ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠤᠨ ᠦᠶ᠎ᠡ ᠳᠤ᠂ ᠮᠠᠨ ᠤ ᠬᠤᠰᠢᠭᠤᠨ ᠤ ᠲᠠᠷᠢᠶᠠᠯᠠᠩ ᠤᠨ ᠮᠠᠰᠢᠨ ᠤ | ᠵᠠᠬ᠎ᠠ ᠳᠡᠯᠭᠡᠭᠦᠷ ᠲᠤ ᠲᠠᠷᠢᠶᠠᠯᠠᠩ ᠤᠨ ᠮᠠᠰᠢᠨ ᠪᠠᠭᠠᠵᠢ ᠶᠢᠨ ᠪᠣᠷᠣᠯᠠᠭᠤᠯᠭ᠎ᠠ ᠬᠦᠭᠵᠢᠶᠠᠨ ᠲᠠᠢ ᠪᠠᠶᠢᠵᠣ᠂ ᠣᠯᠠᠩᠬᠢ | ᠲᠠᠷᠢᠶᠠᠴᠢᠳ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠴᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠬᠢᠵᠦ ᠪᠠᠶᠢᠨ᠎ᠠ᠃ | ᠥᠷᠯᠥᠭᠡ ᠡᠷᠲᠡ ᠳᠤ᠂ ᠣᠣᠬᠠᠨ ᠬᠤᠰᠢᠭᠤᠨ ᠤ ᠯᠢ ᠷᠦᠢ ᠬᠤᠸᠠᠨ ᠲᠦᠷᠦᠯ ᠰᠠᠳᠤᠨ ᠲᠠᠢ ᠪᠠᠨ ᠬᠠᠮᠲᠤ | ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ ᠲᠤ ᠬᠦᠷᠦᠯᠴᠡᠨ ᠢᠷᠡᠭᠰᠡᠨ ᠪᠠᠶᠢᠨ᠎ᠠ᠃ | ᠯᠢ ᠷᠦᠢ ᠬᠤᠸᠠᠨ | ᠳ᠋ᠦᠩ ᠹᠧᠩ ᠮᠠᠰᠢᠨ ᠲᠡᠷᠭᠡ ᠦᠵᠡᠬᠦ ᠪᠠᠷ ᠢᠷᠡᠭᠰᠡᠨ᠂ ᠡᠨᠡ ᠲᠡᠷᠭᠡ ᠦᠨᠡᠲᠡᠢ ᠪᠢᠰᠢ᠂ ᠮᠠᠨ ᠤ ᠥᠪᠡᠷ ᠤᠨ | ᠬᠡᠳᠦᠨ ᠠᠷᠪᠠᠨ ᠮᠦ ᠲᠠᠷᠢᠶ᠎ᠠ ᠲᠠᠢ᠂ ᠦᠪᠡᠷ ᠤᠨ ᠭᠡᠷ ᠲᠤ ᠪᠠᠨ ᠬᠡᠷᠡᠭᠯᠡᠪᠡᠯ ᠪᠠᠰᠠ ᠨᠡᠯᠢᠶᠡᠳ ᠲᠦᠭᠦᠮ ᠪᠠᠶᠢᠵᠣ᠂ | ᠪᠢᠳᠡ ᠲᠠᠭᠠᠮᠠᠯ ᠲᠠᠢ ᠨᠢ ᠦᠨ᠎ᠠ ᠬᠠᠨᠭ᠍ᠰᠢ ᠶᠢ ᠨᠢ ᠬᠡᠯᠡᠯᠴᠠᠵᠦ ᠪᠠᠶᠢᠭᠠᠳ ᠬᠤᠳᠠᠯᠳᠣᠨ ᠠᠪᠬᠤ ᠭᠡᠵᠦ ᠪᠠᠶᠢᠨ᠎ᠠ᠃ | ᠵᠥᠪᠬᠡᠨ ᠯᠢ ᠷᠦᠢ ᠬᠤᠸᠠᠨ ᠪᠢᠰᠢ᠂ ᠮᠠᠰᠢ ᠤᠯᠠᠨ ᠲᠠᠷᠢᠶᠠᠴᠢᠳ ᠪᠦᠷ ᠲᠠᠷᠢᠶᠠᠯᠠᠩ ᠤᠨ ᠮᠠᠰᠢᠨ ᠰᠣᠩᠭᠤᠬᠤ | ᠪᠠᠷ ᠬᠦᠷᠦᠯᠴᠡᠨ ᠢᠷᠡᠵᠦ᠂ ᠲᠠᠷᠢᠶᠠᠯᠠᠩ ᠤᠨ ᠮᠠᠰᠢᠨ ᠤ ᠴᠢᠳᠠᠮᠵᠢ ᠪᠠ ᠦᠨ᠎ᠡ ᠬᠠᠩᠰᠢ ᠶᠢ ᠯᠠᠪᠯᠠᠵᠣ᠂ ᠬᠤᠰᠢᠭᠤᠨ ᠤ | ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ ᠲᠤ᠂ ᠲᠤᠮᠤ ᠳᠤᠮᠳᠠ ᠬᠡᠯᠪᠡᠷᠢ ᠶᠢᠨ ᠲᠷᠠᠺᠲ᠋ᠣᠷ᠂ ᠭᠦᠨ ᠰᠤᠯᠠᠷᠠᠭᠤᠯᠬᠤ | ᠮᠠᠰᠢᠨ᠂ ᠦᠷ᠎ᠡ ᠰᠠᠴᠤᠬᠤ ᠬᠠᠶᠢᠷᠴᠠᠭ᠂ ᠭᠠᠵᠠᠷ ᠤᠷᠪᠠᠭᠤᠯᠬᠤ ᠠᠨᠵᠢᠰᠤ ᠵᠡᠷᠭᠡ ᠵᠠᠭᠤ ᠰᠢᠬᠠᠮ ᠨᠠᠷᠠᠲᠤ ᠲᠥᠷᠥᠯ | ᠳᠡᠮᠳᠡᠭ᠂ ᠮᠢᠩᠭ᠎ᠠ ᠭᠠᠷᠤᠶ ᠲᠦᠷᠣᠯ ᠵᠣᠶᠢᠯ ᠤᠨ ᠳᠠᠷᠢᠶᠠᠯᠠᠩ ᠤᠨ ᠮᠠᠰᠢᠨ ᠢ ᠲᠡᠷᠢ ᠲᠡᠭᠰᠢ ᠲᠠᠯᠪᠢᠵᠤ᠂ ᠲᠠᠷᠢᠶᠠᠴᠢᠳ | ᠤᠨ ᠰᠣᠩᠭᠤᠵᠤ ᠬᠤᠳᠠᠯᠳᠤᠨ ᠠᠪᠬᠤ ᠥᠷᠨᠢᠯᠲᠡ ᠶᠢ ᠳᠡᠭᠳᠡᠭᠡᠭᠰᠡᠨ ᠪᠠᠶᠢᠨ᠎ᠠ᠃ | ᠬᠤᠰᠢᠭᠤᠨ ᠤ ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ ᠤᠨ ᠬᠠᠷᠢᠭᠤᠴᠠᠯᠭᠠᠳᠠᠨ ᠵᠢᠶᠠ ᠬᠠᠨ ᠵᠢᠶᠦ᠋ᠨ | ᠄ | ᠤᠢᠢᠷ᠎ᠠ ᠳᠤ ᠪᠣᠷᠣᠯᠠᠭᠤᠯᠭ᠎ᠠ ᠬᠠᠮᠤᠭ ᠤᠨ ᠰᠠᠶᠢᠨ ᠪᠠᠶᠢᠭ᠎ᠠ ᠨᠢ ᠲᠷᠠᠺᠲ᠋ᠣᠷ ᠪᠠ ᠤᠷᠪᠠᠭᠤᠯᠬᠤ ᠠᠨᠵᠢᠰᠤ᠂ | ᠳᠠᠷᠤᠶ ᠭᠦᠨ ᠰᠤᠯᠠᠷᠠᠭᠤᠯᠬᠤ ᠮᠠᠰᠢᠨ ᠪᠠᠶᠢᠵᠣ᠂ ᠣᠳᠣᠬᠠᠨ ᠳᠤ ᠳᠠᠷᠢᠶᠠᠨ ᠭᠠᠵᠠᠷ ᠢ ᠤᠷᠪᠠᠭᠤᠯᠬᠤ ᠴᠠᠭ ᠪᠣᠯᠵᠦ᠂ | ᠭᠦᠨ ᠰᠤᠯᠠᠷᠠᠭᠤᠯᠬᠤ ᠮᠠᠰᠢᠨ ᠤ ᠪᠣᠷᠣᠯᠠᠭᠤᠯᠭ᠎ᠠ ᠰᠠᠶᠢᠨ ᠪᠠᠶᠢᠵᠣ᠂ ᠨᠢᠭᠡ ᠡᠳᠦᠷ 200 ᠭᠠᠷᠣᠢ ᠰᠠᠭᠤᠷᠢ | ᠪᠣᠷᠣᠯᠠᠭᠤᠯᠣᠨ᠂ ᠣᠳᠣᠬᠠᠨ ᠳᠤ ᠪᠢᠳᠡ ᠤ ᠲᠠᠷᠢᠶᠠᠯᠠᠩ ᠤᠨ ᠮᠠᠰᠢᠨ ᠪᠠᠭᠠᠵᠢ ᠪᠦᠷ ᠨᠡᠯᠢᠶᠡᠳ ᠪᠦᠷᠢᠨ ᠬᠦᠢᠴᠡᠳ | ᠪᠠᠶᠢᠵᠣ᠂ ᠰᠢᠬᠢᠷ ᠯᠤᠤᠪᠠᠩ ᠲᠠᠷᠢᠬᠤ ᠮᠠᠰᠢᠨ᠂ ᠨᠡᠷᠡᠨ ᠬᠤᠸᠠᠷ ᠤᠨ ᠦᠷ᠎ᠡ ᠬᠠᠶᠠᠬᠤ ᠮᠠᠰᠢᠨ ᠵᠡᠷᠬᠡ ᠨᠡᠯᠢᠶᠡᠳ | ᠳᠤᠲᠠᠭᠳᠠᠵᠤ ᠪᠠᠶᠢᠭ᠎ᠠ ᠲᠠᠷᠢᠶᠠᠯᠠᠩ ᠤᠨ ᠮᠠᠰᠢᠨ ᠪᠠᠭᠠᠵᠢ ᠴᠦ ᠨᠢᠭᠡᠨᠲᠡ ᠪᠦᠷᠢᠨ ᠪᠣᠯᠣᠭᠰᠠᠨ ᠪᠠᠶᠢᠨ᠎ᠠ᠃ | ᠴᠠᠭᠠᠨ ᠰᠠᠷ᠎ᠠ ᠠᠴᠠ ᠡᠮᠦᠨ᠎ᠡ᠂ ᠬᠤᠰᠢᠭᠤᠨ ᠤ ᠲᠠᠷᠢᠶᠠᠯᠠᠩ ᠤᠨ ᠮᠠᠰᠢᠨ ᠤ ᠵᠠᠬ᠎ᠠ ᠳᠡᠯᠭᠡᠭᠦᠷ ᠢᠳᠡᠪᠬᠢᠲᠡᠶ ᠪᠠᠷ | ᠡᠯ᠎ᠡ ᠵᠦᠢᠯ ᠤᠨ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠣᠷᠣᠭᠤᠯᠵᠦ᠂ ᠬᠠᠪᠤᠷ ᠤᠨ ᠤᠯᠠᠷᠢᠯ ᠳᠤ | ᠲᠠᠷᠢᠶᠠᠴᠢᠳ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠠᠠᠰᠠᠨ | ᠪᠠᠶᠢᠨ᠎ᠠ᠃ ᠦᠢᠯᠡᠴᠢᠯᠡᠭᠡᠨ ᠤ ᠬᠥᠮᠦᠰ ᠪᠠᠰᠠ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠᠷ ᠢᠷᠡᠭᠰᠡᠨ | ᠲᠠᠷᠢᠶᠠᠴᠢᠳ ᠲᠤ ᠲᠦᠷᠣ ᠶᠢᠨ ᠪᠤᠳᠤᠯᠭ᠎ᠠ ᠶᠢᠨ ᠯᠠᠪᠯᠠᠯᠭ᠎ᠠ ᠪᠠ ᠲᠤᠰᠬᠠᠶ ᠪᠣᠷᠣᠯᠠᠭᠤᠯᠭ᠎ᠠ ᠶᠢᠨ ᠳᠠᠷᠠᠭᠠᠬᠢ | ᠣᠶᠢᠯᠡᠴᠢᠯᠡᠭᠡ ᠬᠠᠨᠭ᠍ᠭᠠᠵᠦ ᠪᠠᠶᠢᠨ᠎ᠠ᠃ | ᠬᠤᠰᠢᠭᠤᠨ ᠤ ᠰᠢᠨ ᠮᠢᠨ ᠲᠠᠷᠢᠶᠠᠯᠡᠭ ᠤᠨ ᠮᠠᠰᠢᠨ ᠤ ᠺᠣᠮᠫᠠᠨᠢ ᠯᠢᠦ ᠸᠧᠶ᠄ | ᠪᠢᠳᠡ ᠵᠠᠰᠠᠭ ᠤᠨ ᠣᠷᠳᠣᠨ ᠤ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠰᠠᠶᠢᠲᠤᠷ ᠳᠠᠮᠵᠢᠭᠤᠯᠵᠤ᠂ | ᠬᠤᠳᠠᠯᠳᠣᠡᠡᠰᠠᠨ ᠤ ᠲᠠᠷᠠᠭᠠᠬᠢ ᠦᠢᠯᠡᠴᠢᠯᠡᠭᠡ ᠪᠠᠨ ᠰᠠᠶᠢᠳᠣᠷ ᠬᠢᠵᠦ᠂ ᠣᠯᠡᠨ ᠲᠦᠮᠡᠨ ᠳᠤ ᠣᠶᠢᠯᠡᠴᠢᠯᠡᠵᠦ ᠪᠠᠶᠢᠨ᠎ᠠ | ᠃ | ᠣᠶᠢᠷ᠎ᠠ ᠶᠢᠨ ᠵᠢᠯ ᠳᠤ᠂ ᠮᠠᠨ ᠤ ᠬᠤᠰᠢᠭᠤ ᠲᠠᠷᠢᠶᠠᠯᠠᠩ ᠤᠨ ᠮᠠᠰᠢᠨᠴᠢᠯᠠᠯᠲᠠ ᠶᠢᠨ ᠰᠢᠨ᠎ᠡ ᠮᠡᠷᠭᠡᠵᠢᠯ ᠢ | ᠳᠡᠯᠬᠡᠷᠡᠬᠦᠯᠵᠦ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠠᠷᠢᠶᠠᠴᠢᠳ ᠢ ᠲᠡᠷᠢᠭᠦᠨ ᠤ ᠪᠥᠭᠡᠳ | ᠬᠡᠷᠡᠭᠯᠡᠬᠦ ᠳᠤ ᠲᠣᠬᠢᠷᠠᠮᠵᠢᠲᠠᠶ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠶᠢ ᠳᠠᠶᠢᠴᠢᠯᠠᠵᠣ᠂ ᠬᠥᠳᠡᠭᠡ | ᠠᠵᠤ ᠠᠬᠤᠶ ᠶᠢᠨ ᠦᠢᠯᠡᠳᠪᠦᠷᠢᠯᠡᠯ ᠤᠨ ᠴᠢᠳᠠᠪᠤᠷᠢ ᠪᠣᠯᠤᠨ ᠮᠧᠬᠠᠨᠢᠭᠵᠢᠯᠳᠠ ᠶᠢᠨ ᠬᠢᠷᠢ ᠲᠦᠪᠰᠢᠨ ᠢ ᠤᠯᠠᠮ ᠨᠢᠭᠡ | ᠠᠯᠬᠤᠮ ᠳᠡᠭᠡᠭᠰᠢᠯᠡᠬᠦᠯᠦᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠡᠮᠬᠢ ᠵᠢᠷᠣᠮ ᠲᠠᠢ ᠶᠠᠪᠣᠭᠳᠠᠭᠤᠯᠵᠣ | ᠪᠠᠶᠢᠨ᠎ᠠ᠃ | |