ᠬᠤᠰᠢᠭᠤᠨ ᠤ ᠨᠠᠮ ᠤᠨ ᠬᠤᠷᠢᠶᠠᠨ ᠤ ᠣᠨᠣᠯ ᠰᠣᠷᠣᠯᠴᠠᠬᠤ ᠭᠤᠣᠯ ᠲᠣᠭᠤᠶᠢᠯᠠᠩ 2019 ᠣᠨ ᠤ ​4 ᠳ᠋ᠦ᠋ᠬᠡᠷ ᠣᠳᠠᠭᠠᠨ ᠤ ᠬᠠᠮᠳᠣ ᠶᠢᠨ ᠰᠣᠳᠣᠯᠣᠨ ᠶᠠᠷᠢᠯᠴᠠᠬᠤ ᠬᠤᠷᠠᠯ ᠶᠠᠪᠣᠭᠳᠠᠭᠤᠯᠣᠭᠰᠠᠨ
ᠨᠡᠶᠢᠲᠡᠯᠡᠭᠰᠡᠨ ᠴᠠᠭ᠄
2019/4/1
     3.24᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠣᠷᠣᠯᠴᠠᠬᠤ ᠭᠤᠣᠯ ᠲᠣᠭᠤᠶᠢᠯᠠᠩ 2019 ᠣᠨ  ᠤ 4 ᠳ᠋ᠦ᠋ᠬᠡᠷ ᠣᠳᠠᠭᠠᠨ ᠤ ᠬᠠᠮᠳᠣ ᠶᠢᠨ ᠰᠣᠳᠣᠯᠣᠨ ᠶᠠᠷᠢᠯᠴᠠᠬᠤ ᠬᠤᠷᠠᠯ ᠶᠠᠪᠣᠭᠳᠠᠭᠤᠯᠵᠣ᠂ ᠰᠢᠨ᠎ᠡ ᠴᠠᠭ ᠦᠶ᠎ᠡ  ᠶᠢᠨ ᠲᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠲᠣᠣᠱᠯᠠᠭᠤᠯᠵᠣ᠂ ᠰᠢ ᠶᠢᠨ ᠫᠢᠩ ᠶᠡᠷᠦᠩᠭᠡᠢ ᠱᠦᠵᠢ ᠶᠢᠨ ᠦᠪᠦᠷ ᠮᠣᠩᠭᠤᠯ ᠳᠠᠬᠢ ᠴᠢᠬᠤᠯᠠ ᠶᠠᠷᠢᠶ᠎ᠠ᠂ ᠴᠢᠬᠤᠯᠠ ᠵᠢᠭᠠᠪᠣᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠲᠣᠣᠱᠯᠠᠭᠤᠯᠵᠣ᠂ ᠰᠢ ᠶᠢᠨ ᠫᠢᠩ ᠶᠡᠷᠦᠩᠭᠡᠢ ᠱᠦᠵᠢ ᠶᠢᠨ ᠲᠦᠷᠪᠡᠨ ᠵᠢᠯ ᠳᠤ ᠳᠠᠪᠤ ᠣᠳᠠᠭ᠎ᠠ ᠮᠣᠵᠢ ᠣᠷᠣᠨ ᠠᠯᠣᠰᠯᠠᠨ ᠶᠠᠳᠠᠭᠤ ᠠᠴᠠ ᠠᠩᠭᠢᠵᠢᠷᠠᠭᠤᠯᠣᠨ ᠪᠣᠭᠤᠮᠳᠠ ᠰᠢᠪᠳᠣᠯᠠᠬᠤ ᠰᠠᠭᠤᠳᠠᠯ ᠤᠨ ᠬᠤᠷᠠᠯ ᠲᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠰᠣᠷᠣᠯᠴᠠᠨ ᠲᠣᠣᠱᠯᠠᠭᠤᠯᠣᠭᠰᠠᠨ ᠪᠠᠶᠢᠨ᠎ᠠ᠃ ᠬᠤᠰᠢᠭᠤᠨ ᠤ ᠲᠦᠷᠪᠡᠨ ᠪᠠᠶᠢᠭᠤᠯᠣᠯᠭ᠎ᠠ ᠶᠢᠨ ᠣᠳᠣᠷᠢᠳᠣᠯᠭ᠎ᠠ ᠵᠠᠩ ᠬᠤᠸᠠ᠂ ᠪᠦᠷᠢᠨ᠂ ᠯᠢ ᠢᠦᠢ ᠱᠠᠨ᠂ ᠯᠢᠦ ᠨᠢᠩ᠂ ᠯᠢᠦ ᠰᠢᠶᠠᠩ ᠬᠤᠸᠠ᠂ ᠯᠢ ᠶᠠᠨ ᠾᠦᠢ᠂ ᠱᠢ ᠮᠢᠩ ᠰᠢᠶᠠᠨ᠂ ᠪᠣᠣ ᠴᠦᠨ ᠭᠤᠸᠠᠩ ᠰᠣᠳᠣᠯᠣᠨ ᠶᠠᠷᠢᠯᠴᠠᠬᠤ ᠬᠤᠷᠠᠯ  ᠳᠤ ᠣᠷᠣᠯᠴᠠᠭᠰᠠᠨ ᠪᠠᠶᠢᠨ᠎ᠠ᠃      ᠬᠤᠷᠠᠯ ᠠᠴᠠ ᠴᠢᠩᠭᠠᠳᠬᠠᠭᠰᠠᠨ ᠨᠢ᠂ ᠪᠦᠭᠦ ᠬᠤᠰᠢᠭᠤ ᠪᠠᠷ ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭᠠᠨ ᠲᠠᠢ ᠨᠢᠭᠡᠳᠬᠡᠵᠦ᠂ ᠡᠯ᠎ᠡ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠪᠠᠲᠤ ᠡᠵᠡᠮᠳᠡᠵᠦ᠂ ᠶᠡᠷᠦᠩᠬᠡᠢ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠪᠣᠳᠠᠲᠠᠶ ᠠᠵᠢᠯ ᠳᠤᠮᠳᠠ ᠦᠨᠡᠨᠬᠦ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠠᠰᠢᠭ ᠤᠨ ᠲᠠᠯ᠎ᠠ ᠪᠠᠷ ᠢᠯᠡᠷᠡᠭᠦᠯᠵᠣ᠂ ᠨᠠᠢᠮᠠᠨ ᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠶ᠃ ᠨᠢᠭᠡ ᠳᠤ᠂ ᠲᠠᠨᠢᠯᠲᠠ ᠪᠠᠨ ᠳᠡᠭᠡᠭᠰᠢᠯᠡᠬᠦᠯᠬᠦ ᠳᠡᠭᠡᠷ᠎ᠡ ᠭᠦᠨᠵᠡᠭᠡᠶᠢᠷᠡᠭᠦᠯᠬᠦ ᠬᠡᠷᠡᠭᠲᠡᠢ᠃ ᠪᠦᠭᠦ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ᠂ ᠣᠨᠴᠠᠭᠠᠶᠢᠯᠠᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠣᠨ ᠪᠣᠭᠤᠮᠲᠠ ᠰᠢᠪᠲᠤᠯᠬᠤ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢ ᠬᠠᠮᠣᠷᠴᠣ᠂ ᠭᠦᠨᠵᠡᠭᠡᠢ ᠰᠣᠷᠣᠯᠴᠠᠨ᠂ ᠨᠡᠩ ᠬᠦᠴᠦᠲᠡᠢ ᠠᠷᠭ᠎ᠠ ᠠᠪᠴᠠᠯ᠂ ᠨᠡᠩ ᠯᠠᠪᠳᠠᠭᠤᠨ ᠪᠠᠲᠤᠲᠠᠢ ᠠᠵᠢᠯᠯᠠᠭ᠎ᠠ ᠪᠠᠷ ᠶᠠᠳᠠᠭᠤ ᠠᠴᠠ ᠠᠩᠭᠢᠵᠢᠷᠠᠭᠤᠯᠣᠨ ᠪᠣᠭᠤᠮᠲᠠ ᠰᠢᠪᠲᠤᠯᠬᠤ ᠳᠠᠶᠢᠯᠠᠯᠳᠣᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ᠃ ᠬᠤᠶᠠᠷ ᠲᠤ᠂ ᠨᠠᠷᠢᠯᠢᠭ ᠣᠨᠣᠪᠴᠢᠲᠠᠢ ᠠᠷᠭ᠎ᠠ ᠪᠤᠳᠤᠯᠭ᠎ᠠ ᠶᠢ ᠲᠤᠤᠱᠯᠠᠭᠤᠯᠬᠤ ᠲᠠᠯ᠎ᠠ ᠪᠠᠷ ᠲᠠᠬᠢᠨ ᠨᠠᠶᠢᠳᠠᠪᠤᠷᠢᠵᠢᠭᠤᠯᠬᠤ ᠬᠡᠷᠡᠭᠲᠡᠢ᠃ ︽ᠤᠨᠢᠨ ᠳᠡᠭᠡᠷ᠎ᠡ︾ ᠡᠨᠡᠭᠦ ᠭᠤᠣᠯ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠤᠳᠤᠯᠭ᠎ᠠ ᠶᠢ ᠤᠯᠠᠮ ᠨᠢᠭᠡ ᠠᠯᠬᠤᠮ ᠲᠤᠤᠱᠯᠠᠭᠤᠯᠵᠤ᠂ ᠤᠨᠢᠨ ᠲᠡᠭᠡᠷ᠎ᠡ ᠲᠦᠷᠦ ᠶᠢᠨ ᠪᠤᠳᠤᠯᠭ᠎ᠠ ᠬᠡᠷᠡᠭᠵᠢᠭᠦᠯᠬᠦ ᠲᠠᠯ᠎ᠠ ᠪᠠᠷ ᠠᠷᠭ᠎ᠠ ᠤᠬᠠᠭᠠᠨ ᠭᠠᠷᠭᠠᠨ᠂ ᠤᠨᠢᠨ ᠳᠡᠭᠡᠷ᠎ᠡ ᠨᠢ ᠠᠬᠢᠭᠤᠯᠬᠤ ᠳᠤ ᠪᠣᠳᠠᠲᠠᠢ ᠴᠢᠷᠮᠠᠶᠢᠯᠭ᠎ᠠ ᠭᠠᠷᠭᠠᠵᠤ᠂ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠬᠤ ᠲᠠᠯ᠎ᠠ ᠪᠠᠷ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠭᠤᠷᠪᠠ ᠳᠤ᠂ ᠵᠠᠩᠭᠢᠯᠠᠭ᠎ᠠ ᠶᠢᠨ ᠭᠤᠭᠴᠤᠭ᠎ᠠ ᠳᠡᠭᠡᠷ᠎ᠡ ᠪᠠᠰᠠ ᠰᠢᠪᠲᠤᠯᠤᠯᠲᠠ ᠭᠠᠷᠭᠠᠬᠤ ᠬᠡᠷᠡᠭᠲᠡᠶ᠃ ᠭᠤᠣᠯᠳᠠᠯᠭ᠎ᠠ ᠶᠢ ᠲᠣᠪᠣᠶᠢᠯᠭᠠᠨ᠂ ᠲᠥᠪ ᠠᠴᠠ ᠥᠪᠡᠷᠲᠡᠭᠡᠨ ᠵᠠᠰᠠᠬᠤ ᠣᠷᠣᠨ ᠤ ︽ᠡᠷᠬᠢᠴᠡᠭᠦᠯᠦᠨ ᠦᠵᠡᠬᠦ︾ ᠶᠢ ᠲᠣᠭᠤᠷᠢᠨ ᠪᠠᠶᠢᠴᠠᠭᠠᠬᠤ᠂ ᠲᠥᠪ ᠤᠨ ᠶᠠᠳᠠᠭᠤ ᠠᠴᠠ ᠠᠩᠭᠢᠵᠢᠷᠠᠭᠤᠯᠣᠨ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠵᠠᠰᠠᠨ ᠴᠡᠭᠴᠡᠯᠡᠬᠦ ᠨᠠᠶᠢᠳᠠᠪᠣᠷᠢᠵᠢᠭᠤᠯᠣᠯᠳᠠ ᠶᠢ ᠲᠦᠯᠬᠢᠨ ᠠᠬᠢᠭᠤᠯᠬᠤ ᠬᠡᠷᠡᠭᠲᠡᠶ᠃ ᠲᠥᠷᠥ ᠶᠢᠨ ᠪᠣᠳᠣᠯᠭ᠎ᠠ ᠶᠢ ᠵᠠᠯᠭᠠᠯᠳᠣᠭᠤᠯᠬᠤ ᠶᠢ ᠴᠢᠩᠭᠠᠳᠬᠠᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠡᠯᠡ ᠮᠥᠩᠭᠦ ᠪᠠ ᠲᠦᠷᠦᠯ ᠵᠦᠢᠯ ᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠡᠯ᠎ᠡ ᠵᠦᠢᠯ ᠤᠨ ᠪᠠᠲᠤᠯᠠᠭ᠎ᠠ ᠶᠢᠨ ᠴᠢᠨᠠᠷᠲᠠᠢ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠣᠷᠢᠵᠢᠭᠤᠯᠵᠣ᠂ ᠪᠡᠭᠡᠵᠢᠩ ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠪᠠ ᠲᠥᠪ ᠤᠨ ᠲᠥᠷᠥ ᠶᠢᠨ ᠠᠯᠪᠠᠨ ᠪᠠᠶᠢᠭᠤᠯᠭ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠶ᠃ ᠲᠦᠷᠪᠡ ᠳᠤ᠂ ᠬᠦᠴᠦᠨ ᠢᠶᠠᠨ ᠬᠠᠮᠲᠤᠳᠬᠠᠨ ᠪᠣᠭᠤᠮᠲᠠ ᠰᠢᠪᠲᠤᠯᠬᠤ ᠲᠠᠯ᠎ᠠ ᠪᠠᠷ ᠳᠠᠬᠢᠨᠲᠠ ᠬᠦᠴᠦᠯᠡᠨ ᠴᠢᠷᠮᠠᠶᠢᠬᠤ ᠬᠡᠷᠡᠭᠲᠡᠢ᠃ ᠪᠦᠬᠦ ᠬᠤᠰᠢᠭᠤ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠢᠭᠲᠠ ᠬᠠᠮᠵᠢᠯᠴᠠᠬᠤ ᠶᠢ ᠤᠶᠠᠯᠳᠤᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢᠨ ᠲᠣᠭᠤᠷᠢᠨ ᠳᠤ᠂ ᠠᠵᠢᠯ ᠤᠨ ᠲᠣᠬᠢᠷᠠᠭᠤᠯᠣᠯᠳᠠ ᠳᠡᠭᠡᠷ᠎ᠡ ᠡᠯ᠎ᠡ ᠠᠵᠢᠯ᠂ ᠡᠯ᠎ᠡ ᠵᠦᠢᠯ ᠤᠨ ᠡᠬᠢ ᠪᠠᠶᠠᠯᠢᠭ ᠢ ᠶᠠᠳᠠᠭᠤ ᠠᠴᠠ ᠠᠩᠭᠢᠵᠢᠷᠠᠭᠤᠯᠬᠤ ᠳᠤ ᠲᠦᠪᠯᠡᠷᠡᠭᠦᠯᠵᠣ᠂ ᠪᠣᠳᠠᠳᠣ ᠦᠷ᠎ᠡ ᠪᠦᠳᠦᠮᠵᠢ ᠣᠯᠬᠤ ᠶᠢ ᠴᠢᠩᠭᠠᠳᠬᠠᠬᠤ ᠬᠡᠷᠡᠭᠲᠡᠢ᠃ ᠲᠠᠪᠤ  ᠳᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠲᠠᠬᠢᠨᠳᠠ ᠴᠢᠩᠭᠠᠳᠬᠠᠬᠤ ᠬᠡᠷᠡᠭᠲᠡᠶ᠃ ᠡᠯ᠎ᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠨ᠂ ᠰᠠᠨᠠᠭᠠᠴᠢᠯᠠᠭ᠎ᠠ ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠳᠤᠭ ᠳᠡᠮᠳᠡᠭ ᠲᠣᠳᠣᠷᠬᠠᠶ᠂ ᠡᠷᠡᠰ ᠰᠢᠭᠤᠷᠬᠠᠶ ᠣᠪᠣᠷ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠲᠦᠷᠦᠯ ᠤᠨ ᠠᠵᠢᠯ ᠢ ᠰᠠᠶᠢᠲᠤᠷ ᠠᠳᠬᠤᠵᠣ᠂ ᠬᠥᠳᠡᠭᠡ ᠲᠣᠰᠬᠤᠨ ᠢ ᠬᠦᠭᠵᠢᠬᠦᠯᠵᠦ ᠮᠠᠨᠳᠤᠭᠤᠯᠬᠤ ᠪᠠᠶᠢᠯᠳᠤᠬᠤ ᠪᠤᠲᠤᠯᠭ᠎ᠠ ᠲᠠᠢ ᠣᠷᠭᠠᠨᠢᠭ ᠢᠶᠠᠷ ᠵᠠᠯᠭᠠᠯᠳᠣᠭᠤᠯᠵᠣ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠪᠠᠬᠢᠵᠢᠬᠦᠯᠦᠨ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠᠶᠢᠯᠳᠣᠭᠠᠨ ᠤ ᠰᠢᠢᠳᠪᠦᠷᠢᠲᠦ ᠢᠯᠠᠯᠲᠠ ᠶᠢ ᠤᠯᠬᠤ ᠬᠡᠷᠡᠭᠲᠡᠢ ᠭᠡᠰᠡᠨ ᠪᠠᠶᠢᠨ᠎ᠠ᠃
 
ᠢᠷᠡᠯᠲᠡ᠄ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号