ᠨᠠᠢᠮᠠᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠤᠨ ᠶᠠᠳᠠᠭᠤ ᠠᠴᠠ ᠠᠩᠭᠢᠵᠢᠷᠠᠭᠤᠯᠣᠨ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠵᠣ ᠦᠬᠡᠷᠡᠴᠢᠯᠡᠨ ᠴᠡᠭᠴᠡᠯᠡᠬᠦ ᠲᠤᠰᠬᠠᠶ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠣᠭᠤᠯᠣᠭᠰᠠᠨ
ᠨᠡᠶᠢᠲᠡᠯᠡᠭᠰᠡᠨ ᠴᠠᠭ᠄
2019-04-01
    3 ᠰᠠᠷ᠎ᠠ ᠶᠢᠨ 25 ᠤ ᠡᠳᠦᠷ᠂ ᠨᠠᠢᠮᠠᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠤᠨ ᠶᠠᠳᠠᠭᠤ ᠠᠴᠠ ᠠᠩᠭᠢᠵᠢᠷᠠᠭᠤᠯᠣᠨ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠵᠣ ᠦᠬᠡᠷᠡᠴᠢᠯᠡᠨ ᠴᠡᠭᠴᠡᠯᠡᠬᠦ ᠲᠤᠰᠬᠠᠶ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠲᠣᠭᠤᠷᠢᠨ ᠪᠠᠶᠢᠴᠠᠭᠠᠵᠤ ᠬᠠᠷᠢᠭᠤ ᠳᠤᠰᠬᠠᠭᠰᠠᠨ ᠰᠠᠨᠠᠯ ᠲᠠᠢ ᠬᠠᠷᠢᠴᠠᠭᠤᠯᠤᠨ᠂ ᠠᠰᠠᠭᠤᠳᠠᠯ ᠢ ᠪᠠᠶᠢᠴᠠᠭᠠᠨ᠂ ᠦᠵᠡᠯ ᠰᠠᠨᠠᠭ᠎ᠠ  ᠳᠤ ᠵᠠᠳᠠᠯᠣᠯᠳᠠ ᠬᠢᠵᠦ᠂ ᠠᠷᠭ᠎ᠠ ᠬᠡᠮᠵᠢᠶ᠎ᠡ ᠪᠣᠯᠤᠨ ᠴᠢᠭᠯᠡᠯ ᠢ ᠤᠯᠠᠮ ᠨᠢᠭᠡ ᠠᠯᠬᠤᠮ ᠲᠣᠳᠣᠷᠬᠠᠶᠢᠯᠠᠨ ᠴᠡᠭᠴᠡᠯᠡᠨ ᠰᠠᠶᠢᠵᠢᠷᠠᠭᠤᠯᠵᠣ᠂ ᠶᠠᠳᠠᠭᠤ ᠠᠴᠠ ᠠᠩᠭᠢᠵᠢᠷᠠᠭᠤᠯᠣᠨ ᠪᠣᠭᠤᠮᠲᠠ ᠰᠢᠪᠲᠤᠯᠬᠤ ᠶᠢ ᠯᠠᠪᠳᠠᠭᠤᠨ ᠪᠠᠲᠤᠲᠠᠢ ᠠᠬᠢᠭᠤᠯᠣᠭᠰᠠᠨ ᠪᠠᠶᠢᠨ᠎ᠠ᠃     ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠠᠩ ᠬᠤᠸᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠲᠤ ᠬᠠᠷᠢᠴᠠᠭᠤᠯᠤᠨ ᠪᠠᠶᠢᠴᠠᠭᠠᠯᠳᠠ ᠬᠢᠵᠣ᠂ ᠬᠤᠪᠢ ᠪᠠᠷ ᠢᠶᠠᠨ ᠳᠡᠷᠢᠬᠦᠯᠡᠨ ᠬᠠᠷᠭᠤᠭᠤᠯᠤᠨ ᠪᠠᠶᠢᠴᠠᠭᠠᠯᠲᠠ ᠬᠢᠵᠦ᠂ ᠡᠯ᠎ᠡ ᠪᠠᠶᠢᠩᠭᠤ ᠶᠢᠨ ᠭᠡᠰᠢᠭᠦᠳ ᠳᠠᠷᠠᠭᠠᠯᠠᠨ ᠬᠠᠷᠢᠴᠠᠭᠤᠯᠤᠨ ᠪᠠᠶᠢᠴᠠᠭᠠᠵᠤ ᠶᠠᠷᠢᠶ᠎ᠠ ᠲᠠᠯᠪᠢᠵᠣ᠂ ᠬᠠᠷᠢᠯᠴᠠᠨ ᠲᠥᠪ ᠴᠢᠩᠭ᠎ᠠ ᠨᠠᠷᠢᠨ ᠬᠢᠨᠠᠮᠠᠭᠠᠢ ᠰᠢᠬᠦᠮᠵᠢᠯᠡᠯ ᠦᠷᠨᠢᠭᠦᠯᠦᠭᠰᠡᠨ ᠪᠠᠶᠢᠨ᠎ᠠ᠃ ᠬᠤᠲᠠ ᠶᠢᠨ ᠨᠠᠮ ᠤᠨ ᠬᠤᠷᠢᠶᠠᠨ ᠤ ᠬᠢᠨᠠᠨ ᠵᠢᠯᠣᠭᠤᠳᠬᠤ ᠳᠤᠭᠤᠶᠢᠯᠠᠩ ᠬᠤᠷᠠᠯ ᠳᠤ ᠣᠷᠣᠯᠴᠠᠨ ᠵᠢᠭᠠᠨ ᠵᠢᠯᠣᠭᠤᠳᠴᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠴᠠᠶ     ᠵᠠᠩ ᠬᠤᠸᠠ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠲᠣᠰ ᠣᠳᠠᠭᠠᠨ ᠤ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠰᠢ ᠶᠢᠨ ᠫᠢᠩ ᠶᠡᠷᠦᠩᠬᠡᠢ ᠱᠦᠵᠢ ᠶᠢᠨ ᠶᠠᠳᠠᠭᠤ ᠶᠢ ᠲᠡᠳᠬᠦᠬᠦ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠨᠠᠮ ᠤᠨ ᠲᠥᠪ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠪᠣᠳᠣᠯᠭᠠᠳᠣ ᠳᠣᠬᠢᠷᠠᠭᠤᠯᠣᠯᠳᠠ ᠲᠠᠢ ᠨᠠᠷᠢᠨ ᠬᠢᠨᠠᠮᠠᠭᠠᠶ ᠬᠠᠷᠭᠤᠭᠤᠯᠵᠤ᠂ ᠲᠥᠪ ᠤᠨ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠥᠪᠡᠷᠲᠡᠭᠡᠨ ᠵᠠᠰᠠᠬᠤ ᠣᠷᠣᠨ  ᠳᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠲᠠᠢ ᠬᠠᠷᠢᠴᠠᠭᠤᠯᠣᠨ᠂ ᠤᠯᠤᠰ ᠲᠦᠷᠤ ᠪᠣᠯᠤᠨ ᠶᠡᠭᠡ ᠲᠠᠯ᠎ᠠ ᠠᠴᠠ᠂ ᠵᠥᠷᠢᠶ᠎ᠡ᠂ ᠤᠴᠢᠷ ᠰᠢᠯᠲᠠᠭᠠᠨ᠂ ᠰᠡᠢᠳᠪᠣᠷᠢᠯᠡᠬᠦ  ᠪᠤᠳᠤᠯᠭ᠎ᠠ ᠶᠢ ᠡᠷᠢᠵᠦ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠰᠠᠭᠤᠷᠢ ᠶᠢ ᠤᠯᠠᠮ ᠨᠢᠭᠡ ᠠᠯᠬᠤᠮ ᠪᠠᠳᠣᠳᠬᠠᠨ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠠᠮᠲᠤ ᠶᠢᠨ ᠲᠠᠨᠢᠯᠲᠠ ᠪᠣᠯᠤᠨ ᠨᠢᠭᠲᠠᠷᠠᠯ ᠤᠨ ᠬᠦᠴᠦᠨ ᠢ ᠤᠯᠠᠮ ᠨᠢᠭᠡ ᠠᠯᠬᠤᠮ ᠨᠢᠡᠡᠳᠠᠷᠠᠭᠤᠯᠵᠦ᠂ ᠲᠣᠰ  ᠤᠳᠠᠭᠠᠨ ᠤ ᠬᠤᠷᠠᠯ ᠢᠶᠠᠷ ᠰᠢᠨ᠎ᠡ ᠡᠬᠢᠯᠡᠯᠳᠡ ᠶᠢᠨ ᠴᠡᠭ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠲᠡᠷᠡ ᠶᠣᠰᠣᠭᠠᠷ ᠨᠢ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ  ᠃     ᠲᠣᠭᠤᠷᠢᠨ ᠪᠠᠶᠢᠴᠠᠭᠠᠵᠤ ᠬᠠᠷᠢᠭᠤ ᠳᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠣᠬᠠᠢ ᠵᠠᠩ ᠬᠤᠸᠠ  ᠱᠠᠭᠠᠷᠳᠠᠭᠰᠠᠨ ᠨᠢ᠄ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠶᠠᠳᠠᠭᠤ ᠶᠢ ᠲᠡᠳᠬᠦᠬᠦ ᠠᠵᠢᠯ  ᠤᠨ ᠴᠢᠬᠤᠯᠠ ᠥᠭᠦᠯᠡᠯᠲᠡ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠵᠢᠭᠠᠨ ᠵᠢᠯᠣᠭᠤᠳᠣᠨ ᠦᠢᠯᠡᠳᠦᠯᠬᠡᠵᠢᠬᠦᠯᠵᠦ᠂ ᠠᠵᠢᠯ ᠢᠶᠠᠨ ᠠᠬᠢᠭᠤᠯᠬᠤ ᠬᠡᠷᠡᠭᠳᠡᠢ᠃ ᠰᠢ ᠶᠢᠨ ᠫᠢᠩ ᠶᠡᠷᠦᠩᠬᠡᠢ ᠱᠦᠵᠢ ᠶᠢᠨ ᠶᠠᠳᠠᠭᠤ ᠶᠢ ᠲᠡᠳᠬᠦᠬᠦ ᠠᠵᠢᠯ ᠤᠨ ᠴᠢᠬᠤᠯᠠ ᠥᠭᠦᠯᠡᠯᠲᠡ ᠶᠢ ᠰᠤᠳᠤᠯᠤᠨ ᠰᠤᠷᠤᠯᠴᠠᠬᠤ᠂ ᠰᠤᠷᠭᠠᠨ ᠬᠥᠮᠦᠵᠢᠭᠦᠯᠵᠦ ᠪᠣᠯᠪᠠᠰᠤᠷᠠᠭᠤᠯᠬᠤ᠂ ᠤᠬᠠᠭᠤᠯᠤᠨ ᠲᠠᠶᠢᠯᠪᠤᠷᠢᠯᠠᠬᠤ ᠵᠡᠷᠭᠡ ᠠᠵᠢᠯ ᠢ ᠰᠠᠶᠢᠲᠤᠷ ᠠᠳᠬᠤᠵᠤ᠂ ᠨᠠᠮ ᠤᠨ ᠲᠥᠪ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠪᠣᠳᠣᠯᠭᠠᠳᠣ ᠳᠣᠬᠢᠷᠠᠭᠤᠯᠣᠯᠳᠠ ᠶᠢ ᠦᠨᠡᠨᠬᠦ ᠲᠣᠣᠱᠠᠯᠠᠭᠤᠯᠬᠤ ᠬᠡᠷᠡᠭᠲᠡᠢ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠲᠣᠪᠣᠶᠢᠯᠭᠠᠨ ᠰᠠᠶᠢᠲᠤᠷ ᠠᠳᠬᠤᠵᠤ  ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠶᠢ ᠪᠠᠲᠤᠲᠠᠢ ᠠᠬᠢᠭᠤᠯᠵᠤ᠂ ︽ᠭᠤᠷᠪᠠ ᠶᠢ ᠪᠠᠲᠤᠯᠠᠬᠤ︾ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠶᠠᠳᠠᠭᠤ ᠶᠢ ᠲᠡᠳᠬᠦᠬᠦ ᠶᠠᠰᠤ ᠴᠢᠨᠠᠷ ᠢ ᠦᠨᠡᠡᠬᠦ ᠳᠡᠭᠡᠭᠰᠢᠯᠡᠭᠦᠯᠬᠦ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠤᠨ ᠬᠥᠳᠡᠭᠡ ᠲᠣᠰᠬᠤᠨ ᠢ ᠬᠦᠭᠵᠢᠬᠦᠯᠵᠦ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠵᠣᠯᠭᠠᠭᠤᠯᠬᠤ ᠠᠵᠢᠯ ᠢ ᠭᠦᠨᠵᠡᠭᠡᠶ ᠰᠤᠳᠤᠯᠵᠤ᠂ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠤᠷᠳᠤ ᠬᠤᠭᠤᠴᠠᠭᠠᠨ ᠤ ᠰᠢᠰᠲ᠋ᠧᠮ ᠢ ᠪᠠᠶᠢᠭᠤᠯᠤᠨ ᠲᠠᠭᠦᠯᠳᠡᠷᠵᠢᠭᠦᠯᠬᠦ ᠬᠡᠷᠡᠭᠳᠡᠢ᠃ ᠬᠤᠶᠠᠷ ᠲᠤ᠂ ᠠᠵᠢᠯᠯᠠᠭ᠎ᠠ ᠶᠢᠨ ᠤᠬᠠᠮᠰᠠᠷ ᠢ ᠴᠢᠩᠭᠠᠳᠬᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠦᠨᠡᠡᠬᠦ ᠰᠠᠶᠢᠵᠢᠷᠠᠭᠤᠯᠣᠨ᠂ ᠵᠤᠷᠪᠤᠰ ᠪᠣᠯᠭᠠᠨ ᠢ ᠴᠡᠭᠴᠡᠯᠡᠨ ᠵᠠᠰᠠᠵᠤ᠂ ᠨᠢᠬᠡᠳ ᠨᠢᠭᠡ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠨᠢᠭᠡ ᠠᠴᠠ ᠬᠤᠶᠠᠷ ᠢ ᠵᠦᠢᠴᠢᠯᠡᠨ᠂  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤᠮᠳᠠ ᠣᠷᠣᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠵᠢᠴᠢ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠪᠤᠰᠤᠳ ᠠᠰᠠᠭᠤᠳᠠᠯ  ᠢ ᠭᠦᠨᠵᠡᠭᠡᠶ ᠡᠷᠢᠵᠦ᠂ ᠴᠠᠭ ᠲᠤᠬᠠᠶ ᠳᠤᠨᠢ ᠰᠡᠢᠳᠪᠣᠷᠢᠯᠡᠬᠦ ᠬᠡᠷᠡᠭᠳᠡᠢ᠃ ᠭᠤᠷᠪᠠ ᠳᠤ᠂ ᠬᠢᠨᠠᠯᠲᠠ ᠳᠠᠯᠪᠢᠵᠣ ᠰᠠᠬᠢᠯᠭ᠎ᠠ ᠪᠠᠲᠤ ᠬᠡᠷᠡᠭᠵᠢᠭᠦᠯᠬᠦ  ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠬᠤ ᠬᠡᠷᠡᠭᠲᠡᠶ᠃ ᠶᠠᠳᠠᠭᠤ ᠶᠢ ᠲᠡᠳᠬᠦᠬᠦ ᠬᠦᠷᠢᠶᠡᠨ ᠳᠠᠬᠢ ᠢᠯᠵᠢᠷᠡᠯ ᠪᠠ ᠰᠤᠷᠲᠠᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠴᠢᠩᠭ᠎ᠠ ᠬᠢᠨᠠᠯᠲᠠ ᠳᠠᠯᠪᠢᠵᠣ᠂ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠦᠨ᠂ ᠨᠡᠶᠢᠲᠡ ᠳᠤ ᠵᠠᠷᠯᠠᠨ ᠢᠯᠡᠴᠢᠯᠡᠬᠦ ᠬᠦᠴᠦᠴᠡ  ᠪᠠᠨ ᠤᠯᠠᠮ ᠨᠢᠭᠡ ᠠᠯᠬᠤᠮ ᠴᠢᠩᠭᠠᠷᠠᠭᠤᠯᠵᠤ᠂  ᠪᠠᠶᠢᠴᠠᠭᠠᠨ ᠰᠡᠢᠳᠪᠤᠷᠢᠯᠡᠭᠰᠡᠨ ᠬᠡᠷᠡᠭ ᠤᠨ ᠰᠡᠷᠡᠮᠵᠢᠯᠡᠭᠦᠯᠬᠦ᠂ ᠰᠦᠷᠳᠡᠭᠦᠯᠬᠦ᠂ ᠬᠥᠮᠦᠵᠢᠭᠦᠯᠬᠦ ᠦᠢᠯᠡᠳᠦᠯ ᠢ ᠪᠠᠳᠠᠷᠠᠭᠤᠯᠵᠤ᠂ ᠤᠯᠤᠰ ᠲᠦᠷᠤ ᠶᠢᠨ ᠦᠷ᠎ᠡ ᠠᠰᠢᠭ᠂ ᠬᠠᠤᠯᠢ ᠴᠠᠭᠠᠵᠠ ᠰᠠᠬᠢᠯᠭ᠎ᠠ ᠪᠠᠲᠤ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠪᠦᠲᠦᠮᠵᠢ ᠶᠢᠨ ᠣᠷᠭᠠᠨᠢᠭ ᠨᠢᠭᠡᠳᠦᠯ ᠢ ᠪᠡᠶᠡᠯᠡᠭᠦᠯᠬᠦ ᠬᠡᠷᠡᠭᠳᠡᠢ᠃ ᠲᠦᠷᠪᠡ ᠳᠤ᠂ ᠦᠷ᠎ᠡ ᠪᠦᠲᠦᠭᠡᠯ ᠢ ᠠᠰᠢᠭᠯᠠᠨ ᠬᠡᠷᠡᠭᠯᠡᠬᠦ ᠶᠢ ᠴᠢᠬᠤᠯᠠᠴᠢᠯᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠳᠡᠢ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠠ ᠲᠣᠬᠢᠶᠠᠯ ᠢ ᠴᠢᠩᠭ᠎ᠠ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠪᠦᠬᠦ ᠲᠠᠯ᠎ᠠ ᠶᠢᠨ ᠠᠵᠢᠯ ᠢ ᠠᠬᠢᠭᠤᠯᠬᠤ ᠶᠢ ᠰᠠᠶᠢᠳᠣᠷ ᠪᠡᠶᠡᠯᠡᠬᠦᠯᠵᠦ᠂ ᠤᠳᠤᠷᠢᠳᠬᠤ ᠪᠠᠭ ᠤᠨ ᠲᠤᠰ ᠪᠡᠶ᠎ᠡ ᠶᠢᠨ ᠠᠰᠠᠭᠤᠳᠠᠯ ᠢᠶᠠᠨ ᠢᠯᠡᠷᠡᠭᠦᠯᠵᠦ ᠰᠢᠢᠳᠪᠦᠷᠢᠯᠡᠬᠦ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠦᠷ᠎ᠡ ᠪᠦᠲᠦᠭᠡᠯ  ᠢᠶᠠᠨ ᠦᠨᠡᠨ ᠬᠦ ᠪᠦᠭᠦ ᠬᠤᠰᠢᠭᠤᠨ ᠤ ᠣᠪᠣᠷ ᠰᠤᠷᠲᠠᠯ ᠢᠶᠠᠨ ᠰᠠᠶᠢᠵᠢᠷᠠᠭᠤᠯᠬᠤ᠂ ᠥᠭᠡᠷᠡᠴᠢᠯᠡᠯᠲᠡ ᠶᠢ ᠲᠦᠷᠭᠡᠳᠭᠡᠬᠦ ᠬᠥᠳᠡᠯᠭᠡᠭᠴᠢ ᠬᠦᠴᠦᠨ ᠪᠣᠯᠭᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ  ᠣᠯᠣᠨ᠂ ᠪᠦᠬᠦ ᠬᠤᠰᠢᠭᠤᠨ ᠤ ᠠᠵᠦ ᠠᠬᠤᠢ ᠶᠢᠨ ᠦᠡᠳᠣᠷ ᠶᠠᠰᠣ ᠴᠢᠨᠡᠷ ᠲᠠᠢ ᠬᠦᠭᠵᠢᠯᠳᠡ ᠶᠢ ᠲᠦᠯᠬᠢᠨ ᠠᠬᠢᠭᠤᠯᠬᠤ ᠬᠡᠷᠡᠭᠳᠡᠢ ᠭᠡᠰᠡᠨ ᠪᠠᠶᠢᠨ᠎ᠠ᠃
 
ᠢᠷᠡᠯᠲᠡ᠄ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号