ᠨᠠᠢᠮᠠᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠬᠢᠨ᠂ ᠬᠢᠵᠢᠭ ᠢ ᠰᠡᠷᠭᠡᠶᠢᠯᠡᠨ | ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠳᠡᠭᠡᠷ᠎ᠡ ᠱᠠᠲᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ | ᠵᠤᠷᠢᠭ ᠰᠠᠨᠠᠭ᠎ᠠ ᠶᠢ ᠦᠨᠳᠦᠰᠦᠯᠡᠨ᠂ ᠲᠤᠰᠬᠠᠢ ᠳᠤᠭᠤᠶᠢᠯᠠᠩ ᠢ ᠵᠤᠬᠢᠶᠠᠨ ᠪᠠᠶᠢᠭᠤᠯᠵᠤ᠂ ᠡᠯ᠎ᠡ ᠠᠵᠤ | ᠠᠬᠤᠶᠢᠯᠠᠯ ᠳᠤ ᠭᠦᠨᠵᠡᠭᠡᠶᠢᠷᠡᠨ᠂ ᠬᠢᠵᠢᠭ ᠤᠨ ᠬᠤᠭᠤᠴᠠᠭᠠᠨ ᠳᠤ ᠠᠵᠢᠯ ᠢᠶᠠᠨ ᠡᠬᠢᠯᠡᠭᠦᠯᠵᠦ ᠦᠢᠯᠡᠳᠪᠦᠷᠢᠯᠡᠯ ᠢᠶᠠᠨ | ᠰᠡᠷᠭᠦᠭᠡᠬᠦ ᠳᠤ ᠠᠵᠢᠯᠲᠠᠳ ᠤᠨ ᠪᠡᠶ᠎ᠡ ᠶᠢᠨ ᠳᠤᠯᠠᠭᠠᠨ ᠢ ᠬᠡᠮᠵᠢᠬᠦ᠂ ᠬᠤᠪᠢ ᠶᠢᠨ ᠮᠡᠳᠡᠭᠡ ᠵᠠᠩᠭᠢ ᠶᠢ ᠲᠡᠮᠳᠡᠭᠯᠡᠬᠦ᠂ | ᠬᠢᠵᠢᠭ ᠤᠨ ᠤᠷᠤᠨ ᠠᠴᠠ ᠢᠷᠡᠭᠰᠡᠨ ᠠᠵᠢᠯᠲᠠᠳ ᠢ ᠲᠤᠰᠠᠭᠠᠷᠯᠠᠨ ᠠᠵᠢᠭᠯᠠᠬᠤ᠂ ᠠᠵᠢᠯᠲᠠᠳ ᠪᠠ ᠠᠵᠢᠯ ᠤᠨ | ᠤᠷᠴᠢᠨ ᠲᠤᠭᠤᠷᠢᠨ ᠢ ᠠᠷᠢᠭᠤᠳᠬᠠᠬᠤ᠂ ᠲᠤᠰᠠᠭᠠᠷᠯᠠᠨ ᠪᠠᠶᠢᠴᠠᠭᠠᠬᠤ ᠦᠷᠦᠭᠡ ᠪᠡᠯᠡᠳᠭᠡᠬᠦ᠂ ᠬᠤᠭᠤᠯᠯᠠᠬᠤ ᠳᠤ | ᠠᠩᠬᠠᠷᠬᠤ ᠵᠦᠢᠯ ᠵᠡᠷᠭᠡ ᠬᠢᠵᠢᠭ ᠢ ᠰᠡᠷᠭᠡᠶᠢᠯᠡᠬᠦ ᠮᠡᠷᠭᠡᠵᠢᠯ ᠤᠨ ᠵᠢᠯᠤᠭᠤᠳᠤᠯᠭ᠎ᠠ ᠬᠢᠵᠦ᠂ ᠨᠦᠬᠦᠴᠡᠯ | ᠪᠦᠷᠢᠯᠳᠦᠭᠦᠯᠦᠭᠰᠡᠨ ᠠᠵᠤ ᠠᠬᠤᠶᠢᠯᠠᠯ ᠢ ᠠᠵᠢᠯ ᠢ ᠨᠢ ᠡᠬᠢᠯᠡᠭᠦᠯᠬᠦ ᠪᠤᠶᠤ ᠦᠷᠬᠦᠯᠵᠢᠯᠡᠨ ᠠᠵᠢᠯᠯᠠᠭᠤᠯᠵᠤ᠂ ᠭᠠᠵᠠᠷ | ᠤᠷᠤᠨ ᠤ ᠠᠵᠤ ᠠᠬᠤᠢ ᠶᠢᠨ ᠬᠦᠭᠵᠢᠯᠲᠡ ᠳᠤ ᠬᠦᠴᠦ ᠨᠡᠮᠡᠷᠢᠯᠡᠵᠦ ᠪᠠᠶᠢᠨ᠎ᠠ᠃ ᠤᠳᠤ ᠪᠤᠯᠲᠠᠯ᠎ᠠ ᠲᠤᠰ | ᠬᠤᠰᠢᠭᠤᠨ ᠤ ᠬᠢᠨ᠂ ᠬᠢᠵᠢᠭ ᠢ ᠰᠡᠷᠭᠡᠶᠢᠯᠡᠬᠦ ᠪᠠᠷᠢᠮᠵᠢᠶ᠎ᠠ ᠳᠤ ᠬᠦᠷᠦᠭᠰᠡᠨ 29 ᠠᠵᠤ ᠠᠬᠤᠶᠢᠯᠠᠯ ᠠᠵᠢᠯ ᠢᠶᠠᠨ | ᠰᠡᠷᠭᠦᠭᠡᠬᠦ ᠪᠤᠶᠤ ᠠᠵᠢᠯ ᠢᠶᠠᠨ ᠦᠷᠬᠦᠯᠵᠢᠯᠡᠭᠦᠯᠵᠦ ᠪᠠᠶᠢᠨ᠎ᠠ᠃ | ᠨᠠᠢᠮᠠᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠪᠠᠶᠠᠨᠵᠢᠷᠭᠠᠯ | ᠮᠡᠳᠡᠭᠡᠯᠡᠪᠡ |