ᠪᠥᠬᠡᠬᠡᠰᠢᠭ ᠰᠡᠳᠦᠪᠲᠦ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠤᠨ ᠡᠬᠢᠯᠡᠯᠲᠡ ᠶᠢᠨ ᠶᠣᠰᠣᠯᠠᠯ ᠮᠠᠨ ᠤ ᠬᠤᠰᠢᠭᠤᠨ ᠳᠤ ᠶᠠᠪᠣᠭᠳᠠᠭᠰᠠᠨ
ᠨᠡᠶᠢᠲᠡᠯᠡᠭᠰᠡᠨ ᠴᠠᠭ᠄
2020-01-03
   12 ᠳ᠋ᠣᠭᠠᠷ ᠰᠠᠷ᠎ᠠ ᠶᠢᠨ 26 ᠤ ᠦᠳᠡ ᠶᠢᠨ ᠡᠮᠦᠨ᠎ᠡ᠂ ᠪᠥᠬᠡᠬᠡᠰᠢᠭ ᠰᠡᠳᠦᠪᠲᠦ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠤᠨ ᠡᠬᠢᠯᠡᠯᠳᠡ ᠶᠢᠨ ᠶᠣᠰᠣᠯᠠᠯ  ᠨᠠᠢᠮᠠᠨ ᠬᠤᠰᠢᠭᠤᠨ ᠤ ᠮᠣᠩᠭᠤᠯ ᠦᠨᠳᠦᠰᠦᠳᠡᠨ ᠤ ᠳᠤᠮᠳᠠᠳᠤ ᠰᠤᠷᠭᠠᠭᠤᠯᠢ ᠳᠤ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠭᠦᠸᠧ ᠶᠦᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠶᠠᠨ ᠡᠾᠦ᠋ᠢ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠪᠣᠣ ᠯᠢᠶᠠᠨ ᠱᠠᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠠᠳᠣ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠬᠠᠷᠠᠪᠠᠷᠰ ᠡᠬᠢᠯᠡᠯᠲᠡ ᠶᠢᠨ ᠶᠣᠰᠣᠯᠠᠯ ᠳᠤ ᠰᠠᠭᠠᠳᠠᠭᠰᠠᠨ ᠪᠠᠶᠢᠨ᠎ᠠ᠃    ᠪᠥᠬᠡᠬᠡᠰᠢᠭ᠂ ᠨᠠᠢᠮᠠᠨ ᠬᠤᠰᠢᠭᠤᠨ ᠤ ᠣᠣᠯ ᠤᠨ ᠲᠠᠷᠢᠰᠢᠡᠮᠤᠳᠤ ᠰᠣᠮᠣ ᠶᠢᠨ ︵ᠣᠳᠣ ᠶᠢᠨ ᠬᠤᠨᠭ᠍ᠬᠤᠷᠳᠠᠯ᠎ᠠ ᠰᠣᠮᠣ︶ ᠪᠡᠭᠡ ᠶᠢᠨ ᠣᠰᠣ ᠭᠠᠴᠠᠭᠠᠨ ᠤ ᠬᠥᠮᠦᠨ ᠪᠠᠶᠢᠵᠣ᠂ ᠮᠤᠩᠭᠤᠯ ᠰᠤᠶᠤᠯ ᠰᠤᠷᠭᠠᠨ ᠬᠦᠮᠦᠵᠢᠯ ᠤᠨ ᠵᠢᠳᠬᠦᠯᠳᠡᠨ᠂ ᠬᠡᠪᠯᠡᠯ ᠲᠠᠷᠤᠮᠠᠯᠯᠠᠯ ᠤᠨ ᠦᠢᠯᠡᠰᠳᠡᠨ᠂ ᠮᠤᠩᠭᠤᠯ ᠤᠳᠬ᠎ᠠ ᠶᠢᠨ ᠰᠤᠷᠭᠠᠯ ᠤᠨ ᠬᠤᠷᠠᠯ ᠢ ᠡᠭᠦᠰᠭᠡᠨ ᠪᠠᠶᠢᠭᠤᠯᠤᠭᠴᠢ᠂ ︽ᠤᠯᠠᠭᠠᠨ ᠪᠠᠷᠰ︾ ᠰᠡᠳᠬᠦᠯ ᠤᠨ ᠡᠬᠦᠰᠭᠡᠨ ᠡᠷᠬᠢᠯᠡᠭᠴᠢ ᠪᠣᠯᠣᠨ᠎ᠠ᠃
   ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠭᠦᠸᠧ ᠶᠦᠩ ᠮᠠᠨ ᠤ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠡᠬᠢᠯᠡᠯᠲᠡ ᠶᠢᠨ ᠶᠣᠰᠣᠯᠠᠯ ᠳᠤ ᠪᠠᠶᠠᠷ ᠤᠨ ᠦᠭᠡ ᠶᠡᠷᠢᠵᠣ᠂ ᠡᠯ᠎ᠡ ᠲᠤᠰᠬᠠᠶ ᠮᠡᠷᠭᠡᠵᠢᠯᠲᠡᠨ᠂ ᠤᠳᠤᠷᠢᠳᠤᠯᠭ᠎ᠠ᠂ ᠬᠦᠨᠳᠦᠲᠦ ᠵᠣᠴᠢᠨ᠂ ᠨᠠᠶᠢᠵᠠ ᠨᠥᠬᠦᠳ ᠤᠨ ᠬᠦᠷᠦᠯᠴᠡᠨ ᠢᠷᠡᠭᠰᠡᠨ ᠳᠤ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠭᠦᠸᠧ ᠶᠦᠩ ᠪᠠᠶᠠᠷ ᠤᠨ ᠦᠭᠡ ᠳᠡᠭᠡᠨ᠂ ᠲᠣᠰ ᠤᠳᠠᠭ᠎ᠠ ᠶᠢᠨ ᠰᠤᠳᠤᠯᠤᠨ ᠶᠠᠷᠢᠯᠴᠠᠬᠤ ᠬᠤᠷᠠᠯ ᠨᠢ ᠮᠠᠨ ᠤ ᠬᠤᠰᠢᠭᠤᠨ ᠤ ᠰᠣᠶᠣᠯ ᠤᠨ ᠦᠢᠯᠡᠰ ᠤᠨ ᠬᠥᠭᠵᠢᠯᠲᠡ ᠳᠤ ᠥᠩᠭᠡ ᠭᠡᠷᠡᠯ ᠨᠡᠮᠡᠵᠣ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠴᠢᠨᠠᠭᠰᠢᠳᠠ ᠠᠬᠢᠭᠤᠯᠣᠨ᠂ ᠮᠠᠨ ᠤ ᠬᠤᠰᠢᠭᠤᠨ ᠤ ᠣᠯᠠᠨ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠰᠣᠶᠣᠯ ᠤᠨ ᠦᠢᠯᠡᠰ ᠤᠨ ᠴᠡᠴᠡᠭᠯᠡᠨ ᠬᠥᠭᠵᠢᠬᠦ ᠶᠢ ᠠᠬᠢᠭᠤᠯᠤᠨ᠂ ᠦᠨᠳᠦᠰᠦᠲᠡᠨ ᠤ ᠰᠣᠶᠣᠯ ᠢ ᠤᠯᠠᠮ ᠨᠢᠭᠡ ᠠᠯᠬᠤᠮ ᠤᠯᠠᠮᠵᠢᠯᠠᠨ ᠪᠠᠳᠠᠷᠠᠭᠤᠯᠵᠤ᠂ ᠣᠷᠣᠨ ᠨᠤᠲᠤᠭ ᠤᠨ ᠰᠣᠶᠣᠯ ᠤᠨ ᠢᠷᠠᠭᠤ ᠰᠠᠶᠢᠬᠠᠨ ᠨᠡᠷ᠎ᠡ ᠶᠢᠨ ᠬᠠᠭᠤᠳᠠᠰᠤ ᠪᠣᠯᠭᠠᠬᠤ ᠶᠢ ᠬᠦᠰᠡᠵᠦ ᠪᠠᠶᠢᠨ᠎ᠠ ᠭᠡᠵᠡᠶ᠃
   ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠨ ᠡᠷᠳᠡᠮᠲᠡᠳ ᠤᠨ ᠲᠥᠯᠥᠭᠡᠯᠡᠭᠴᠢ ᠵᠢᠴᠢ ᠪᠥᠬᠡᠬᠡᠰᠢᠭ ᠤᠨ ᠲᠥᠷᠥᠯ ᠰᠠᠳᠤᠨ ᠤ ᠲᠥᠯᠥᠭᠡᠯᠡᠭᠴᠢ ᠶᠠᠷᠢᠶ᠎ᠠ ᠳᠠᠯᠪᠢᠭᠰᠠᠨ ᠪᠠᠶᠢᠨ᠎ᠠ᠃
   ᠳᠠᠷᠠᠭ᠎ᠠ ᠨᠢ᠂ ᠬᠤᠷᠠᠯ ᠳᠤ ᠣᠷᠣᠯᠴᠠᠭᠰᠠᠨ ᠲᠤᠰᠬᠠᠶ ᠮᠡᠷᠭᠡᠵᠢᠯᠲᠡᠨ ᠡᠷᠳᠡᠮᠲᠡᠳ ᠵᠠᠮᠪᠠᠯᠳᠣᠷᠵᠢ ᠶᠢᠨ ᠳᠤᠷᠠᠰᠬᠠᠯ ᠤᠨ ᠣᠷᠳᠣᠨ᠂ ᠲᠠᠳᠠᠲᠣᠩᠭ᠎ᠠ ᠮᠣᠩᠭᠤᠯ ᠦᠰᠦᠭ ᠪᠢᠴᠢᠭ ᠤᠨ ᠮᠦᠽᠧᠶ᠂ ᠨᠠᠢᠮᠠᠨ ᠤ ᠪᠠᠷ ᠵᠢᠷᠤᠭ ᠤᠨ ᠬᠦᠷᠢᠶᠡᠯᠡᠩ ᠢ ᠲᠣᠭᠤᠷᠢᠨ ᠦᠵᠡᠪᠡ᠃    ᠲᠣᠰ ᠤᠳᠠᠭᠠᠨ ᠤ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠤᠯᠪᠣᠭ᠎ᠠ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ᠂ ᠲᠦᠩᠯᠢᠶᠣᠤ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠲᠦᠩᠯᠢᠶᠣᠤ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠤᠯᠯᠠᠨ ᠡᠷᠬᠢᠯᠡᠵᠦ᠂ ᠪᠦᠬᠡᠬᠡᠰᠢᠭ ᠰᠡᠳᠣᠪᠳᠣ ᠡᠷᠳᠡᠮ ᠰᠢᠨᠵᠢᠯᠡᠭᠡᠨ ᠤ ᠰᠣᠳᠣᠯᠣᠨ ᠶᠠᠷᠢᠯᠴᠠᠬᠤ ᠬᠤᠷᠠᠯ ᠤᠨ ᠵᠣᠬᠢᠶᠠᠨ ᠪᠠᠶᠢᠭᠤᠯᠬᠤ ᠺᠣᠮᠢᠰ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠳᠠᠭᠠᠭᠠᠴᠢᠯᠠᠨ ᠡᠷᠬᠢᠯᠡᠪᠡ᠃ ᠮᠣᠩᠭᠤᠯ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠡᠯᠡ ᠤᠳᠬ᠎ᠠ ᠵᠣᠬᠢᠶᠠᠯ ᠰᠤᠳᠤᠯᠬᠤ ᠭᠠᠵᠠᠷ᠂ ᠮᠣᠩᠭᠤᠯ ᠤᠯᠤᠰ ᠤᠨ ᠤᠯᠤᠰ ᠤᠨ ᠶᠡᠭᠡ ᠰᠤᠷᠭᠠᠭᠤᠯᠢ᠂ ᠶᠠᠫᠣᠨ ᠤ ᠤᠤᠰᠠᠺᠠ ᠶᠡᠭᠡ ᠰᠤᠷᠭᠠᠭᠤᠯᠢ᠂ ᠲᠣᠮᠳᠠᠳᠣ ᠤᠯᠤᠰ ᠤᠨ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠲᠡᠭᠡᠳᠣ ᠵᠡᠷᠭᠡ ᠶᠢᠨ ᠶᠡᠭᠡ ᠰᠤᠷᠭᠠᠭᠤᠯᠢ ᠶᠢᠨ 60 ᠭᠠᠷᠤᠶ ᠲᠤᠰᠬᠠᠶ ᠡᠷᠳᠡᠮᠲᠡᠨ ᠮᠡᠷᠭᠡᠵᠢᠯᠲᠡᠨ ᠵᠢᠴᠢ ᠪᠥᠬᠡᠬᠡᠰᠢᠭ ᠤᠨ ᠲᠥᠷᠥᠯ ᠰᠠᠳᠤᠨ ᠲᠣᠰ ᠤᠳᠠᠭᠠᠨ ᠤ ᠡᠷᠳᠡᠮ ᠰᠢᠨᠵᠢᠯᠡᠭᠡᠨ ᠤ ᠴᠤᠭᠯᠠᠭᠠᠨ ᠳᠤ ᠣᠷᠣᠯᠴᠠᠭᠰᠠᠨ ᠪᠠᠶᠢᠨ᠎ᠠ᠃
 
ᠢᠷᠡᠯᠲᠡ᠄ ᠨᠠᠢᠮᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号