ᠬᠡᠦᠬᠡᠳ ᠮᠡᠳᠡᠬᠦ ᠨᠢ ᠲᠤᠩ ᠴᠥᠬᠡᠨ ᠪᠣᠯᠪᠠ᠃ ᠲᠡᠷᠡᠴᠢᠯᠡᠨ ᠭᠡᠷ ᠤᠨ ᠠᠬᠠᠮᠠᠳ ᠤᠨ ᠠᠵᠤ ᠠᠬᠤᠢ | ᠠᠮᠢᠳᠤᠷᠠᠯ ᠤᠨ ᠳᠠᠷᠤᠭᠠᠰᠤ ᠨᠢ ᠬᠡᠳᠦᠷᠬᠡᠢ ᠬᠥᠨᠳᠦ ᠪᠣᠯᠵᠠᠢ᠃ ᠭᠠᠭᠴᠡ ᠥᠷᠦᠭᠡᠰᠦᠨ ᠬᠡᠦᠬᠡᠳ ᠢᠶᠠᠨ ᠪᠢᠴᠢᠭ ᠨᠣᠮ | ᠦᠵᠡᠭᠦᠯᠬᠦ ᠳᠤ ᠠᠷᠭᠠᠴᠠᠵᠤ ᠳᠡᠶᠢᠯᠬᠦ ᠦᠭᠡᠢ ᠪᠠᠶᠢᠨ ᠳᠠᠬᠢᠨ ᠭᠠᠴᠢᠬᠳᠠᠨ ᠰᠠᠨᠳᠤᠷᠴᠤ ᠶᠠᠪᠤᠭ᠎ᠠ ᠬᠦᠳᠡᠭᠡ | ᠨᠤᠲᠤᠭ ᠤᠨ ᠵᠠᠯᠠᠭᠤᠴᠤᠳ ᠮᠠᠨᠢ ᠬᠤᠶᠠᠷ ᠬᠡᠦᠬᠡᠳ ᠠᠪᠬᠤ ᠠᠴᠠ ᠶᠡᠬᠡᠲᠡ ᠠᠶᠤᠵᠤ ᠡᠮᠢᠶᠡᠭᠰᠡᠨ ᠦᠭᠡ ᠶᠠᠷᠢᠶ᠎ᠠ | ᠵᠦᠩᠲᠡᠭᠡᠨ ᠰᠤᠨᠤᠰᠳᠠᠬᠳᠠᠨᠠ᠃ ᠡᠨᠡ ᠨᠢ ᠦᠨᠳᠦᠰᠦᠲᠡᠨ ᠤ ᠢᠷᠡᠭᠡᠳᠦᠢ ᠶᠢᠨ ᠥᠷᠨᠢᠯ ᠮᠠᠨᠳᠤᠯ ᠳᠤ ᠲᠤᠩ ᠠᠰᠢᠭ | ᠦᠭᠡᠢ᠃ ᠪᠠᠰᠠ ᠬᠡᠯᠡᠪᠡᠯ᠂ ᠦᠨᠳᠦᠰᠦᠲᠡᠨ ᠤ ᠦᠭᠡ ᠬᠡᠯᠡ ᠦᠰᠦᠭ ᠪᠢᠴᠢᠭ ᠢᠶᠠᠨ ᠬᠥᠭᠵᠢᠭᠦᠯᠬᠦ ᠳᠤ ᠦᠨᠡᠨᠬᠦ | ᠠᠰᠢᠭ ᠦᠭᠡᠢ᠃ ᠮᠤᠩᠭᠤᠯ ᠬᠡᠦᠬᠡᠳ ᠤᠨ ᠠᠮᠢᠳᠤᠷᠠᠯ ᠬᠦᠴᠢᠷᠲᠡᠢ ᠨᠢ ᠰᠤᠷᠤᠯᠭ᠎ᠠ ᠪᠠᠨ ᠠᠷᠭ᠎ᠠ ᠦᠭᠡᠢ ᠳᠣᠷᠭᠤᠨ | ᠵᠣᠬᠰᠤᠵᠤ᠂ ᠵᠠᠷᠢᠮ ᠴᠢᠨᠡᠭᠡᠯᠢᠭ ᠨᠢᠭᠡ ᠨᠢ ᠬᠠᠷᠢᠨ ᠬᠤᠯᠠ ᠰᠠᠭᠤᠬᠤ ᠯᠠ ᠶᠤᠮ ᠴᠢᠨᠢ ᠬᠢᠲᠠᠳ ᠢᠶᠠᠷ ᠨᠢ | ᠦᠵᠡᠭᠦᠯᠴᠢᠶᠡ ᠭᠡᠳ ᠮᠤᠩᠭᠤᠯ ᠪᠢᠴᠢᠭ ᠢᠶᠠᠨ ᠰᠤᠷᠬᠤ ᠶᠢ ᠣᠮᠳᠤᠭᠠᠶᠢᠯᠠᠵᠤ᠂ ᠡᠨᠡ ᠨᠢ ᠬᠤᠯᠢᠮᠠᠭ ᠬᠡᠯᠡ ᠰᠤᠷᠬᠤ | ᠪᠣᠶᠤ ᠮᠤᠩᠭᠤᠯ ᠦᠭᠡ ᠬᠡᠯᠡ ᠦᠰᠦᠭ ᠪᠢᠴᠢᠭ ᠤᠨ ᠠᠶᠠᠨᠳᠠᠭᠠᠨ ᠬᠠᠶᠢᠯᠠᠬᠤ ᠳᠤ ᠰᠠᠭᠤᠷᠢ ᠲᠠᠯᠪᠢᠨ ᠬᠥᠭᠦᠷᠭᠡ | ᠪᠣᠯᠪᠠ᠃ ᠲᠡᠷᠡᠴᠢᠯᠡᠨ ᠦᠨᠳᠦᠰᠦᠲᠡᠨ ᠤ ᠵᠠᠩ ᠤᠶᠢᠯᠡ ᠪᠠᠨ ᠤᠯᠠᠮᠵᠢᠯᠠᠨ ᠬᠥᠭᠵᠢᠭᠦᠯᠬᠦ ᠪᠠ ᠨᠤᠲᠤᠭ ᠤᠰᠤ ᠪᠠᠨ | ᠬᠠᠶᠢᠷᠠᠯᠠᠬᠤ ᠰᠡᠦᠨᠬᠢᠯᠭᠡ ᠶᠢ ᠬᠦᠮᠦᠵᠢᠭᠦᠯᠬᠦ ᠳᠤ ᠵᠣᠬᠢᠬᠤ ᠬᠠᠷᠰᠢ ᠰᠠᠭᠠᠳ ᠪᠣᠯᠵᠤ ᠪᠠᠶᠢᠳᠠᠭ᠃ ᠳᠠᠬᠢᠨ ᠬᠡᠯᠡᠪᠡᠯ | ᠭᠤᠷᠪᠠᠨ ᠦᠶ᠎ᠡ ᠪᠠᠷ ᠢᠶᠠᠨ ᠰᠡᠮ ᠰᠡᠭᠦᠷᠡᠰᠦᠯᠡᠨ ᠰᠡᠦᠨᠬᠢᠯ ᠵᠣᠪᠠᠵᠤ ᠪᠠᠶᠢᠳᠠᠭ᠃ ᠬᠡᠦᠬᠡᠳ ᠨᠢ ᠭᠡᠷ ᠢᠶᠠᠨ ᠰᠠᠨᠠᠵᠤ | ᠵᠣᠪᠠᠨ᠎ᠠ ᠬᠠᠷᠢᠬᠤ ᠶᠢ ᠪᠣᠳᠤᠨ᠎ᠠ᠃ ᠡᠴᠢᠭᠡ ᠡᠬᠡ ᠨᠢ ᠦᠷ᠎ᠡ ᠬᠡᠦᠬᠡᠳ ᠤᠨ ᠢᠶᠠᠨ ᠬᠤᠶᠢᠨ᠎ᠠ ᠠᠴᠠ ᠰᠠᠨᠠᠭ᠎ᠠ ᠪᠣᠯᠵᠤ | ᠵᠣᠪᠠᠨ᠎ᠠ ᠣᠴᠢᠵᠤ ᠦᠵᠡᠬᠦ ᠶᠢ ᠰᠠᠨᠠᠨ᠎ᠠ᠃ ᠡᠪᠦᠭᠡ ᠡᠮᠡᠭᠡ ᠨᠢ ᠣᠮᠪᠤᠯᠤ ᠪᠠᠨ ᠠᠰᠠᠷᠠᠨ ᠬᠠᠷᠠᠭᠠᠯᠵᠠᠵᠤ ᠲᠥᠷᠢᠶᠡᠰᠦᠨ | ᠭᠡᠷ ᠲᠤ ᠲᠦᠭ ᠲᠠᠭ ᠲᠠᠢ ᠵᠣᠪᠠᠵᠤ ᠰᠠᠭᠤᠨ᠎ᠠ᠃ ᠬᠥᠭᠡᠷᠦᠬᠦᠢ᠂ ᠬᠡᠵᠢᠶ᠎ᠡ ᠡᠪᠲᠡᠢ ᠵᠦᠢᠲᠡᠢ ᠡᠷᠭᠢᠯᠲᠡ ᠭᠠᠷᠳᠠᠭ ᠪᠣᠯ | ︖ | (ᠯᠢ ᠪᠤᠶᠠᠨᠴᠤᠬᠯᠠ) |