ᠣᠶᠢᠷ᠎ᠠ ᠳᠤ᠂ ᠨᠠᠢᠮᠠᠨ ᠬᠤᠰᠢᠭᠤᠨ ᠤ ᠰᠣᠶᠣᠯ ᠲᠡᠤᠬᠡ ᠶᠢᠨ ᠵᠥᠪᠯᠡᠯ᠂ ᠨᠠᠢᠮᠠᠨ ᠬᠤᠰᠢᠭᠤᠨ ᠤ | ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠪᠣᠯᠤᠨ ᠨᠠᠢᠮᠠᠨ ᠬᠤᠰᠢᠭᠤᠨ ᠤ ᠰᠤᠷᠭᠠᠨ ᠬᠥᠮᠦᠵᠢᠯ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠵᠢᠴᠢ ᠯᠤᠤᠬ᠎ᠠ ᠶᠢᠨ ᠭᠤᠤᠯ ᠠᠮᠤ ᠪᠤᠳᠠᠭᠠᠨ ᠤ | ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠬᠤᠰᠢᠭᠤᠨ ᠤ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ | ᠳᠤ ︽ᠯᠤᠤᠬ᠎ᠠ ᠶᠢᠨ ᠭᠤᠤᠯ︾ ᠬᠤᠨᠳᠠᠭᠠᠲᠤ ᠨᠠᠢᠮᠠᠨ ᠬᠤᠰᠢᠭᠤᠨ ᠤ ᠮᠣᠩᠭᠤᠯ ᠦᠨᠳᠦᠰᠦᠲᠡᠨ ᠤ ᠠᠷᠠᠳ ᠤᠨ | ᠰᠣᠶᠣᠯ ᠮᠡᠳᠡᠯᠭᠡ ᠶᠢᠨ ᠤᠷᠤᠯᠳᠤᠭᠠᠨ ᠢ ᠬᠠᠮᠲᠤᠷᠠᠨ ᠡᠷᠬᠢᠯᠡᠪᠡ᠃ ᠨᠠᠢᠮᠠᠨ ᠬᠤᠰᠢᠭᠤᠨ ᠤ ᠮᠣᠩᠭᠤᠯ | ᠦᠨᠳᠦᠰᠦᠲᠡᠨ ᠤ ᠵᠠᠩ ᠠᠭᠠᠯᠢ ᠶᠡᠷᠦ ᠶᠢᠨ ᠮᠡᠳᠡᠯᠭᠡ᠂ ᠦᠨᠳᠦᠰᠦᠲᠡᠨ ᠤ ᠰᠣᠶᠣᠯ ᠮᠡᠳᠡᠯᠭᠡ ᠵᠡᠷᠭᠡ ᠲᠠᠯ᠎ᠠ ᠶᠢᠨ | ᠮᠡᠳᠡᠯᠭᠡ ᠪᠠᠷ ᠭᠤᠤᠯ ᠠᠭᠤᠯᠭ᠎ᠠ ᠪᠣᠯᠭᠠᠵᠤ᠂ ᠵᠠᠯᠠᠭᠤᠴᠤᠳ ᠪᠠᠭᠠᠴᠤᠳ ᠤᠨ ᠨᠤᠲᠤᠭ ᠤᠰᠤ ᠪᠠᠨ ᠬᠠᠶᠢᠷᠠᠯᠠᠬᠤ᠂ | ᠦᠨᠳᠦᠰᠦᠲᠡᠨ ᠢᠶᠠᠨ ᠬᠠᠶᠢᠷᠠᠯᠠᠬᠤ ᠤᠬᠠᠮᠰᠠᠷ ᠢ ᠨᠡᠮᠡᠭᠳᠡᠭᠦᠯᠵᠦ᠂ ᠰᠤᠷᠤᠭᠴᠢᠳ ᠢ ᠳᠤᠷ᠎ᠠ ᠰᠣᠨᠢᠷᠬᠠᠯ ᠪᠠ | ᠥᠷᠢᠰᠥᠯᠳᠦᠭᠡᠨ ᠤ ᠳᠤᠮᠳᠠ ᠰᠡᠳᠬᠢᠬᠦᠶ ᠶᠢ ᠨᠢ ᠬᠥᠭᠵᠢᠭᠡᠵᠦ᠂ ᠦᠨᠳᠦᠰᠦᠲᠡᠨ ᠤ ᠮᠡᠳᠡᠯᠭᠡ ᠶᠢᠨ ᠨᠥᠭᠡᠴᠡ ᠶᠢ ᠨᠢ | ᠨᠡᠮᠡᠭᠳᠡᠭᠦᠯᠵᠡᠢ᠃ | |