ᠣᠶᠢᠷ᠎ᠠ ᠳᠤ᠂ ᠳᠤᠮᠳᠠᠳᠤ ᠤᠯᠤᠰ ᠤᠨ ᠲᠣᠭᠠᠴᠠᠭ᠎ᠠ ᠬᠢᠵᠦ ᠢᠯᠭᠠᠷᠠᠭᠤᠯᠤᠨ ᠪᠤᠳᠤᠬᠤ ᠨᠡᠶᠢᠭᠡᠮᠯᠢᠭ ᠠᠴᠠ ︽ | 2019 ᠣᠨ ᠳᠤ ᠭᠠᠷ ᠤᠳᠠᠰᠤ ᠪᠠᠷ ᠲᠣᠭᠠᠴᠠᠭ᠎ᠠ ᠬᠢᠭᠰᠡᠨ ᠬᠡᠷᠡᠭᠯᠡᠭᠴᠢ ᠳᠤ ᠠᠰᠠᠭᠤᠯᠲᠠ ᠶᠢᠨ ᠬᠠᠭᠤᠳᠠᠰᠤ ᠪᠠᠷ | ᠪᠠᠶᠢᠴᠠᠭᠠᠯᠲᠠ ᠬᠢᠭᠰᠡᠨ ᠮᠡᠳᠡᠭᠦᠯᠦᠯᠲᠡ︾ ᠶᠢ ᠨᠡᠶᠢᠲᠡᠯᠡᠵᠦ᠂ 2019 ᠣᠨ ᠳᠤ ᠭᠠᠷ ᠤᠳᠠᠰᠤ ᠪᠠᠷ ᠲᠣᠭᠠᠴᠠᠭ᠎ᠠ | ᠬᠢᠭᠰᠡᠨ ᠬᠡᠷᠡᠭᠯᠡᠭᠴᠢ ᠳᠤ ᠲᠣᠳᠣᠷᠬᠠᠶ ᠵᠢᠷᠤᠭ ᠢ ᠵᠢᠷᠤᠵᠦ ᠦᠭᠪᠡ᠃ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ | 2019 ᠣᠨ ᠳᠤ ᠭᠠᠷ ᠤᠳᠠᠰᠤ ᠪᠠᠷ ᠲᠤᠭᠠᠴᠠᠭ᠎ᠠ ᠬᠢᠭᠰᠡᠨ ᠡᠷᠡᠭᠲᠡᠶ ᠬᠡᠷᠡᠭᠯᠡᠭᠴᠢ ᠨᠢ ᠡᠮᠡᠭᠲᠡᠶ ᠬᠡᠷᠡᠭᠯᠡᠭᠴᠢ ᠠᠴᠠ | ᠢᠯᠡᠭᠦᠤ ᠪᠠᠶᠢᠵᠤ᠂ ᠡᠵᠡᠯᠡᠬᠦ ᠬᠠᠷᠢᠴᠠᠯ ᠨᠢ ᠲᠦᠷᠦᠭᠦᠤ ᠵᠢᠯ ᠤᠨ ᠬᠢ ᠲᠠᠢ ᠦᠨᠳᠦᠰᠦᠨ ᠳᠤ ᠪᠠᠨ ᠠᠳᠠᠯᠢᠬᠠᠨ ᠪᠠᠶᠢᠪᠠ | ︔ ᠣᠯᠠᠩᠬᠢ ᠬᠡᠷᠡᠭᠯᠡᠭᠴᠢ ᠨᠢ ᠡᠳᠦᠷ ᠪᠦᠷᠢ ᠭᠠᠷ ᠤᠳᠠᠰᠤ ᠪᠠᠷ ᠲᠤᠭᠠᠴᠠᠭ᠎ᠠ ᠬᠢᠵᠦ ᠪᠤᠢ︔ ᠵᠢᠷᠤᠭᠠᠰᠤᠨ ᠺᠤᠳ᠋ | ᠰᠢᠷᠪᠢᠵᠦ ᠲᠤᠭᠠᠴᠠᠭ᠎ᠠ ᠬᠢᠬᠦ ᠪᠣᠯ ᠬᠡᠷᠡᠭᠯᠡᠭᠴᠢ ᠶᠢᠨ ᠦᠷᠭᠦᠯᠵᠢ ᠬᠡᠷᠡᠭᠯᠡᠳᠡᠭ ᠭᠠᠷ ᠤᠳᠠᠰᠤ ᠪᠠᠷ ᠲᠤᠭᠠᠴᠠᠭ᠎ᠠ ᠬᠢᠬᠦ | ᠠᠷᠭ᠎ᠠ ᠬᠡᠯᠪᠡᠷᠢ ᠪᠣᠯᠤᠨ᠎ᠠ᠂ ᠬᠠᠮᠤᠭ ᠤᠨ ᠭᠤᠤᠯ ᠬᠡᠷᠡᠭᠯᠡᠵᠦ ᠪᠠᠶᠢᠭ᠎ᠠ ᠭᠠᠵᠠᠷ ᠪᠤᠯ ᠠᠮᠢᠳᠤᠷᠠᠯ ᠤᠨ ᠬᠡᠷᠡᠭᠯᠡᠭᠡ ᠪᠤᠯᠬᠤ | ᠪᠦᠭᠡᠳ ᠣᠯᠠᠨ ᠨᠡᠶᠢᠲᠡ ᠶᠢᠨ ᠶᠠᠪᠤᠵᠤ ᠰᠠᠭᠤᠬᠤ ᠪᠠ ᠤᠰᠤ ᠴᠠᠬᠢᠯᠭᠠᠨ ᠰᠢᠲᠠᠮᠠᠬᠠᠶ ᠬᠡᠶ ᠶᠢᠨ ᠰᠦᠢᠳᠭᠡᠯ | ᠲᠤᠰᠢᠶᠠᠬᠤ ᠳᠤ ᠬᠡᠷᠡᠭᠯᠡᠵᠦ ᠪᠤᠢ᠂ ᠬᠤᠶᠠᠷ ᠬᠡᠮᠵᠢᠯᠳᠦ ᠺᠤᠳ᠋ ᠪᠤᠶᠤ ᠭᠠᠷ ᠤᠳᠠᠰᠤᠨ ᠤ NFC ︵ᠣᠶᠢᠷ᠎ᠠ | ᠲᠠᠯᠠᠪᠤᠷ ᠤᠨ ᠴᠢᠮᠡᠭᠡ ᠬᠤᠯᠪᠣᠭ᠎ᠠ︶ ᠶᠢ ᠰᠢᠷᠪᠢᠬᠦ ᠨᠢ ᠬᠡᠷᠡᠭᠯᠡᠭᠴᠢ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ | ᠮᠠᠰᠢᠨ ᠲᠡᠷᠭᠡᠨ ᠳᠤ ᠰᠠᠭᠤᠬᠤ ᠳᠤ ᠲᠣᠭᠠᠴᠠᠭ᠎ᠠ ᠬᠢᠬᠦ ᠲᠡᠷᠢᠭᠦᠨ ᠰᠣᠩᠭᠤᠯᠲᠠ ᠪᠤᠯᠵᠠᠢ᠃ ᠭᠠᠷ ᠤᠳᠠᠰᠤ ᠪᠠᠷ | ᠲᠣᠭᠠᠴᠠᠭ᠎ᠠ ᠬᠢᠬᠦ ᠶᠠᠪᠤᠳᠠᠯ ᠨᠢ ᠦᠳᠲᠡᠷ ᠲᠦᠷᠭᠡᠨ ᠬᠥᠭᠵᠢᠵᠦ᠂ ᠬᠥᠮᠦᠰ ᠲᠤ ᠮᠠᠰᠢ ᠣᠯᠠᠨ ᠲᠥᠬᠦᠮ ᠦᠵᠡᠭᠦᠯᠬᠦ | ᠪᠤᠯᠤᠬᠰᠡᠨ ᠪᠣᠯᠪᠠᠴᠤ ᠪᠠᠰᠠ ᠡᠳᠦᠶ ᠲᠡᠳᠦᠶ ᠠᠰᠠᠭᠤᠳᠠᠯ ᠣᠷᠣᠰᠢᠵᠤ ᠪᠠᠶᠢᠨ᠎ᠠ᠃ ᠪᠠᠶᠢᠴᠠᠭᠠᠯᠲᠠ ᠳᠤ | ᠢᠯᠡᠷᠡᠭᠦᠯᠦᠭᠰᠡᠨ ᠢᠶᠠᠷ᠂ 2019 ᠣᠨ ᠳᠤ ᠭᠠᠷ ᠤᠳᠠᠰᠤ ᠪᠠᠷ ᠲᠣᠭᠠᠴᠠᠭ᠎ᠠ ᠬᠢᠳᠡᠭ ᠬᠡᠷᠡᠭᠯᠡᠭᠴᠢ ᠨᠢ ᠠᠮᠤᠷ | ᠲᠦᠪᠰᠢᠨ ᠤ ᠲᠠᠯᠳᠠ ᠬᠡᠮ ᠤᠷᠤᠰᠢᠵᠤ ᠪᠠᠶᠢᠬᠤ ᠪᠠ ᠬᠤᠳᠠᠯᠳᠤᠭᠠᠴᠢᠨ ᠡᠷᠦᠬᠡ ᠳᠡᠮᠵᠢᠬᠦ ᠥᠬᠡᠶ ᠪᠠᠶᠢᠬᠤ ᠠᠴᠠ | ᠬᠠᠮᠤᠬ ᠠᠴᠠ ᠰᠠᠨᠠᠭᠠᠰᠢᠷᠠᠬᠰᠠᠭᠠᠷ ᠢᠷᠡᠵᠡᠢ᠂ ᠡᠨᠡ ᠬᠦ ᠬᠤᠶᠠᠷ ᠵᠦᠢᠯ ᠳᠤ ᠰᠠᠨᠠᠭᠠᠰᠢᠷᠠᠬᠰᠠᠭᠠᠷ ᠢᠷᠡᠭᠰᠡᠨ ᠬᠡᠷᠡᠭᠯᠡᠭᠴᠢ | ᠲᠣᠰ ᠲᠣᠰ 65% ᠪᠠ 61.9% ᠶᠢ ᠡᠵᠡᠯᠡᠵᠦ ᠪᠠᠶᠢᠨ᠎ᠠ᠃ ᠬᠡᠷᠡᠭᠯᠡᠭᠴᠢ ᠳᠤ ᠦᠷᠭᠦᠯᠵᠢ ᠲᠣᠬᠢᠶᠠᠯᠳᠤᠳᠠᠭ ᠠᠮᠤᠷ | ᠲᠦᠪᠰᠢᠨ ᠤ ᠠᠰᠠᠭᠤᠳᠠᠯ ᠪᠣᠯ ᠬᠤᠪᠢ ᠬᠥᠮᠦᠨ ᠤ ᠮᠡᠳᠡᠭᠡ ᠵᠠᠩᠭᠢ ᠵᠠᠳᠠᠷᠠᠬᠤ᠂ ᠲᠠᠩᠰᠠᠨ ᠳᠠᠬᠢ ᠪᠠᠯᠠ ᠮᠥᠩᠭᠦ ᠨᠢ | ᠬᠤᠯᠠᠭᠠᠶᠢᠯᠠᠭᠳᠠᠬᠤ ᠪᠠ ᠬᠤᠳᠠᠯ ᠬᠠᠭᠤᠷᠮᠠᠭ ᠵᠢᠷᠤᠭᠠᠰᠤᠨ ᠺᠣᠳ᠋ ᠲᠤ ᠰᠢᠷᠪᠢᠭᠳᠡᠬᠦ ᠶᠠᠪᠤᠳᠠᠯ ᠪᠤᠯᠤᠨ᠎ᠠ᠂ ᠡᠭᠦᠨ ᠳᠤ | ᠨᠢᠭᠡᠳᠦᠭᠡᠷ ᠲᠤ ᠵᠢᠭᠰᠠᠭᠠᠭᠳᠠᠭᠰᠠᠨ ᠬᠤᠪᠢ ᠬᠥᠮᠦᠨ ᠤ ᠮᠡᠳᠡᠭᠡ ᠵᠠᠩᠭᠢ ᠵᠠᠳᠠᠷᠠᠬᠤ ᠶᠠᠪᠤᠳᠠᠯ 80.3% ᠶᠢ ᠡᠵᠡᠯᠡᠵᠦ | ᠪᠠᠶᠢᠨ᠎ᠠ᠃ ᠡᠭᠦᠨ ᠠᠴᠠ ᠦᠵᠡᠪᠡᠯ᠂ ᠬᠡᠷᠡᠭᠯᠡᠭᠴᠢ ᠨᠢ ᠭᠠᠷ ᠤᠳᠠᠰᠤ ᠪᠠᠷ ᠲᠤᠭᠠᠴᠠᠭ᠎ᠠ ᠬᠢᠬᠦ ᠶᠢᠨ ᠠᠮᠤᠷ ᠲᠦᠪᠰᠢᠨ ᠢ | ᠴᠢᠬᠤᠯᠠᠴᠢᠯᠠᠬᠤ ᠶᠠᠪᠤᠳᠠᠯ ᠢ ᠦᠷᠭᠦᠯᠵᠢᠯᠡᠨ ᠴᠢᠩᠭᠠᠳᠬᠠᠵᠤ᠂ ᠲᠠᠩᠰᠠᠨ ᠳᠠᠬᠢ ᠪᠠᠯᠠ ᠮᠥᠩᠭᠦ ᠶᠢᠨ ᠠᠮᠤᠷ | ᠲᠦᠪᠰᠢᠨ ᠢ ᠠᠩᠬᠠᠷᠬᠤ ᠶᠢᠨ ᠬᠠᠮᠲᠤ ᠪᠠᠰᠠ ᠬᠤᠪᠢ ᠬᠥᠮᠦᠨ ᠤ ᠮᠡᠳᠡᠭᠡ ᠵᠠᠩᠭᠢ ᠶᠢᠨ ᠠᠮᠤᠷ ᠲᠦᠪᠰᠢᠨ ᠢᠶᠠᠨ | ᠬᠠᠮᠠᠭᠠᠯᠠᠬᠤ ᠶᠢ ᠮᠠᠰᠢ ᠴᠢᠬᠤᠯᠠᠴᠢᠯᠠᠬᠤ ᠬᠡᠷᠡᠭᠳᠡᠢ᠃ ᠲᠤᠰᠬᠠᠶ ᠮᠡᠷᠭᠡᠵᠢᠯᠲᠡᠨ ᠠᠴᠠ᠂ ᠵᠠᠬ᠎ᠠ ᠳᠡᠯᠭᠡᠭᠦᠷ ᠤᠨ ᠭᠤᠤᠯ | ᠴᠣᠭᠴᠠ ᠨᠢ ᠬᠡᠷᠡᠭᠯᠡᠭᠴᠢ ᠶᠢᠨ ᠮᠡᠳᠡᠭᠡ ᠵᠠᠩᠭᠢ ᠶᠢ ᠬᠠᠮᠠᠭᠠᠯᠠᠬᠤ ᠠᠵᠢᠯ ᠢ ᠲᠦᠭᠰᠢᠭᠦᠷᠢ ᠶᠢᠨ ᠬᠠᠮᠢᠶᠠᠷᠤᠯᠲᠠ ᠶᠢᠨ | ᠰᠢᠰᠲ᠋ᠧᠮ ᠳᠤ ᠣᠷᠣᠭᠤᠯᠵᠤ᠂ ᠬᠡᠷᠡᠭᠯᠡᠭᠴᠢ ᠶᠢᠨ ᠮᠡᠳᠡᠭᠡ ᠵᠠᠩᠭᠢ ᠶᠢ ᠬᠠᠮᠠᠭᠠᠯᠠᠬᠤ ᠲᠦᠷᠢᠮ ᠢ ᠲᠤᠬᠳᠠᠭᠠᠨ | ᠪᠦᠷᠢᠨᠰᠢᠬᠦᠯᠵᠦ᠂ ᠰᠡᠷᠭᠡᠭ ᠮᠡᠳᠡᠭᠡ ᠵᠠᠩᠭᠢ ᠶᠢ ᠬᠠᠮᠠᠭᠠᠯᠠᠬᠤ ᠶᠢ ᠴᠢᠩᠭᠠᠳᠬᠠᠨ᠂ ᠬᠡᠷᠡᠭᠯᠡᠭᠴᠢ ᠶᠢᠨ ᠮᠡᠳᠡᠭᠡ | ᠵᠠᠩᠭᠢ ᠶᠢᠨ ᠪᠥᠬᠦ ᠦᠶᠡᠯᠡᠯ ᠤᠨ ᠬᠤᠭᠤᠴᠠᠭᠠᠨ ᠤ ᠬᠠᠮᠠᠭᠠᠯᠠᠯᠲᠠ ᠶᠢᠨ ᠰᠢᠰᠲ᠋ᠧᠮ ᠢ ᠪᠠᠶᠢᠭᠤᠯᠬᠤ ᠬᠡᠷᠡᠭᠲᠡᠶ ᠭᠡᠵᠦ | ᠰᠠᠨᠠᠭᠤᠯᠪᠠ᠃ | ᠪᠠᠯᠠ ᠮᠥᠩᠭᠦ ᠪᠤᠶᠤ ᠮᠡᠳᠡᠭᠡ ᠵᠠᠩᠭᠢ ᠶᠢᠨ ᠠᠮᠤᠷ ᠲᠦᠪᠰᠢᠨ ᠤ ᠠᠰᠠᠭᠤᠳᠠᠯ ᠲᠤᠯᠭᠠᠷᠠᠪᠠᠯ ᠶᠠᠭᠠᠬᠢᠪᠠᠯ ᠵᠣᠬᠢᠬᠤ | ᠪᠣᠶ︖ ᠪᠠᠶᠢᠴᠠᠭᠠᠯᠲᠠ ᠳᠤ ᠢᠯᠡᠷᠡᠬᠦᠯᠦᠭᠰᠡᠨ ᠢᠶᠠᠷ᠂ 2019 ᠣᠨ ᠳᠤ᠂ ᠭᠠᠷ ᠤᠳᠠᠰᠤ ᠪᠠᠷ ᠲᠣᠭᠠᠴᠠᠭ᠎ᠠ ᠬᠢᠳᠡᠭ | ᠬᠡᠷᠡᠭᠯᠡᠭᠴᠢ ᠨᠢ ᠭᠠᠷ ᠤᠳᠠᠰᠤ ᠪᠠᠷ ᠲᠤᠭᠠᠴᠠᠭ᠎ᠠ ᠬᠢᠬᠦ ᠶᠠᠪᠤᠴᠠ ᠳᠤ ᠪᠠᠯᠠ ᠮᠥᠩᠭᠦ ᠬᠤᠬᠢᠷᠠᠬᠤ᠂ ᠮᠡᠳᠡᠭᠡ ᠵᠠᠩᠭᠢ | ᠵᠠᠳᠠᠷᠠᠬᠤ ᠵᠡᠷᠭᠡ ᠠᠮᠤᠷ ᠲᠦᠪᠰᠢᠨ ᠤ ᠠᠰᠠᠭᠤᠳᠠᠯ ᠢ ᠤᠯᠵᠤ ᠮᠡᠳᠡᠭᠰᠡᠨ ᠪᠤᠶᠤ ᠡᠶᠢᠮᠦ ᠠᠰᠠᠭᠤᠳᠠᠯ ᠭᠠᠷᠤᠬᠰᠠᠨ | ᠦᠶ᠎ᠡ ᠳᠤ᠂ ᠬᠠᠮᠤᠬ ᠠᠴᠠ ᠤᠯᠠᠨ ᠠᠪᠤᠬᠰᠠᠨ ᠠᠷᠭ᠎ᠠ ᠪᠠᠷᠢᠯ ᠬᠡᠪᠡᠯ ᠪᠠᠩᠬᠢ ᠪᠤᠶᠤ ᠲᠣᠭᠠᠴᠠᠭ᠎ᠠ ᠬᠢᠬᠦ | ᠪᠠᠶᠢᠭᠤᠯᠤᠮᠵᠢ ᠲᠠᠢ ᠬᠠᠷᠢᠯᠴᠠᠵᠤ ᠪᠠᠶᠢᠭᠠᠳ ᠲᠤᠭᠠᠴᠠᠭ᠎ᠠ ᠬᠢᠳᠡᠭ ᠬᠠᠮᠢᠶ᠎ᠠ ᠪᠦᠬᠦᠢ ᠲᠠᠩᠰᠠᠨ ᠨᠣᠮᠧᠷ ᠢᠶᠠᠨ | ᠪᠢᠳᠡᠬᠦᠮᠵᠢᠯᠡᠬᠦᠯᠪᠡ᠂ ᠡᠶᠢᠮᠦ ᠬᠡᠷᠡᠭᠯᠡᠭᠴᠢ ᠨᠢ 79.6% ᠶᠢ ᠡᠵᠡᠯᠡᠪᠡ︔ ᠪᠠᠩᠬᠢ ᠪᠤᠶᠤ ᠲᠣᠭᠠᠴᠠᠭ᠎ᠠ ᠬᠢᠬᠦ | ᠪᠠᠶᠢᠭᠤᠯᠤᠮᠵᠢ ᠠᠴᠠ ᠰᠢᠢᠳᠪᠦᠷᠢᠯᠡᠬᠦ ᠠᠷᠭ᠎ᠠ ᠯᠠᠪᠯᠠᠨ ᠠᠰᠠᠭᠤᠬᠰᠠᠨ ᠪᠠ ᠬᠤᠯᠪᠣᠭᠳᠠᠯ ᠪᠥᠬᠦᠶ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠪᠤᠶᠤ ᠠᠵᠢᠯ ᠲᠥᠷᠥᠯ ᠤᠨ ᠨᠡᠶᠢᠭᠡᠮᠯᠢᠭ ᠲᠤ ᠵᠠᠭᠠᠯᠳᠤᠬᠰᠠᠨ᠂ ᠢᠯᠡᠴᠢᠯᠡᠨ | ᠮᠡᠳᠡᠭᠦᠯᠦᠭᠰᠡᠨ ᠬᠡᠷᠡᠭᠯᠡᠭᠴᠢ ᠨᠢ ᠨᠡᠷᠡᠰ ᠤᠨ ᠵᠢᠭᠰᠠᠭᠠᠯᠲᠠ ᠳᠤ ᠬᠤᠶᠠᠳᠤᠭᠠᠷ ᠪᠠ ᠭᠤᠷᠪᠠᠳᠤᠭᠠᠷ ᠲᠤ ᠣᠷᠣᠵᠤ᠂ | ᠲᠣᠰ ᠲᠣᠰ 61% ᠪᠠ 60.7% ᠶᠢ ᠡᠵᠡᠯᠡᠪᠡ︔ ᠰᠢᠢᠳᠪᠦᠷᠢᠯᠡᠬᠦ ᠠᠷᠭ᠎ᠠ ᠬᠡᠮᠵᠢᠶ᠎ᠡ ᠪᠠ ᠠᠷᠭ᠎ᠠ ᠮᠠᠶ᠋ᠢᠭ ᠢ | ᠣᠶᠢᠯᠠᠭᠠᠬᠤ ᠥᠬᠡᠶ ᠬᠡᠷᠡᠭᠯᠡᠭᠴᠢ ᠨᠢ 18.9% ᠶᠢ ᠡᠵᠡᠯᠡᠵᠠᠢ᠃ ᠲᠤᠰᠬᠠᠢ ᠮᠡᠷᠭᠡᠵᠢᠯᠳᠡᠨ ᠠᠴᠠ᠂ ᠬᠡᠷᠡᠭᠯᠡᠭᠴᠢ ᠨᠢ | ᠭᠠᠷ ᠤᠳᠠᠰᠤ ᠪᠠᠷ ᠲᠤᠭᠠᠴᠠᠭ᠎ᠠ ᠬᠢᠬᠦ ᠦᠶ᠎ᠡ ᠳᠤ᠂ ᠠᠶᠤᠯ ᠲᠦᠭᠰᠢᠬᠦᠷᠢ ᠶᠢ ᠰᠡᠷᠭᠡᠶᠢᠯᠡᠬᠦ ᠦᠵᠡᠯ ᠤᠬᠠᠮᠰᠠᠷ ᠲᠠᠢ | ᠪᠠᠶᠢᠬᠤ ᠬᠡᠷᠡᠭᠳᠡᠢ᠂ ᠢᠯᠠᠩᠭᠤᠶ᠎ᠠ ᠨᠢᠭᠤᠴᠠ ᠳ᠋ᠤᠭᠠᠷ ᠭᠡᠷᠡᠭᠯᠡᠬᠦ ᠦᠭᠡᠢ ᠪᠠᠷ ᠲᠤᠭᠠᠴᠠᠭ᠎ᠠ ᠬᠢᠬᠦ ᠪᠤᠶᠤ ᠠᠦ᠋ᠲ᠋ᠣ᠋ ᠪᠠᠷ | ᠵᠣᠭᠤᠰ ᠰᠠᠭᠤᠯᠭᠠᠨ ᠠᠪᠬᠤ ᠵᠡᠷᠭᠡ ᠲᠤᠬᠠᠶᠢᠯᠠᠭᠰᠠᠨ ᠠᠵᠢᠯ ᠢ ᠰᠣᠩᠭᠤᠬᠰᠠᠨ ᠬᠡᠷᠡᠭᠯᠡᠭᠴᠢ ᠨᠢ ᠭᠠᠷ ᠤᠳᠠᠰᠤᠨ | ᠲᠡᠭᠡᠷ᠎ᠡ ᠪᠠᠨ ᠬᠤᠯᠪᠤᠬᠤ ᠦᠶ᠎ᠡ ᠳᠤ ᠬᠤᠯᠪᠣᠭᠳᠠᠯ ᠪᠦᠬᠦᠢ ᠵᠦᠢᠯ ᠵᠤᠷᠪᠤᠰ ᠢ ᠨᠠᠷᠢᠨ ᠨᠢᠮᠪᠠᠶ ᠤᠩᠰᠢᠵᠤ᠂ | ᠬᠠᠷᠢᠭᠤᠴᠠᠯᠭ᠎ᠠ ᠪᠣᠯᠤᠨ ᠲᠦᠭᠰᠢᠭᠦᠷᠢ ᠶᠢ ᠲᠣᠳᠣᠷᠬᠠᠶ ᠮᠡᠳᠡᠬᠦ ᠬᠡᠷᠡᠭᠲᠡᠶ᠃ ᠡᠭᠦᠨ ᠤ ᠬᠠᠮᠳᠤ᠂ ᠭᠠᠷ ᠤᠳᠠᠰᠤ ᠪᠠᠷ | ᠲᠤᠭᠠᠴᠠᠭ᠎ᠠ ᠬᠢᠬᠦ ᠲᠤᠨᠤᠭ ᠤᠨ ᠠᠮᠤᠷ ᠲᠦᠪᠰᠢᠨ ᠢ ᠰᠠᠶᠢᠳᠤᠷ ᠬᠠᠮᠠᠭᠠᠯᠠᠬᠤ ᠬᠡᠷᠡᠭᠳᠡᠢ᠃ ᠲᠤᠨᠤᠭ ᠭᠡᠭᠡᠭᠳᠡᠭᠰᠡᠨ | ᠪᠤᠶᠤ ᠲᠠᠩᠰᠠᠨ ᠨᠣᠮᠧᠷ ᠬᠤᠯᠠᠭᠠᠶᠢᠯᠠᠭᠳᠠᠭᠰᠠᠨ ᠢ ᠣᠯᠵᠤ ᠮᠡᠳᠡᠪᠡᠯ᠂ ᠬᠡᠷᠡᠭᠯᠡᠭᠴᠢ ᠨᠢ ᠴᠠᠭ ᠲᠤᠬᠠᠶ ᠳᠤ ᠨᠢ ᠠᠷᠭ᠎ᠠ | ᠬᠡᠮᠵᠢᠶ᠎ᠡ ᠠᠪᠬᠤ ᠬᠡᠷᠡᠭᠳᠡᠢ᠂ ᠵᠢᠱᠢᠶᠡᠯᠡᠪᠡᠯ ᠨᠢᠭᠤᠴᠠ ᠨᠣᠮᠧᠷ ᠢᠶᠠᠨ ᠦᠭᠡᠷᠡᠴᠢᠯᠡᠵᠦ᠂ ᠬᠠᠮᠢᠶ᠎ᠠ ᠪᠥᠬᠦᠶ ᠡᠷᠬᠡ | ᠣᠯᠭᠤᠯᠲᠠ ᠶᠢ ᠬᠦᠴᠦᠨ ᠥᠬᠡᠶ ᠪᠣᠯᠭᠠᠵᠤ᠂ ᠡᠵᠡᠩᠨᠡᠭᠴᠢ ᠵᠢᠴᠢ ᠭᠤᠷᠪᠠᠳᠠᠭᠢ ᠡᠲᠡᠭᠡᠳ ᠤᠨ ᠲᠤᠭᠠᠴᠠᠭ᠎ᠠ ᠬᠢᠬᠦ | ᠺᠣᠮᠫᠠᠨᠢ ᠲᠠᠢ ᠬᠠᠷᠢᠯᠴᠠᠵᠤ᠂ ᠤᠯᠠᠮ ᠠᠴᠠ ᠤᠯᠠᠨ ᠵᠤᠭᠤᠰ ᠢ ᠬᠤᠯᠠᠭᠠᠶᠢᠯᠠᠨ ᠰᠢᠷᠪᠢᠬᠦ ᠶᠢ ᠰᠡᠷᠭᠡᠶᠢᠯᠡᠬᠦ ᠬᠡᠷᠡᠭᠲᠡᠶ᠃ | ᠨᠢᠭᠡᠨᠲᠡ ᠬᠤᠯᠠᠭᠠᠶᠢᠯᠠᠬᠳᠠᠬᠰᠠᠨ ᠵᠣᠭᠤᠰ ᠮᠦᠡᠭᠭᠦ ᠶᠢᠨ ᠪᠠᠶᠢᠳᠠᠯ ᠢᠶᠠᠨ ᠴᠠᠭ ᠲᠤᠬᠠᠶ ᠳᠤ ᠨᠢ ᠲᠣᠭᠠᠴᠠᠭ᠎ᠠ ᠬᠢᠬᠦ | ᠲᠠᠪᠴᠠᠩ ᠳᠤ ᠲᠤᠰᠬᠠᠵᠤ᠂ ᠬᠠᠮᠢᠶ᠎ᠠ ᠪᠦᠬᠦᠢ ᠮᠡᠳᠡᠭᠡ ᠵᠠᠩᠭᠢ ᠪᠠᠨ ᠲᠤᠰᠢᠶᠠᠵᠤ᠂ ᠭᠡᠷᠡᠴᠢ ᠪᠠᠷᠢᠮᠲᠠ ᠶᠢ ᠬᠠᠳᠠᠭᠠᠯᠠᠵᠤ | ᠂ ᠬᠤᠵᠢᠮ ᠪᠦᠲᠦᠮᠵᠢᠲᠡᠶ ᠪᠠᠷ ᠡᠷᠬᠡ ᠪᠠᠨ ᠬᠠᠮᠠᠭᠠᠯᠠᠬᠤ ᠳᠤ ᠳᠥᠭᠦᠮ ᠪᠤᠯᠭᠠᠵᠤ᠂ ᠴᠢᠬᠤᠯᠠ ᠲᠠᠢ ᠦᠶ᠎ᠡ ᠳᠤ | ᠵᠠᠷᠭᠤᠯᠳᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ | ᠬᠠᠮᠠᠭᠠᠯᠠᠵᠤ ᠪᠣᠯᠤᠨ᠎ᠠ ᠬᠡᠵᠦ ᠰᠠᠨᠠᠭᠤᠯᠵᠠᠢ᠃ ᠪᠠᠶᠢᠴᠠᠭᠠᠯᠲᠠ ᠳᠤ ᠢᠯᠡᠷᠡᠭᠦᠯᠦᠭᠰᠡᠨ ᠢᠶᠠᠷ᠂ 2018 ᠣᠨ ᠢ | ᠪᠤᠳᠤᠪᠠᠯ᠂ ᠬᠥᠮᠦᠨ ᠤ ᠵᠢᠰᠦ ᠶᠢ ᠢᠯᠭᠠᠨ ᠲᠠᠨᠢᠬᠤ ᠮᠡᠷᠭᠡᠵᠢᠯ ᠢ ᠣᠶᠢᠯᠠᠭᠠᠬᠤ ᠭᠠᠷ ᠤᠳᠠᠰᠤ ᠪᠠᠷ ᠲᠣᠭᠠᠴᠠᠭ᠎ᠠ ᠬᠢᠬᠦ | ᠬᠡᠷᠡᠭᠯᠡᠭᠴᠢ 10 ᠵᠠᠭᠤᠨ ᠤ ᠬᠤᠪᠢ ᠶᠢᠨ ᠴᠡᠭ ᠰᠢᠬᠠᠮ ᠨᠡᠮᠡᠭᠳᠡᠵᠦ᠂ 84.4% ᠶᠢᠨ ᠬᠡᠷᠡᠭᠯᠡᠭᠴᠢ ᠨᠢ ᠠᠮᠢᠳᠤ | ᠪᠣᠳᠠᠰ ᠢ ᠢᠯᠭᠠᠨ ᠲᠠᠨᠢᠬᠤ ᠮᠡᠷᠭᠡᠵᠢᠯ ᠢᠶᠠᠷ ᠭᠠᠷ ᠤᠳᠠᠰᠤ ᠪᠠᠷ ᠲᠤᠭᠠᠴᠠᠭ᠎ᠠ ᠬᠢᠬᠦ ᠪᠡᠶ᠎ᠡ ᠶᠢᠨ ᠭᠠᠷᠤᠯ ᠢ ᠢᠯᠭᠠᠨ | ᠲᠠᠨᠢᠬᠤ ᠪᠠ ᠠᠷᠠᠯᠵᠢᠶ᠎ᠡ ᠬᠢᠬᠦ ᠶᠢ ᠰᠢᠯᠭᠠᠨ ᠪᠠᠲᠤᠯᠠᠬᠤ ᠶᠢ ᠬᠦᠯᠢᠶᠡᠨ ᠠᠪᠴᠤ ᠬᠡᠷᠡᠭᠯᠡᠵᠦ ᠪᠠᠶᠢᠨ᠎ᠠ᠃ ᠭᠡᠪᠡᠴᠦ | ᠬᠡᠷᠡᠭᠯᠡᠭᠴᠢ ᠨᠢ ᠠᠮᠢᠳᠤ ᠪᠣᠳᠠᠰ ᠢ ᠢᠯᠭᠠᠨ ᠲᠠᠨᠢᠬᠤ ᠮᠡᠷᠭᠡᠵᠢᠯ ᠢ ᠬᠡᠷᠡᠭᠯᠡᠬᠦ ᠳᠤ ᠪᠠᠨ ᠡᠩ ᠲᠡᠷᠢᠭᠦᠨ ᠳᠤ ᠮᠦᠡ ᠬᠦ | ᠬᠤᠪᠢ ᠬᠥᠮᠦᠨ ᠤ ᠨᠢᠭᠤᠴᠠ ᠵᠠᠳᠠᠷᠠᠬᠤ ᠪᠠ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠲᠤᠬᠠᠢ | ᠰᠠᠨᠠᠭᠠᠰᠢᠷᠠᠬᠰᠠᠭᠠᠷ ᠢᠷᠡᠵᠡᠢ᠃ ᠡᠳᠡᠭᠡᠷ ᠵᠦᠢᠯ ᠳᠤ ᠰᠠᠨᠠᠭᠠᠰᠢᠷᠠᠬᠰᠠᠭᠠᠷ ᠢᠷᠡᠭᠰᠡᠨ ᠬᠡᠷᠡᠭᠯᠡᠭᠴᠢ ᠨᠢ ᠲᠣᠰ ᠲᠣᠰ 76. | 9% ᠪᠠ 71.3% ᠶᠢ ᠡᠵᠡᠯᠡᠵᠦ ᠪᠠᠶᠢᠨ᠎ᠠ᠃ ᠠᠵᠢᠯ ᠲᠥᠷᠥᠯ ᠤᠨ ᠬᠥᠮᠦᠰ ᠤᠨ ᠦᠵᠡᠬᠦ ᠪᠠᠷ᠂ ᠲᠦᠢᠯ ᠤᠨ | ᠠᠮᠤᠷ ᠲᠦᠪᠰᠢᠨ ᠮᠡᠷᠭᠡᠵᠢᠯ ᠭᠡᠵᠦ ᠪᠠᠶᠢᠬᠤ ᠥᠬᠡᠶ᠂ ᠵᠢᠱᠢᠶᠡᠯᠡᠪᠡᠯ ᠬᠥᠮᠦᠨ ᠤ ᠵᠢᠰᠦ ᠶᠢ ᠢᠯᠭᠠᠨ ᠲᠠᠨᠢᠬᠤ | ᠮᠡᠷᠭᠡᠵᠢᠯ ᠨᠢ ᠨᠢᠭᠡᠨᠲᠡ ᠮᠠᠰᠢ ᠣᠯᠠᠨ ᠬᠦᠷᠢᠶᠡᠨ ᠳᠤ ᠬᠡᠷᠡᠭᠯᠡᠭᠳᠡᠵᠦ ᠪᠠᠶᠢᠨ᠎ᠠ᠂ ᠲᠡᠷᠡ ᠨᠢ ᠤᠯᠠᠮᠵᠢᠯᠠᠯᠲᠤ ᠨᠢᠭᠤᠴᠠ | ᠨᠣᠮᠧᠷ ᠢ ᠪᠤᠳᠤᠪᠠᠯ ᠮᠠᠰᠢ ᠣᠯᠠᠨ ᠥᠪᠡᠷᠮᠢᠴᠡ ᠳᠠᠪᠠᠭᠤᠯᠢᠭ ᠲᠠᠯ᠎ᠠ ᠲᠠᠢ ᠪᠣᠯᠪᠠᠴᠤ ᠪᠠᠰᠠ ᠲᠠᠶᠢᠯᠤᠬᠳᠠᠵᠤ ᠮᠡᠳᠡᠨ᠎ᠡ᠃ | ᠠᠮᠤᠷ ᠲᠦᠪᠰᠢᠨ ᠤ ᠲᠠᠯ᠎ᠠ ᠠᠴᠠ ᠪᠣᠳᠣᠯᠬᠢᠯᠠᠪᠠᠯ᠂ ᠬᠠᠮᠤᠭ ᠰᠠᠶᠢᠨ ᠨᠢ ᠣᠯᠠᠨ ᠵᠦᠢᠯ ᠤᠨ ᠰᠢᠯᠭᠠᠨ ᠪᠠᠲᠤᠯᠠᠬᠤ | ᠠᠷᠭ᠎ᠠ ᠮᠠᠶ᠋ᠢᠭ ᠢ ᠰᠣᠯᠪᠢᠴᠠᠭᠤᠯᠤᠨ ᠬᠡᠷᠡᠭᠯᠡᠵᠦ᠂ ᠢᠯᠠᠩᠭᠤᠶ᠎ᠠ ᠠᠮᠤᠷ ᠲᠦᠪᠰᠢᠨ ᠤ ᠱᠠᠭᠠᠷᠳᠠᠯᠭ᠎ᠠ ᠲᠦᠢᠯ ᠤᠨ | ᠥᠨᠳᠥᠷ ᠮᠥᠩᠭᠦᠨ ᠬᠦᠢᠯᠭᠡᠭᠡᠨ ᠤ ᠲᠠᠯᠠᠪᠠᠢ ᠳᠤ ᠬᠡᠷᠡᠭᠯᠡᠬᠦ ᠬᠡᠷᠡᠭᠳᠡᠢ᠃ ᠵᠢᠱᠢᠶᠡᠯᠡᠪᠡᠯ᠂ ᠬᠡᠷᠡᠯ ᠵᠢᠷᠤᠭ᠂ ᠸᠢᠳᠢᠣ᠋ | ᠨᠡᠪᠲᠡᠷᠡᠭᠦᠯᠭᠡ᠂ 3D ᠲᠣᠯᠣᠭᠠᠶ ᠶᠢᠨ ᠪᠦᠷᠬᠦᠪᠴᠢ ᠵᠡᠷᠭᠡ ᠬᠠᠭᠤᠷᠮᠠᠭ ᠨᠢᠭᠤᠷ ᠤᠨ ᠳᠠᠭᠠᠷᠢᠯᠲᠠ ᠶᠢ ᠰᠡᠷᠭᠡᠶᠢᠯᠡᠬᠦ ᠶᠢᠨ | ᠲᠥᠯᠥᠭᠡ᠂ ᠪᠠᠩᠬᠢ ᠨᠢ ᠨᠢᠭᠤᠷ ᠢᠶᠠᠨ ᠰᠢᠷᠪᠢᠵᠦ ᠵᠣᠭᠤᠰ ᠭᠠᠷᠭᠠᠨ ᠠᠪᠬᠤ ᠵᠡᠷᠭᠡ ᠪᠠᠷ ᠬᠥᠮᠦᠨ ᠤ ᠵᠢᠰᠦ ᠶᠢ ᠢᠯᠭᠠᠨ | ᠲᠠᠨᠢᠬᠤ᠂ ᠭᠠᠷ ᠤᠲᠠᠰᠤᠨ ᠤ ᠨᠣᠮᠧᠷ ᠪᠤᠶᠤ ᠪᠡᠶ᠎ᠡ ᠶᠢᠨ ᠦᠨᠡᠮᠯᠡᠯ ᠢ ᠰᠢᠯᠭᠠᠨ ᠪᠠᠲᠤᠯᠠᠬᠤ᠂ ᠨᠢᠭᠤᠴᠠ ᠨᠣᠮᠧᠷ ᠢ | ᠰᠢᠯᠭᠠᠨ ᠪᠠᠲᠤᠯᠠᠬᠤ ᠭᠤᠷᠪᠠᠨ ᠲᠠᠪᠬᠤᠷ ᠬᠠᠮᠠᠭᠠᠯᠠᠯᠲᠠ ᠬᠢᠬᠦ ᠬᠡᠷᠡᠭᠳᠡᠢ ᠬᠡᠪᠡ᠃ | |