ᠢᠩᠲᠦ ᠲᠣᠰᠬᠤᠨ ᠣᠢ ᠵᠢᠮᠢᠰ ᠤᠨ ᠠᠵᠤ ᠤᠶᠢᠯᠡᠰ ᠢ ᠢᠳᠡᠪᠬᠢᠲᠡᠢ ᠬᠥᠭᠵᠢᠭᠦᠯᠵᠦ ᠪᠤᠢ
ᠨᠡᠶᠢᠲᠡᠯᠡᠭᠰᠡᠨ ᠴᠠᠭ᠄
2020-06-23
   ᠨᠢᠳᠤᠨᠤᠨ ᠵᠢᠯ ᠠᠴᠠ ᠨᠠᠰᠢ᠂ ᠨᠠᠢᠮᠠᠨ ᠬᠤᠰᠢᠭᠤᠨ ᠤ ᠳ᠋ᠦᠩᠮᠢᠩ ᠪᠠᠯᠭᠠᠰᠤᠨ ᠤ ᠢᠩᠲᠦ ᠲᠣᠰᠬᠤᠨ ︽ᠨᠢᠭᠡ ᠲᠣᠰᠬᠤᠨ ᠨᠢᠭᠡ ᠲᠥᠷᠥᠯ ᠲᠡᠮᠳᠡᠭ︾ ᠤᠨ ᠭᠤᠤᠯᠯᠠᠬᠴᠢ ᠠᠵᠤ ᠤᠶᠢᠯᠡᠰ ᠤᠨ ᠰᠡᠦᠨᠬᠢᠴᠡ ᠶᠢ ᠪᠠᠷᠢᠮᠲᠠᠯᠠᠵᠤ᠂ ᠪᠠᠶᠢᠳᠠᠯ ᠳᠠᠭᠠᠨ ᠵᠣᠬᠢᠴᠠᠭᠤᠯᠤᠨ ᠬᠠᠮᠳᠤᠷᠠᠨ ᠣᠶᠢᠵᠢᠭᠤᠯᠤᠯᠲᠠ ᠬᠢᠬᠦ ᠠᠷᠭ᠎ᠠ ᠠᠪᠴᠠᠯ ᠠᠪᠴᠠᠢ᠃ ᠲᠡᠭᠡᠭᠡᠳ ᠥᠪᠥᠷ ᠮᠤᠩᠭᠤᠯ ᠤᠨ ᠳ᠋ᠠ ᠷᠧᠨ ᠺᠠᠩ ᠡᠮ ᠤᠨ ᠮᠠᠲ᠋ᠧᠷᠢᠶᠠᠯ ᠲᠠᠷᠢᠵᠤ ᠤᠷᠭᠤᠭᠤᠯᠬᠤ ᠺᠣᠮᠫᠠᠨᠢ ᠲᠠᠢ ᠬᠠᠮᠳᠤᠷᠠᠨ᠂2400 ᠮᠦ ᠭᠦᠢᠯᠡᠰᠦᠨ ᠮᠣᠳᠣ ᠪᠠ ᠰᠢᠬᠢᠷ ᠡᠪᠡᠰᠦ ᠶᠢ ᠶᠡᠷᠦᠩᠬᠡᠶᠢᠯᠡᠨ ᠬᠥᠭᠵᠢᠭᠦᠯᠬᠦ ᠠᠵᠤ ᠠᠬᠤᠢ ᠶᠢᠨ ᠣᠢ ᠶᠢᠨ ᠠᠵᠤ ᠤᠶᠢᠯᠡᠰ ᠤᠨ ᠰᠠᠭᠤᠷᠢᠨ ᠭᠠᠵᠠᠷ ᠢ ᠪᠠᠶᠢᠭᠤᠯᠵᠠᠢ᠃    ᠺᠣᠮᠫᠠᠨᠢ ᠠᠴᠠ ᠮᠦ ᠪᠦᠷᠢ ᠶᠢᠨ ᠭᠠᠵᠠᠷ ᠢ200 ᠲᠥᠭᠦᠷᠢᠭ ᠢᠶᠠᠷ ᠲᠦᠷᠢᠶᠡᠰᠦᠯᠡᠨ ᠠᠪᠴᠤ᠂ ᠬᠠᠪᠲᠠᠭᠠᠢ ᠭᠦᠢᠯᠡᠰᠦ ᠪᠣᠯᠣᠨ ᠲᠣᠰᠣᠨ ᠬᠠᠷᠭᠠᠨ᠎ᠠ ᠶᠢ13.2 ᠲᠦᠮᠡᠨ ᠰᠠᠭᠤᠷᠢ ᠰᠠᠭᠤᠯᠭᠠᠵᠤ᠂ ᠭᠠᠵᠠᠷ ᠰᠢᠷᠣᠢ ᠶᠢ ᠨᠢᠭᠡᠳᠦᠯᠲᠡᠢ ᠰᠢᠯᠵᠢᠭᠦᠯᠦᠨ ᠠᠰᠢᠬᠯᠠᠵᠤ᠂ ᠨᠢᠭᠡᠳᠦᠯᠲᠡᠢ ᠣᠶᠢᠵᠢᠭᠤᠯᠵᠤ ᠨᠢᠭᠡᠳᠦᠯᠲᠡᠢ ᠬᠠᠮᠢᠶᠠᠷᠤᠯᠲᠠ ᠬᠢᠵᠦ᠂ ᠰᠢᠯᠵᠢᠭᠦᠯᠦᠨ ᠠᠰᠢᠬᠯᠠᠬᠰᠠᠨ ᠴᠠᠭ ᠬᠤᠭᠤᠴᠠᠭ᠎ᠠ ᠨᠢ ᠳᠠᠭᠤᠰᠪᠠᠯ ᠭᠠᠵᠠᠷ ᠰᠢᠷᠣᠢ ᠶᠢ ᠲᠣᠰᠬᠤᠨ ᠤ ᠠᠷᠠᠳ ᠲᠤ ᠡᠭᠡᠭᠦᠯᠦᠨ ᠥᠭᠬᠦ ᠪᠣᠯᠤᠨ᠎ᠠ᠃    ᠲᠣᠰ ᠺᠣᠮᠫᠠᠨᠢ ᠨᠢ ᠠᠵᠤ ᠠᠬᠤᠢ ᠶᠢᠨ ᠣᠢ ᠪᠣᠯᠣᠨ ᠣᠯᠠᠨ ᠨᠠᠰᠤᠳᠤ ᠤᠷᠭᠤᠮᠠᠯ ᠢ ᠤᠶᠠᠯᠳᠤᠭᠤᠯᠤᠬᠰᠠᠨ ᠠᠮᠢ ᠠᠬᠤᠢ ᠶᠢᠨ ᠬᠥᠭᠵᠢᠯᠲᠡ ᠶᠢᠨ ᠵᠠᠮ ᠢ ᠰᠦᠪᠡᠭᠴᠢᠯᠡᠨ᠂ ᠬᠠᠶᠢᠯᠠᠷ ᠨᠠᠷᠠᠰᠤ ᠶᠢ7400 ᠰᠠᠭᠤᠷᠢ ᠵᠠᠶᠢᠯᠠᠵᠤ᠂ ᠣᠢ ᠶᠢᠨ ᠳᠣᠮᠳᠠ2000 ᠮᠦ ᠰᠢᠬᠢᠷ ᠡᠪᠡᠰᠦ ᠲᠠᠷᠢᠬᠰᠠᠨ ᠠᠴᠠ ᠠᠵᠤ ᠠᠬᠤᠢ ᠶᠢᠨ ᠣᠷᠤᠯᠭ᠎ᠠ ᠨᠡᠮᠡᠭᠳᠡᠭᠰᠡᠨ ᠢᠶᠠᠷ ᠪᠠᠷᠠᠬᠤ ᠦᠭᠡᠢ᠂ ᠠᠮᠢ ᠠᠬᠤᠢ ᠶᠢᠨ ᠦᠷ᠎ᠡ ᠠᠰᠢᠭ ᠢ ᠴᠤ ᠳᠡᠭᠡᠭᠰᠢᠯᠡᠭᠦᠯᠵᠡᠢ᠃ ᠲᠡᠷᠡ ᠮᠦᠷᠲᠡᠭᠡᠨ ᠠᠵᠤ ᠤᠶᠢᠯᠡᠰ ᠤᠨ ᠰᠠᠭᠤᠷᠢᠨ ᠭᠠᠵᠠᠷ ᠲᠤ ᠰᠢᠨ᠎ᠡ ᠪᠠᠷ50 ᠬᠦᠮᠦᠨ ᠳᠤ ᠠᠵᠢᠯ ᠣᠯᠭᠤᠵᠤ᠂ ᠬᠦᠮᠦᠨ ᠳᠣᠮᠳᠠᠴᠢ ᠶᠢᠨ ᠣᠷᠤᠯᠭ᠎ᠠ ᠶᠢ3000 ᠳᠥᠭᠦᠷᠢᠭ ᠨᠡᠮᠡᠭᠳᠡᠭᠦᠯᠵᠡᠢ᠃    ᠢᠩᠲᠦ ᠲᠣᠰᠬᠤᠨ ᠪᠠᠰᠠ ᠵᠢᠮᠢᠰ ᠤᠨ ᠮᠣᠳᠣᠨ ᠤ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠦᠭᠵᠢᠭᠦᠯᠵᠦ᠂ ᠪᠦᠬᠦ ᠲᠣᠰᠬᠤᠨ ᠤ295 ᠡᠷᠦᠬᠡ ᠶᠢᠨ ᠵᠠᠭᠤᠨ ᠤ ᠨᠠᠶᠠ ᠠᠴᠠ ᠳᠡᠭᠡᠭᠰᠢ ᠡᠷᠦᠬᠡ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠵᠦ᠂ ᠬᠦᠷᠢᠶ᠎ᠡ ᠬᠠᠰᠢᠶᠠᠨ ᠤ ᠵᠢᠮᠢᠰ ᠤᠨ ᠮᠣᠳᠣ ᠶᠢᠨ ᠲᠠᠯᠠᠪᠠᠢ ᠨᠢ180 ᠮᠦ ᠳᠤ ᠬᠦᠷᠴᠦ᠂ ᠮᠦ ᠪᠦᠷᠢ ᠶᠢᠨ ᠣᠷᠣᠯᠭ᠎ᠠ ᠨᠢ2000 ᠳᠥᠭᠦᠷᠢᠭ ᠲᠤ ᠬᠦᠷᠴᠦ ᠪᠤᠢ᠃           ︵ᠯᠢ ᠪᠤᠶᠠᠨᠴᠤᠬᠯᠠ︶
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号