ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠧᠶ ᠾᠦᠩ ᠵᠢᠶᠦ᠋ᠨ ᠠᠩᠭᠢ ᠳᠠᠭᠠᠭᠤᠯᠤᠨ ᠮᠠᠨ ᠤ ᠬᠤᠰᠢᠭᠤᠨ ᠳᠤ ᠬᠦᠷᠴᠦ ᠬᠠᠮᠢᠶ᠎ᠠ ᠪᠦᠬᠦᠢ ᠠᠵᠢᠯ ᠢ ᠰᠢᠨᠵᠢᠯᠡᠨ ᠪᠠᠶᠢᠴᠠᠭᠠᠵᠤ ᠰᠣᠯᠢᠯᠴᠠᠪᠠ
ᠨᠡᠶᠢᠲᠡᠯᠡᠭᠰᠡᠨ ᠴᠠᠭ᠄
2020-05-28
   5 ᠰᠠᠷ᠎ᠠ ᠶᠢᠨ 25 ᠤ ᠡᠳᠦᠷ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠸᠧᠶ ᠾᠦᠩ ᠵᠢᠶᠦ᠋ᠨ ᠠᠩᠭᠢ ᠳᠠᠭᠠᠭᠤᠯᠤᠨ ᠮᠠᠨ ᠤ ᠬᠤᠰᠢᠭᠤᠨ ᠳᠤ ᠬᠦᠷᠴᠦ ᠵᠥᠷᠢᠴᠡᠯ ᠵᠢᠭᠤᠷᠠᠯᠳᠤᠭᠠᠨ ᠢ ᠣᠯᠠᠨ ᠲᠠᠯ᠎ᠠ ᠠᠴᠠ ᠰᠢᠢᠳᠪᠦᠷᠢᠯᠡᠬᠦ ᠵᠡᠷᠭᠡ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠠᠵᠢᠯ ᠢ ᠰᠢᠨᠵᠢᠯᠡᠨ ᠪᠠᠶᠢᠴᠠᠭᠠᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠠᠩ ᠬᠤᠸᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠵᠧᠨ ᠴᠧᠩ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃
   ᠸᠧᠢ ᠾᠦᠩ ᠵᠢᠶᠦ᠋ᠨ ᠵᠡᠷᠭᠡ ᠬᠦᠮᠦᠰ ᠤᠷᠢᠳ ᠬᠤᠵᠢᠳ ᠲᠠᠴᠢᠨᠲᠠᠯ᠎ᠠ ᠪᠠᠯᠭᠠᠰᠤᠨ ᠤ ᠵᠥᠷᠢᠴᠡᠯ ᠢ ᠰᠢᠢᠳᠪᠦᠷᠢᠯᠡᠬᠦ  ᠦᠢᠯᠡᠴᠢᠯᠡᠭᠡᠨ ᠤ ᠲᠥᠪ᠂ ᠲᠠᠴᠢᠨᠲᠠᠯ᠎ᠠ ᠪᠠᠯᠭᠠᠰᠤᠨ ᠤ ᠯᠢᠦ ᠵᠢᠶᠠ ᠫᠦ᠋ ᠲᠣᠰᠬᠤᠨ᠂ ᠲᠠᠴᠢᠨᠲᠠᠯ᠎ᠠ ᠵᠡᠭᠡᠯᠢ ᠭᠤᠳᠤᠮᠵᠢ ᠶᠢᠨ ᠰᠢᠨ᠎ᠡ ᠨᠡᠶᠢᠭᠡᠮ ᠲᠣᠭᠤᠷᠢᠭ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠥᠪ᠂ ᠵᠠᠮ ᠬᠠᠷᠢᠯᠴᠠᠭᠠᠨ ᠤ ᠠᠳᠡᠯ ᠢ ᠰᠢᠢᠳᠪᠦᠷᠢᠯᠡᠬᠦ ᠲᠥᠪ ᠂ ᠬᠤᠰᠢᠭᠤᠨ ᠤ ᠵᠥᠷᠢᠴᠡᠯ ᠢ ᠰᠢᠢᠳᠪᠦᠷᠢᠯᠡᠬᠦ ᠦᠢᠯᠡᠴᠢᠯᠡᠭᠡᠨ ᠤ ᠲᠥᠪ ᠵᠡᠷᠭᠡ ᠭᠠᠵᠠᠷ ᠲᠤ ᠬᠦᠷᠴᠡᠶ᠃ ᠲᠤᠷᠰᠢᠯᠭ᠎ᠠ ᠶᠢᠨ ᠲᠠᠨᠢᠯᠴᠠᠭᠤᠯᠭ᠎ᠠ ᠶᠢ ᠰᠣᠨᠣᠰᠬᠤ᠂ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠮᠠᠨ ᠤ ᠬᠤᠰᠢᠭᠤᠨ ᠤ ᠦᠨᠳᠦᠰᠦᠨ ᠱᠠᠲᠤᠨ ᠤ ᠲᠣᠤᠷᠵᠢᠭᠤᠯᠤᠭᠰᠠᠨ ᠬᠠᠮᠢᠶᠠᠷᠤᠯᠲᠠ ᠶᠢ ᠭᠦᠨᠵᠡᠭᠡᠶᠢᠷᠡᠭᠦᠯᠬᠦ᠂ ᠵᠥᠷᠢᠴᠡᠯ ᠵᠢᠭᠤᠷᠠᠯᠳᠤᠭᠠᠨ ᠢ ᠤᠯᠠᠨ ᠲᠠᠯ᠎ᠠ ᠠᠴᠠ ᠰᠢᠢᠳᠪᠦᠷᠢᠯᠡᠬᠦ ᠲᠣᠭᠲᠠᠴᠠ ᠶᠢ ᠰᠢᠨᠡᠴᠢᠯᠡᠬᠦ ᠵᠡᠷᠭᠡ ᠲᠠᠯ᠎ᠠ ᠪᠠᠷ ᠬᠤᠷᠠᠮᠳᠤᠭᠤᠯᠤᠭᠰᠠᠨ ᠲᠤᠷᠰᠢᠯᠭ᠎ᠠ ᠠᠷᠭ᠎ᠠ ᠪᠠᠷᠢᠯ ᠢ ᠨᠠᠷᠢᠨ ᠣᠶᠢᠯᠠᠭᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤᠮᠳᠠ ᠣᠷᠣᠰᠢᠵᠤ ᠪᠠᠶᠢᠭ᠎ᠠ ᠨᠡᠶᠢᠲᠡᠯᠢᠭ ᠴᠢᠨᠠᠷᠲᠠᠶ ᠠᠰᠠᠭᠤᠳᠠᠯ ᠤᠨ  ᠰᠢᠢᠳᠪᠦᠷᠢᠯᠡᠬᠦ ᠠᠷᠭ᠎ᠠ ᠵᠠᠮ ᠤᠨ ᠲᠤᠬᠠᠶ ᠭᠦᠨᠵᠡᠭᠡᠶ ᠰᠤᠳᠤᠯᠤᠨ ᠶᠠᠷᠢᠯᠴᠠᠵᠤ᠂ ᠬᠠᠷᠢᠯᠴᠠᠨ ᠰᠠᠶᠢᠨ ᠲᠠᠢ ᠲᠠᠯ᠎ᠠ ᠶᠢ ᠨᠢ ᠠᠪᠴᠤ ᠰᠠᠭᠠᠷᠠᠤ ᠲᠠᠯ᠎ᠠ ᠪᠠᠨ ᠨᠥᠬᠦᠪᠥᠷᠢᠯᠡᠨ᠂ ᠯᠠᠪᠯᠠᠯᠲᠠ ᠪᠣᠯᠭᠠᠨ ᠰᠤᠷᠤᠯᠴᠠᠪᠠ᠃
   ᠸᠧᠢ ᠾᠦᠩ ᠵᠢᠶᠦ᠋ᠨ ᠢᠯᠡᠷᠬᠡᠶᠢᠯᠡᠬᠦ ᠳᠡᠭᠡᠨ᠂ ᠨᠠᠢᠮᠠᠨ ᠬᠤᠰᠢᠭᠤ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠨᠡᠶᠢᠭᠡᠮ ᠤᠨ ᠶᠡᠷᠦᠩᠬᠡᠶᠢᠯᠡᠨ ᠵᠠᠰᠠᠬᠤ ᠶᠢ ᠴᠢᠩᠭᠠᠳᠬᠠᠬᠤ᠂ ᠵᠥᠷᠢᠴᠡᠯ ᠵᠢᠭᠤᠷᠠᠯᠳᠤᠭᠠᠨ ᠢ ᠤᠯᠠᠨ ᠲᠠᠯ᠎ᠠ ᠠᠴᠠ ᠰᠢᠢᠳᠪᠦᠷᠢᠯᠡᠬᠦ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠯᠠᠪᠳᠠᠭᠤᠨ ᠪᠠᠲᠤᠲᠠᠶ ᠨᠠᠷᠢᠯᠢᠭ ᠪᠥᠭᠡᠳ ᠦᠷ᠎ᠡ ᠪᠦᠲᠦᠮᠵᠢ ᠰᠠᠶᠢᠲᠠᠶ ᠠᠵᠢᠯ ᠬᠢᠵᠦ᠂ ᠮᠠᠰᠢ ᠣᠯᠠᠨ ᠠᠮᠵᠢᠯᠲᠠ ᠲᠠᠢ ᠲᠤᠷᠰᠢᠯᠭ᠎ᠠ ᠨᠢ ᠰᠤᠷᠤᠯᠴᠠᠨ ᠳᠤᠯᠢᠳᠠᠵᠤ ᠪᠣᠯᠤᠨ᠎ᠠ᠃    ᠵᠠᠩ ᠬᠤᠸᠠ᠂ ᠡᠨᠡ ᠤᠳᠠᠭᠠᠨ ᠤ ᠰᠢᠨᠵᠢᠯᠡᠨ ᠪᠠᠶᠢᠴᠠᠭᠠᠵᠤ ᠰᠣᠯᠢᠯᠴᠠᠬᠤ ᠠᠵᠢᠯᠯᠠᠭ᠎ᠠ ᠪᠠᠷ ᠳᠠᠮᠵᠢᠭᠤᠯᠤᠨ᠂ ᠬᠤᠶᠠᠷ ᠭᠠᠵᠠᠷ ᠤᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠬᠠᠮᠲᠤᠷᠠᠨ ᠠᠵᠢᠯᠯᠠᠵᠤ ᠬᠠᠮᠲᠤᠪᠠᠷ ᠠᠰᠢᠭ ᠬᠦᠷᠲᠡᠬᠦ ᠶᠢ ᠨᠡᠩ ᠰᠠᠶᠢᠲᠤᠷ ᠠᠬᠢᠭᠤᠯᠵᠤ᠂ ᠰᠢᠨ᠎ᠡ ᠬᠤᠲᠠ ᠲᠣᠭᠤᠷᠢᠭ ᠪᠣᠯᠤᠨ ᠨᠠᠢᠮᠠᠨ ᠬᠤᠰᠢᠭᠤ ᠡᠯ᠎ᠡ ᠬᠦᠷᠢᠶ᠎ᠡ ᠬᠡᠪᠴᠢᠶᠡᠨ ᠳᠤ ᠰᠥᠪᠡᠭᠴᠢᠯᠡᠯᠲᠡ ᠰᠣᠯᠢᠯᠴᠠᠭ᠎ᠠ ᠪᠣᠯᠤᠨ ᠤᠷᠲᠤ ᠬᠤᠭᠤᠴᠠᠭᠠᠨ ᠤ ᠬᠠᠮᠵᠢᠯᠴᠠᠭ᠎ᠠ ᠪᠠᠨ   ᠴᠢᠩᠭᠠᠳᠬᠠᠵᠤ᠂ ᠬᠤᠶᠠᠷ ᠭᠠᠵᠠᠷ ᠤᠨ ᠡᠯ᠎ᠡ ᠵᠦᠢᠯ ᠤᠨ ᠠᠵᠢᠯ ᠤᠨ ᠲᠦᠷᠭᠡᠨ ᠳᠠᠪᠰᠢᠯᠲᠠ ᠲᠠᠢ ᠪᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠷᠭᠡᠶᠢᠯᠡᠪᠡ᠃
 
ᠢᠷᠡᠯᠲᠡ᠄ ᠨᠠᠢᠮᠠᠨ ᠬᠤᠰᠢᠭᠤᠨ ᠤ ᠵᠠᠰᠠᠭ ᠤᠨ ᠶᠠᠪᠤᠳᠠᠯ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号