ᠰᠢᠨ᠎ᠡ ᠬᠡᠯᠪᠡᠷᠢ ᠶᠢᠨ ᠳᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ | ᠬᠤᠭᠤᠴᠠᠭᠠᠨ ᠳᠤ ᠬᠢ᠂ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠤᠨ ᠬᠡᠷᠡᠭᠰᠡᠯ ᠢ ᠬᠠᠩᠭᠠᠬᠤ ᠶᠢᠨ ᠲᠦᠯᠦᠭᠡ᠂ | ᠨᠠᠢᠮᠠᠨ ᠬᠤᠰᠢᠭᠤᠨ ᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠬᠠᠮᠢᠶᠠᠷᠤᠯᠲᠠ ᠶᠢᠨ ᠭᠠᠵᠠᠷ ᠤᠨ ᠬᠢᠨ ︽ᠨᠠᠢᠮᠠᠨ | ᠬᠤᠰᠢᠭᠤᠨ ᠤ ᠭᠦᠢᠯᠭᠡᠭᠡᠨ ᠤ ᠬᠦᠷᠢᠶᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠤ | ᠡᠵᠡᠩᠨᠡᠯᠲᠡ ᠶᠢᠨ ᠵᠢᠷᠤᠮᠵᠢᠯ ᠪᠠ ᠨᠠᠢᠮᠠᠨ ᠬᠤᠰᠢᠭᠤᠨ ᠤ ᠰᠢᠨ᠎ᠡ ᠬᠡᠯᠪᠡᠷᠢ ᠶᠢᠨ ᠳᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠬᠦ ᠠᠷᠢᠭᠤᠨ ᠴᠡᠪᠡᠷ | ᠠᠷᠢᠭᠤᠳᠬᠠᠬᠤ ᠵᠢᠷᠤᠮᠵᠢᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ᠤᠨ ᠵᠤᠷᠢᠭ ᠰᠠᠨᠠᠭ᠎ᠠ ᠶᠢ ᠦᠨᠳᠦᠰᠦᠯᠡᠨ | ᠂ ᠡᠯ᠎ᠡ ᠦᠰᠦ ᠵᠠᠰᠠᠬᠤ ᠭᠠᠵᠠᠷ ᠤᠨ ᠬᠢᠨ ᠦᠪᠡᠷ ᠤᠨ ᠳᠤᠷᠠᠰᠢᠯ ᠠᠴᠠ ᠪᠠᠨ ᠭᠤᠶᠤᠴᠢᠯᠠᠭᠰᠠᠨ ᠤ ᠳᠠᠷᠠᠭ᠎ᠠ᠂ | ᠬᠠᠮᠢᠶᠠᠷᠤᠯᠲᠠ ᠶᠢᠨ ᠭᠠᠵᠠᠷ ᠤᠨ ᠬᠢᠨ ᠠᠵᠢᠯᠲᠠᠳ ᠬᠦᠷᠦᠯᠴᠡᠬᠦ ᠦᠭᠡᠢ ᠪᠠᠶᠢᠳᠠᠯ ᠳᠤᠤᠷ᠎ᠠ ᠡᠷᠲᠡᠯᠡᠵᠦ ᠣᠷᠤᠶᠢᠯᠠᠨ | ᠳᠦᠭᠦᠮ ᠬᠤᠭᠤᠯᠠ ᠪᠠᠷ ᠦᠯ ᠳᠠᠷᠤᠨ᠂ ᠲᠤᠬᠠᠢ ᠶᠢᠨ ᠭᠠᠵᠠᠷ ᠲᠤ ᠨᠢ ᠬᠦᠷᠴᠦ ᠬᠢᠨᠠᠨ ᠵᠢᠯᠤᠭᠤᠳᠴᠤ᠂ | ᠡᠵᠡᠩᠨᠡᠯᠲᠡ ᠶᠢᠨ ᠲᠠᠯᠠᠪᠠᠢ 70 ᠲᠡᠭᠰᠢ ᠳᠦᠷᠪᠡᠯᠵᠢᠨ ᠮᠧᠳ᠋ᠷ ᠡᠭᠴᠡ ᠳᠡᠭᠡᠭᠰᠢ ᠪᠦᠭᠡᠳ ᠬᠠᠶᠠᠭᠳᠠᠮᠠᠯ ᠠᠮᠠᠪᠴᠢ | ᠬᠤᠷᠢᠶᠠᠬᠤ ᠲᠤᠰᠬᠠᠢ ᠬᠠᠢᠷᠴᠠᠭ ᠲᠠᠢ ᠪᠠᠶᠢᠵᠤ᠂ ᠦᠰᠦ ᠵᠠᠰᠠᠭᠴᠢ ᠪᠠ ᠵᠤᠴᠢᠳ ᠪᠦᠷ ᠠᠮᠠᠪᠴᠢ ᠵᠡᠭᠦᠬᠦ ᠶᠢᠨ ᠬᠠᠮᠲᠤ | ᠵᠤᠴᠢᠳ ᠤᠨ ᠬᠤᠭᠤᠷᠤᠨᠳᠤᠬᠢ ᠵᠠᠢ ᠶᠢ 1.5 ᠮᠧᠲᠷ ᠠᠴᠠ ᠳᠡᠭᠡᠭᠰᠢᠬᠢ ᠪᠠᠶᠢᠬᠤ ᠶᠢ ᠪᠠᠲᠤᠯᠠᠵᠤ᠂ ᠦᠰᠦ | ᠵᠠᠰᠠᠬᠤ ᠳᠤ ᠬᠡᠷᠡᠭᠰᠡᠬᠦ ᠪᠠᠭᠠᠵᠢ ᠬᠡᠷᠡᠭᠰᠡᠯ ᠪᠦᠬᠦᠨ ᠢ ᠨᠢᠭᠡ ᠵᠤᠴᠢᠨ ᠳᠤ ᠨᠢᠭᠡ ᠤᠳᠠᠭ᠎ᠠ ᠠᠷᠢᠭᠤᠳᠬᠠᠨ᠂ | ᠵᠤᠴᠢᠳ ᠤᠨ ᠪᠠᠶ᠎ᠡ ᠶᠢᠨ ᠳᠤᠯᠠᠭᠠᠨ ᠢ ᠬᠡᠮᠵᠢᠬᠦ ᠶᠢᠨ ᠬᠠᠮᠲᠤ ᠮᠡᠳᠡᠭᠡ ᠵᠠᠩᠭᠢ ᠶᠢ ᠨᠠᠷᠢᠨ ᠲᠡᠮᠳᠡᠭᠯᠡᠨ᠂ ᠪᠡᠶ᠎ᠡ ᠶᠢᠨ | ᠳᠤᠯᠠᠭᠠᠨ ᠨᠢ 7.3 ᠭᠷᠠᠳᠦ᠋ᠰ ᠠᠴᠠ ᠳᠡᠭᠡᠭᠰᠢ ᠪᠣᠯ ᠬᠤᠰᠢᠭᠤᠨ ᠤ ᠵᠢᠯᠤᠭᠤᠳᠬᠤ ᠭᠠᠵᠠᠷ ᠪᠤᠶᠤ ᠳᠤᠭᠲᠠᠭᠰᠠᠨ | ᠡᠮᠨᠡᠯᠭᠡ ᠶᠢᠨ ᠬᠤᠷᠢᠶᠠᠨ ᠳᠤ ᠮᠡᠳᠡᠭᠦᠯᠬᠦ ᠵᠡᠷᠭᠡ ᠪᠠᠷᠢᠮᠵᠢᠶ᠎ᠠ ᠳᠤ ᠬᠦᠷᠪᠡᠯ ᠲᠤᠬᠠᠢ ᠶᠢᠨ ᠭᠠᠵᠠᠷ ᠲᠤ ᠨᠢ ᠵᠦᠪᠰᠢᠶᠡᠷᠡᠵᠦ | ᠂ ᠡᠯ᠎ᠡ ᠵᠦᠢᠯ ᠤᠨ ᠭᠠᠷ ᠭᠦᠢᠴᠡᠳᠭᠡᠯ ᠢ ᠳᠦᠭᠦᠮᠴᠢᠯᠡᠨ ᠭᠦᠢᠴᠡᠳᠭᠡᠵᠦ᠂ ᠡᠵᠡᠩᠨᠡᠭᠰᠡᠳ ᠲᠤ ᠳᠦᠭᠦᠮ ᠦᠵᠡᠭᠦᠯᠦᠨ | ᠂ ᠠᠵᠢᠯ ᠢᠶᠠᠨ ᠡᠬᠢᠯᠡᠭᠦᠯᠬᠦ ᠶᠢ ᠠᠬᠢᠭᠤᠯᠤᠭᠰᠠᠨ ᠪᠠᠶᠢᠨ᠎ᠠ᠃ ᠤᠳᠤ ᠳᠤ ᠪᠤᠯᠲᠠᠯ᠎ᠠ 23 ᠦᠰᠦ ᠵᠠᠰᠠᠬᠤ | ᠭᠠᠵᠠᠷ ᠤᠨ ᠬᠢᠨ ᠠᠵᠢᠯ ᠢᠶᠠᠨ ᠡᠬᠢᠯᠡᠭᠦᠯᠵᠦ᠂ ᠰᠠᠭᠤᠭᠠᠯᠢ ᠠᠷᠠᠳ ᠲᠤ ᠳᠦᠭᠦᠮ ᠦᠵᠡᠭᠦᠯᠬᠦ ᠶᠢᠨ ᠬᠠᠮᠲᠤ᠂ 100 | ᠭᠠᠷᠤᠢ ᠬᠦᠳᠡᠯᠮᠦᠷᠢ ᠬᠦᠴᠦᠨ ᠤ ᠠᠵᠢᠯ ᠤᠯᠭᠤᠬᠤ ᠶᠢ ᠰᠢᠢᠳᠪᠦᠷᠢᠯᠡᠭᠰᠡᠨ ᠪᠠᠢᠨ᠎ᠠ᠃ | ᠨᠠᠢᠮᠠᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ | ᠪᠠᠶᠠᠨᠵᠢᠷᠭᠠᠯ ᠮᠡᠳᠡᠭᠡᠯᠡᠪᠡ | |