ᠪᠦᠬᠦ ᠬᠤᠰᠢᠭᠤᠨ ᠤ ᠺᠠᠳ᠋ᠷ ᠤᠨ ᠲᠤᠰᠢᠶᠠᠯ ᠳᠤ ᠲᠣᠮᠢᠯᠠᠬᠤ ᠠᠴᠠ ᠡᠮᠣᠨᠡᠬᠢ ᠬᠠᠮᠲᠤ ᠶᠢᠨ ᠶᠠᠷᠢᠯᠴᠠᠬᠤ ᠬᠤᠷᠠᠯ ᠶᠠᠪᠤᠡᠡᠳ᠋ᠬᠠᠰᠠᠨ
ᠨᠡᠶᠢᠲᠡᠯᠡᠭᠰᠡᠨ ᠴᠠᠭ᠄
2019/4/1
     3 ᠰᠠᠷ᠎ᠠ ᠶᠢᠨ 23 ᠤ ᠡᠳᠦᠷ᠂ ᠪᠥᠬᠦ ᠬᠤᠰᠢᠭᠤᠨ ᠤ ᠺᠠᠳ᠋ᠷ ᠤᠨ ᠲᠤᠰᠢᠶᠠᠯ ᠳᠤ ᠲᠣᠮᠢᠯᠠᠬᠤ ᠠᠴᠠ ᠡᠮᠦᠨᠡᠬᠢ ᠬᠠᠮᠲᠤ ᠶᠢᠨ ᠶᠠᠷᠢᠯᠴᠠᠬᠤ ᠬᠤᠷᠠᠯ ᠬᠤᠰᠢᠭᠤᠨ ᠤ ᠵᠣᠴᠢᠳ ᠤᠨ ᠪᠠᠭᠤᠳᠠᠯ ᠳᠤ ᠶᠠᠪᠤᠡᠡᠳᠠᠵᠦ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠠᠩ ᠬᠤᠸᠠ ᠬᠤᠷᠠᠯ ᠳᠤ ᠰᠠᠭᠠᠳᠠᠬᠤ ᠶᠢᠨ ᠬᠠᠮᠳᠣ ᠶᠠᠷᠢᠶ᠎ᠠ ᠲᠠᠯᠪᠢᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠠᠩ ᠹᠦ᠋ ᠰᠢᠩ ᠠᠷᠢᠭᠤᠨ ᠴᠢᠬᠡᠴᠢ ᠪᠠᠷ ᠵᠠᠰᠠᠭ ᠪᠠᠷᠢᠬᠤ ᠰᠤᠷᠭᠠᠨ ᠬᠥᠮᠦᠵᠢᠯ ᠤᠨ ᠶᠠᠷᠢᠶ᠎ᠠ ᠬᠢᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠪᠦᠦ ᠯᠢᠶᠠᠨ ᠱᠠᠨ ᠬᠤᠷᠠᠯ ᠢ ᠡᠷᠬᠢᠯᠡᠭᠰᠡᠨ ᠪᠠᠶᠢᠨ᠎ᠠ᠃      ᠵᠠᠩ ᠬᠤᠸᠠ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠄ ᠰᠢᠨ᠎ᠡ ᠲᠤᠰᠢᠶᠠᠯ ᠡᠭᠦᠷᠭᠡᠯᠡᠭᠰᠡᠨ ᠺᠠᠳ᠋ᠷᠴᠤᠳ ᠵᠣᠬᠢᠶᠠᠨ ᠪᠠᠶᠢᠭᠤᠯᠤᠯᠲᠠ ᠶᠢᠨ ᠬᠦᠨᠳᠦ ᠨᠠᠶᠢᠳᠠᠯᠭ᠎ᠠ ᠶᠢ ᠪᠠ ᠠᠷᠠᠳ ᠲᠦᠮᠡᠨ ᠤ ᠬᠦᠰᠡᠯ ᠡᠷᠡᠮᠡᠯᠵᠡᠯ ᠢ ᠨᠠᠨᠳᠢᠩᠨᠠᠵᠤ᠂ ᠰᠢᠨ᠎ᠡ ᠠᠵᠢᠯ ᠤᠨ ᠪᠠᠶᠢᠷᠢ ᠪᠠᠨ ᠰᠠᠶᠢᠨ ᠠᠵᠠ ᠲᠣᠬᠢᠶᠠᠯ ᠪᠣᠯᠭᠠᠵᠤ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠂ ᠰᠢᠨ᠎ᠡ ᠲᠠᠪᠴᠠᠩ ᠳᠡᠭᠡᠷ᠎ᠡ ᠰᠢᠨ᠎ᠡ ᠠᠮᠵᠢᠯᠲᠠ ᠪᠦᠲᠦᠮᠵᠢ ᠭᠠᠷᠭᠠᠬᠤ ᠬᠡᠷᠡᠭᠲᠡᠶ᠃ ᠨᠢᠭᠡ ᠳᠤ᠂ ᠨᠠᠮ ᠳᠠᠭᠠᠨ ᠡᠷᠬᠡᠪᠰᠢ ᠦᠨᠡᠨᠴᠢ ᠪᠠᠶᠢᠬᠤ ᠬᠡᠷᠡᠭᠲᠡᠶ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ︽ᠲᠦᠷᠪᠡᠨ ᠤᠬᠠᠮᠰᠠᠷ︾ ᠢ ᠪᠠᠲᠤ ᠪᠤᠢ ᠪᠣᠯᠭᠠᠨ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠲᠦᠷᠪᠡ ᠶᠢ ᠳᠠᠭᠠᠬᠤ︾᠂ ︽ᠬᠤᠶᠠᠷ ᠢ ᠬᠠᠮᠠᠭᠠᠯᠠᠬᠤ︾ ᠢ ᠡᠷᠡᠰ ᠪᠡᠶᠡᠯᠡᠭᠦᠯᠵᠦ᠂ ᠨᠠᠮ ᠳᠠᠭᠠᠨ ᠦᠨᠡᠨᠴᠢ ᠪᠠᠶᠢᠬᠤ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠡᠪ ᠬᠠᠮᠲᠤᠴᠤᠳ ᠤᠨ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠬᠦᠯᠬᠦ ᠬᠡᠷᠡᠭᠲᠡᠢ᠃  ᠬᠦᠰᠡᠯᠡᠩ ᠢᠲᠡᠭᠡᠯ ᠢᠶᠠᠨ ᠪᠠᠲᠤᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ᠂ ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠤᠨ ᠲᠥᠪ ᠬᠤᠷᠢᠶᠠᠨ ᠤ ᠶᠡᠭᠡ ᠪᠤᠳᠤᠯᠭ᠎ᠠ ᠴᠢᠭᠯᠡᠯᠲᠡ ᠶᠢ ᠡᠷᠡᠰ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠣᠯᠤᠨ  ᠬᠤᠰᠢᠭᠤᠨ ᠤ ᠨᠠᠮ ᠤᠨ ᠬᠤᠷᠢᠶᠠᠨ ᠤ ᠡᠯ᠎ᠡ ᠵᠦᠢᠯ ᠤᠨ ᠳᠣᠬᠢᠷᠠᠭᠤᠯᠣᠯᠳᠠ ᠱᠠᠭᠠᠷᠳᠠᠯᠭ᠎ᠠ ᠶᠣᠰᠣᠭᠠᠷ᠂ ᠢᠲᠡᠭᠡᠯ ᠢᠶᠠᠨ ᠬᠤᠪᠢᠷᠠᠭᠤᠯᠬᠤ ᠦᠭᠡᠢ ᠪᠠᠶᠢᠬᠤ᠂ ᠤᠯᠤᠰ ᠲᠦᠷᠤ ᠶᠢᠨ ᠴᠢᠭᠯᠡᠯ ᠬᠡᠯᠪᠠᠶᠢᠬᠦ ᠦᠭᠡᠢ ᠪᠠᠶᠢᠬᠤ ᠶᠢ ᠦᠨᠡᠡᠬᠦ ᠪᠠᠲᠤᠯᠠᠬᠤ ᠬᠡᠷᠡᠭᠲᠡᠶ᠃ ᠬᠤᠶᠠᠷ ᠲᠤ᠂ ᠵᠣᠷᠢᠭᠲᠠᠢ ᠪᠠᠷ ᠬᠠᠷᠢᠭᠤᠴᠠᠬᠤ ᠬᠡᠷᠡᠭᠲᠡᠢ᠃ ᠶᠠᠮᠠᠷ ᠠᠵᠢᠯ ᠤᠨ ᠪᠠᠶᠢᠷᠢ ᠳᠤ ᠪᠠᠶᠢᠵᠣ᠂ ᠶᠠᠮᠠᠷ ᠲᠤᠰᠢᠶᠠᠯ ᠡᠭᠦᠷᠭᠡᠯᠡᠭᠰᠡᠨ ᠴᠦ ᠵᠣᠷᠢᠭᠲᠠᠶ ᠪᠠᠷ ᠬᠠᠷᠢᠭᠤᠴᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠣᠷᠢᠭᠲᠠᠢ ᠪᠠᠷ ᠠᠵᠢᠯᠯᠠᠵᠤ᠂ ᠪᠣᠳᠠᠲᠤ ᠠᠵᠢᠯᠯᠠᠭ᠎ᠠ ᠪᠣᠳᠠᠲᠤ ᠦᠷ᠎ᠡ ᠪᠦᠲᠦᠮᠵᠢ ᠪᠠᠷ᠂ ᠵᠣᠬᠢᠶᠠᠨ ᠪᠠᠶᠢᠭᠤᠯᠤᠯᠲᠠ ᠶᠢᠨ ᠢᠲᠡᠭᠡᠯ ᠪᠠ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠬᠤ ᠬᠡᠷᠡᠭᠳᠡᠢ᠃ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠬᠤᠰᠢᠭᠤᠨ ᠤ ᠨᠠᠮ ᠤᠨ ᠬᠤᠷᠢᠶᠠᠨ ᠤ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠵᠦ ᠢᠯᠠᠯᠲᠠ ᠣᠯᠵᠣ᠂ ᠭᠤᠣᠯᠳᠠᠯᠭᠠᠳᠣ ᠲᠥᠷᠥᠯ ᠵᠦᠢᠯ ᠤᠨ ᠪᠠᠶᠢᠭᠤᠯᠤᠯᠲᠠ ᠶᠢ ᠠᠬᠢᠭᠤᠯᠣᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠶᠡᠭᠡ ᠪᠠᠶᠢᠳᠠᠯ ᠳᠤ ᠦᠢᠯᠡᠴᠢᠯᠡᠬᠦ ᠭᠠᠷᠳᠠᠬᠤ ᠴᠡᠭ ᠢ ᠣᠨᠣᠪᠴᠢᠲᠠᠢ ᠡᠷᠢᠵᠦ᠂ ᠪᠡᠷᠬᠡ ᠪᠠᠷᠳᠠᠭ᠎ᠠ ᠶᠢ ᠵᠣᠷᠢᠭᠲᠠᠢ ᠳᠤᠭᠤᠯᠬᠤ ᠵᠢᠩᠬᠢᠨᠢ ᠡᠷᠳᠡᠮ ᠢ ᠪᠣᠯᠪᠰᠣᠷᠠᠭᠤᠯᠬᠤ ᠬᠡᠷᠡᠭᠳᠡᠢ᠃ ᠡᠯ᠎ᠡ ᠵᠦᠢᠯ ᠤᠨ ᠵᠥᠷᠢᠴᠡᠯ ᠪᠣᠯᠤᠨ ᠠᠰᠠᠭᠤᠳᠠᠯ ᠢ ᠴᠢᠳᠠᠮᠠᠭᠠᠶ ᠪᠠᠷ ᠰᠡᠢᠳᠪᠣᠷᠢᠯᠡᠨ᠂ ᠡᠯ᠎ᠡ ᠬᠦᠷᠢᠶᠡᠨ ᠳᠠᠬᠢ ᠠᠵᠢᠯ ᠳᠤᠮᠳᠠ ᠨᠠᠶᠢᠳᠠᠪᠣᠷᠢᠵᠢᠭᠤᠯᠣᠭᠴᠢ᠂ ᠪᠣᠳᠠᠳᠣ ᠠᠵᠢᠯᠯᠠᠡᠴᠢ᠂ ᠠᠬᠢᠭᠤᠯᠣᠡᠡᠴᠢ ᠪᠣᠯᠬᠤ ᠪᠠᠷ ᠴᠠᠷᠮᠠᠶᠢᠨ᠂ ᠬᠦᠨᠳᠦ ᠬᠡᠴᠡᠬᠦᠦ ᠡᠭᠦᠷᠭᠡ ᠶᠢ ᠲᠠᠯ᠎ᠠ ᠪᠠᠷ ᠭᠠᠪᠰᠢᠭᠠᠶᠢᠯᠬᠠᠴᠢ᠂ ᠬᠤᠰᠢᠭᠤᠴᠢ ᠪᠣᠯᠬᠤ ᠬᠡᠷᠡᠭᠳᠡᠢ᠃ ᠵᠣᠷᠢᠭᠲᠠᠶ ᠪᠠᠷ ᠰᠢᠨ᠎ᠡ ᠶᠢ ᠡᠭᠦᠳᠴᠦ᠂ ᠦᠵᠡᠯ ᠰᠠᠨᠠᠭᠠᠨ ᠤ ᠬᠤᠷᠴᠠ ᠰᠡᠷᠭᠡᠭ ᠴᠢᠨᠠᠷ ᠪᠠ ᠨᠡᠭᠡᠭᠡᠯᠲᠡᠲᠦ ᠴᠢᠨᠠᠷ ᠢ ᠪᠠᠳᠣᠯᠠᠨ᠂ ᠭᠤᠣᠯ ᠠᠵᠢᠯ ᠤᠨ ᠲᠣᠭᠤᠷᠢᠨ ᠳᠤ᠂ ᠠᠵᠢᠯ ᠤᠨ ᠪᠠᠶᠢᠷᠢ ᠶᠢᠨ ᠪᠣᠳᠠᠳᠣ ᠪᠠᠶᠢᠳᠡᠯ ᠲᠠᠢ ᠪᠠᠨ ᠣᠶᠠᠯᠳᠣᠭᠤᠯᠵᠦ᠂ ᠠᠮᠵᠢᠯᠲᠠ ᠪᠦᠲᠦᠮᠵᠢ ᠭᠠᠷᠭᠠᠭᠤ ᠬᠡᠷᠡᠭᠳᠡᠢ᠃ ᠭᠤᠷᠪᠠ ᠳᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠡᠷᠡᠭᠳᠡᠢ᠃ ᠬᠠᠤᠯᠢ ᠶᠣᠰᠣᠭᠠᠷ ᠡᠷᠬᠡ ᠪᠠᠨ ᠬᠡᠷᠡᠭᠯᠡᠵᠦ᠂ ᠡᠷᠬᠡ ᠪᠠᠨ ᠲᠥᠪ ᠭᠤᠣᠯᠴᠢ ᠪᠠᠷ ᠬᠡᠷᠡᠭᠯᠡᠨ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ ᠬᠡᠷᠡᠭᠳᠡᠢ᠃ ᠬᠠᠤᠯᠢ ᠴᠠᠭᠠᠵᠠ᠂ ᠰᠠᠬᠢᠯᠭ᠎ᠠ ᠪᠠᠲᠤ᠂ ᠶᠣᠰᠣ ᠳᠦ᠋ᠷᠢᠮ᠂ ᠶᠣᠰᠣ ᠰᠤᠷᠲᠠᠬᠤᠨ ᠢ ᠴᠠᠭ ᠢᠮᠠᠭᠲᠠ ᠪᠠᠲᠤ ᠴᠡᠭᠡᠵᠢᠯᠡᠵᠦ᠂ ᠨᠡᠶᠢᠲᠡ ᠶᠢᠨ ᠡᠷᠬᠡ ᠶᠢᠨ ᠰᠢᠨᠵᠢ ᠴᠢᠨᠠᠷ᠂ ᠠᠯᠪᠠᠨ ᠤ ᠪᠠ ᠬᠤᠪᠢ ᠶᠢᠨ ᠬᠤᠭᠤᠷᠣᠨᠳᠣᠬᠢ ᠵᠠᠭᠠᠭ ᠱᠣᠭᠤᠮ ᠢ ᠴᠠᠭ ᠢᠮᠠᠭᠲᠠ ᠪᠠᠲᠤ ᠴᠡᠭᠡᠵᠢᠯᠡᠬᠦ ᠬᠡᠷᠡᠭᠳᠡᠢ᠃ ᠲᠦᠷᠪᠡ ᠳᠤ᠂ ᠰᠢᠷᠭᠠᠭᠤ ᠬᠠᠲᠠᠭᠤᠵᠢᠯᠲᠠᠢ ᠠᠵᠢᠯᠯᠠᠬᠤ ᠬᠡᠷᠡᠭᠲᠡᠢ᠃ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠪᠣᠯᠤᠨ ᠪᠥᠬᠦ ᠬᠤᠰᠢᠭᠤᠨ ᠤ ︽ᠬᠤᠶᠠᠷ ᠬᠤᠷᠠᠯ︾ ᠳᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠠᠷᠭ᠎ᠠ ᠠᠪᠴᠠᠯ ᠢ ᠨᠢᠭᠲᠠ ᠤᠶᠠᠯᠳᠤᠭᠤᠯᠤᠨ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ ᠢ ᠶᠡᠬᠡᠪᠡᠷ ᠪᠠᠳᠠᠷᠠᠭᠤᠯᠵᠤ᠂ ᠪᠥᠬᠦ ᠬᠤᠰᠢᠭᠤᠨ ᠤ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠰᠠᠶᠢᠲᠤᠷ ᠬᠢᠵᠦ ᠢᠯᠠᠯᠲᠠ ᠤᠯᠬᠤ ᠳᠤ ᠢᠳᠡᠪᠬᠢᠲᠡᠶ ᠣᠷᠣᠯᠴᠠᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠣᠨ᠂ ᠬᠥᠳᠡᠭᠡ ᠲᠣᠰᠬᠤᠨ ᠢ ᠬᠦᠭᠵᠢᠬᠦᠯᠵᠦ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠨᠡᠶᠢᠭᠡᠮ ᠤᠨ ᠵᠥᠷᠢᠴᠡᠯ ᠢ ᠠᠷᠢᠯᠭᠠᠬᠤ ᠵᠡᠷᠭᠡ ᠭᠤᠣᠯ ᠹᠷᠣᠨᠲ ᠲᠤ ᠦᠢᠯᠡᠴᠢᠯᠡᠵᠦ᠂ ︽ᠬᠠᠨᠴᠤᠢ ᠪᠠᠨ ᠰᠢᠮᠠᠯᠠᠨ ᠴᠢᠷᠮᠠᠶᠢᠨ ᠠᠵᠢᠯᠯᠠᠬᠤ ᠬᠡᠷᠡᠭᠲᠡᠢ︾ ᠭᠡᠰᠡᠨ ᠪᠠᠶᠢᠨ᠎ᠠ᠃      ᠵᠠᠩ ᠬᠤᠸᠠ ᠴᠢᠬᠤᠯᠠᠴᠢᠯᠠᠭᠰᠠᠨ ᠨᠢ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠳᠤ ᠬᠢᠨᠠᠯᠲᠠ ᠲᠠᠯᠪᠢᠵᠦ᠂ ᠱᠦᠵᠢ  ᠶᠢᠨ ︽ᠨᠢᠭᠡᠳᠦᠭᠡᠷ ᠬᠠᠷᠢᠭᠤᠴᠠᠯᠭᠠᠲᠠᠨ︾ ᠪᠣᠯᠤᠨ ᠤᠳᠤᠷᠢᠳᠬᠤ ᠪᠠᠭ ᠤᠨ ᠪᠦᠷᠢᠯᠳᠦᠬᠦᠨ ᠤ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ᠲᠠᠢ ᠪᠠᠶᠢᠬᠤ︾ ᠶᠢ ᠨᠠᠷᠢᠨ ᠬᠢᠨᠠᠮᠠᠭᠠᠢ ᠭᠦᠢᠴᠡᠳᠬᠡᠵᠦ᠂ ᠤᠶᠤᠨ ᠴᠢᠳᠠᠯ ᠢᠶᠠᠨ ᠲᠥᠪᠯᠡᠷᠡᠭᠦᠯᠦᠨ ᠰᠠᠶᠢᠲᠤᠷ ᠬᠢᠵᠦ᠂ ᠦᠨᠳᠦᠰᠦᠨ ᠱᠠᠲᠤᠨ ᠤ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ︽4 + 1︾ ᠶᠢ ᠬᠡᠷᠡᠭᠵᠢᠭᠦᠯᠵᠦ᠂ ︽ᠳᠥᠷᠪᠡᠨ ᠨᠣᠶᠠᠡᠴᠢ︾ ᠠᠰᠠᠭᠤᠳᠠᠯ᠂ ᠪᠠᠶᠢᠭᠤᠯᠭ᠎ᠠ ᠶᠢᠨ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠲᠤᠰᠬᠠᠶ ᠠᠵᠢᠯᠯᠠᠭ᠎ᠠ ᠶᠢ ᠨᠢᠭᠡᠳᠣᠯᠳᠡᠢ ᠥᠷᠨᠢᠭᠦᠯᠵᠦ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢᠯᠡᠰ ᠪᠤᠰᠬᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠳᠡᠢ᠃ ᠤᠳᠤᠷᠢᠳᠬᠤ ᠪᠠᠭ ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠠᠵᠢᠯ ᠬᠢᠵᠦ ᠦᠢᠯᠡᠰ ᠪᠤᠰᠬᠠᠬᠤ ᠳᠣᠲᠣᠭᠠᠳᠤ ᠬᠥᠳᠡᠯᠭᠡᠬᠦ ᠬᠦᠴᠦᠨ ᠢ ᠬᠦᠭᠵᠢᠭᠡᠵᠦ᠂ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ ᠲᠠᠢ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠳᠡᠢ ᠭᠡᠰᠡᠨ ᠪᠠᠶᠢᠨ᠎ᠠ᠃      ᠵᠠᠩ ᠬᠤᠸᠠ ᠴᠢᠬᠤᠯᠠᠴᠢᠯᠠᠭᠰᠠᠨ ᠨᠢ᠂ ᠰᠢᠨ᠎ᠡ ᠲᠤᠰᠢᠶᠠᠯ ᠬᠠᠷᠢᠭᠤᠴᠠᠬᠤ ᠺᠠᠳ᠋ᠷᠴᠤᠳ ᠰᠢᠨ᠎ᠡ ᠠᠵᠢᠯ ᠤᠨ ᠪᠠᠶᠢᠷᠢᠨ ᠳᠤ ᠬᠦᠷᠴᠦ᠂ ᠢᠯᠡᠭᠦᠬᠡᠨ ᠪᠣᠳᠣᠯᠬᠢᠯᠠᠵᠤ᠂ ᠪᠡᠶ᠎ᠡ ᠪᠠᠨ ᠴᠢᠩᠭ᠎ᠠ ᠱᠠᠭᠠᠷᠳᠡᠨ᠂ ᠵᠣᠷᠢᠭᠲᠠᠢ ᠪᠠᠷ ᠡᠭᠦᠷᠭᠡᠯᠡᠨ᠂ ᠲᠤᠬᠠᠶᠢᠯᠠᠭᠰᠠᠨ ᠠᠵᠢᠯ ᠢᠶᠠᠨ ᠯᠠᠪᠳᠠᠭᠤᠨ ᠪᠠᠲᠤᠲᠠᠶ ᠰᠠᠶᠢᠳᠣᠷ ᠬᠢᠵᠦ᠂ ᠪᠦᠭᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠢ᠃  
 
ᠢᠷᠡᠯᠲᠡ᠄ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号