ᠨᠠᠢᠮᠠᠨ ᠬᠤᠰᠢᠭᠤᠨ ᠤ ᠪᠠᠶᠢᠰᠢᠩᠲᠤ ᠪᠠᠯᠭᠠᠰᠤ ᠶᠢᠨ ᠤᠯᠠᠭᠠᠨ ᠵᠠᠩᠭᠤᠤ ᠲᠣᠰᠬᠤᠨ ᠠᠵᠤ ᠤᠶᠢᠯᠡᠰ ᠤᠨ | ᠪᠦᠳᠦᠴᠡ ᠳᠡᠭᠡᠨ ᠲᠣᠬᠢᠷᠠᠭᠤᠯᠤᠯᠲᠠ ᠬᠢᠬᠦ ᠪᠠᠷ ᠭᠠᠷᠳᠠᠴᠠ ᠪᠣᠯᠭᠠᠵᠤ᠂2018 ᠣᠨ ᠠᠴᠠ ︽ᠳᠤᠳᠣᠷᠭᠠ+ | ᠨᠠᠢᠮᠠᠯᠵᠢ︾ ᠶᠢᠨ ᠵᠠᠬᠪᠤᠷ ᠢ ᠶᠡᠭᠡ ᠪᠠᠷ ᠭᠥᠭᠵᠢᠭᠦᠯᠵᠦ᠂ ᠳᠣᠳᠤᠷᠭ᠎ᠠ ᠶᠢᠨ ᠲᠠᠷᠢᠶᠠᠨ ᠳᠤ ᠪᠠᠨ ᠨᠠᠢᠮᠠᠯᠵᠢ ᠲᠡᠵᠢᠭᠡᠨ᠂ | ᠪᠣᠰᠤᠭ᠎ᠠ ᠬᠡᠯᠪᠡᠷᠢ ᠶᠢᠨ ᠲᠠᠷᠢᠶᠠᠯᠠᠩ ᠤᠨ ᠬᠦᠭᠵᠢᠯᠲᠡ ᠶᠢᠨ ᠪᠦᠳᠦᠴᠡ ᠶᠢ ᠡᠭᠦᠦᠨᠴᠦ᠂ ᠲᠠᠷᠢᠶᠠᠴᠢᠳ ᠤᠨ | ᠣᠷᠤᠯᠭ᠎ᠠ ᠶᠢᠨ ᠳᠣᠬᠲᠠᠭᠤᠨ ᠨᠡᠮᠡᠭᠳᠡᠯ ᠢ ᠠᠬᠢᠭᠤᠯᠵᠤ ᠪᠤᠢ᠃ | ᠳᠤᠲᠤᠷᠭ᠎ᠠ ᠶᠢᠨ ᠲᠠᠷᠢᠶᠠᠨ ᠳᠤ ᠨᠠᠢᠮᠠᠯᠵᠢ ᠲᠡᠵᠢᠭᠡᠬᠦ ᠪᠣᠯ ᠨᠢᠭᠡ ᠵᠦᠢᠯ ᠤᠨ ᠣᠳᠣᠬᠢᠴᠢᠯᠠᠬᠰᠠᠨ ᠠᠮᠢ ᠠᠬᠤᠢ ᠶᠢᠨ | ᠪᠣᠰᠤᠭ᠎ᠠ ᠪᠡᠶᠡᠳᠦ ᠲᠠᠷᠢᠵᠤ ᠲᠡᠵᠢᠭᠡᠬᠦ ᠵᠠᠬᠪᠤᠷ ᠪᠠᠶᠢᠵᠤ᠂ ᠤᠰᠤᠨ ᠳᠤᠲᠤᠷᠭ᠎ᠠ ᠶᠢᠨ ᠲᠠᠷᠢᠶᠠᠨ ᠳᠤ ᠪᠣᠷᠳᠤᠭᠤᠷ | ᠣᠷᠤᠭᠤᠯᠬᠤ ᠦᠭᠡᠢ ᠲᠠᠷᠢᠶᠠᠨ ᠡᠮ ᠵᠠᠷᠤᠬᠤ ᠦᠭᠡᠢ᠂ ᠨᠠᠢᠮᠠᠯᠵᠢ ᠶᠢᠨ ᠥᠰᠦᠨ ᠪᠣᠶᠢᠵᠢᠬᠤ ᠳᠤ ᠰᠠᠶᠢᠨ ᠰᠠᠶᠢᠬᠠᠨ | ᠣᠷᠴᠢᠨ ᠲᠣᠭᠤᠷᠢᠨ ᠢ ᠬᠠᠩᠭᠠᠳᠠᠭ᠃ ᠨᠠᠢᠮᠠᠯᠵᠢ ᠶᠢᠨ ᠵᠤᠯᠵᠠᠭ᠎ᠠ ᠶᠢ ᠲᠠᠯᠪᠢᠬᠰᠠᠨ ᠤ ᠳᠠᠷᠠᠭ᠎ᠠ᠂ ᠳᠤᠲᠤᠷᠭᠠᠨ | ᠲᠠᠷᠢᠶᠠᠨ ᠤ ᠨᠢᠯᠬ᠎ᠠ ᠡᠪᠡᠰᠦ᠂ ᠰᠢᠪᠡᠵᠢ ᠬᠤᠷᠤᠬᠠᠢ ᠵᠡᠷᠭᠡ ᠶᠢ ᠢᠳᠡᠵᠦ᠂ ᠰᠢᠩᠭᠡᠭᠡᠵᠦ ᠭᠠᠷᠭᠠᠬᠰᠠᠨ ᠪᠤᠳᠠᠰ ᠨᠢ | ᠪᠠᠶᠢᠭᠠᠯᠢᠯᠢᠭ ᠪᠣᠷᠳᠤᠭᠤᠷ ᠪᠣᠯᠵᠤ᠂ ᠤᠰᠤᠨ ᠳᠤᠲᠤᠷᠭ᠎ᠠ ᠶᠢᠨ ᠥᠰᠦᠯᠲᠡ ᠳᠤ ᠰᠢᠮ᠎ᠡ ᠲᠡᠵᠢᠭᠡᠯ ᠬᠠᠩᠭᠠᠳᠠᠭ᠃ ᠡᠨᠡ | ᠮᠡᠳᠥ ᠶᠢᠨ ︽ᠳᠤᠲᠤᠷᠭ᠎ᠠ+ ᠨᠠᠢᠮᠠᠯᠵᠢ︾ ᠶᠢᠨ ᠪᠣᠬᠢᠷᠳᠤᠯ ᠦᠭᠡᠢ ᠡᠷᠭᠢᠯᠳᠡᠳᠦ ᠲᠠᠷᠢᠵᠤ ᠲᠡᠵᠢᠭᠡᠬᠦ ᠵᠠᠬᠪᠤᠷ ᠨᠢ ᠡᠬᠢ | ᠪᠠᠶᠠᠯᠢᠭ ᠢ ᠠᠷᠪᠢᠯᠠᠨ ᠠᠰᠢᠭ ᠣᠷᠤᠯᠭ᠎ᠠ ᠶᠢ ᠨᠡᠮᠡᠭᠳᠡᠭᠦᠯᠵᠡᠢ᠃ | ᠤᠯᠠᠭᠠᠨ ᠵᠠᠩᠭᠤᠤ ᠲᠣᠰᠬᠤᠨ ᠨᠢ ᠮᠧᠩ ᠵᠢᠶᠡ ᠳ᠋ᠤᠸᠠᠨ ᠤᠰᠤᠨ ᠴᠥᠭᠦᠷᠦᠮ ᠤᠨ ᠳᠣᠤᠷ᠎ᠠ ᠲᠠᠯ᠎ᠠ ᠶᠢᠨ | ᠤᠰᠤᠯᠠᠯᠲᠠ ᠶᠢᠨ ᠣᠷᠣᠨ ᠳᠤ ᠪᠠᠶᠢᠵᠤ᠂ ᠪᠦᠬᠦ ᠲᠣᠰᠬᠤᠨ ᠤ ᠤᠰᠤᠨ ᠳᠤᠲᠤᠷᠭ᠎ᠠ ᠶᠢᠨ ᠲᠠᠯᠠᠪᠠᠢ14000 ᠮᠦ ᠳᠤ | ᠬᠦᠷᠴᠦ ᠪᠤᠢ᠃2018 ᠣᠨ ᠳᠤ ᠳᠤᠲᠤᠷᠭᠠᠨ ᠲᠠᠷᠢᠶᠠᠨ ᠳᠤ ᠨᠠᠢᠮᠠᠯᠵᠢ ᠲᠡᠵᠢᠭᠡᠬᠦ ᠲᠤᠰᠬᠠᠢ ᠬᠤᠷᠰᠢᠶᠠᠵᠢᠯ | ᠪᠠᠶᠢᠭᠤᠯᠵᠤ᠂300 ᠮᠦ ᠲᠤᠳᠤᠷᠭ᠎ᠠ ᠶᠢᠨ ᠲᠠᠷᠢᠶᠠᠨ ᠳᠤ ᠲᠣᠷᠰᠢᠯᠲᠠ ᠬᠢᠵᠦ᠂ ᠵᠣᠬᠢᠬᠤ ᠠᠮᠵᠢᠯᠲᠠ ᠣᠯᠵᠤ᠂ | 2019 ᠣᠨ ᠳᠤ ᠳᠣᠲᠤᠷᠭ᠎ᠠ ᠶᠢᠨ ᠲᠠᠷᠢᠶᠠᠨ ᠳᠠᠭᠠᠨ ᠨᠠᠢᠮᠠᠯᠵᠢ ᠲᠡᠵᠢᠭᠡᠬᠦ ᠲᠠᠯᠠᠪᠠᠢ ᠪᠠᠨ ᠥᠷᠭᠡᠦᠨᠬᠡᠨ᠂ ᠠᠮᠢ | ᠠᠬᠤᠢ ᠶᠢᠨ ᠳᠤᠲᠤᠷᠭᠠᠨ ᠴᠠᠭᠠᠨ᠂ ᠰᠢᠯᠢᠳᠡᠭ ᠴᠢᠨᠠᠷᠳᠤ ᠨᠠᠢᠮᠠᠯᠵᠢ ᠵᠠᠬ᠎ᠠ ᠳᠡᠯᠭᠡᠭᠦᠷ ᠲᠤ ᠭᠠᠷᠤᠬᠰᠠᠨ ᠤ ᠳᠠᠷᠠᠭ᠎ᠠ | ᠬᠡᠷᠡᠭᠯᠡᠭᠰᠡᠦᠨ ᠤᠨ ᠤᠬᠳᠤᠯ ᠢ ᠣᠯᠵᠤ᠂ ᠶᠠᠳᠠᠭᠤ ᠡᠷᠦᠬᠡ ᠶᠢᠨ ᠶᠠᠳᠠᠭᠤ ᠠᠴᠠ ᠠᠩᠭᠢᠵᠢᠷᠠᠬᠤ ᠶᠢ ᠳᠠᠶᠢᠴᠢᠯᠠᠵᠤ᠂ | ᠲᠣᠰᠬᠤᠨ ᠤ ᠠᠷᠠᠳ ᠤᠨ ᠣᠷᠤᠯᠭ᠎ᠠ ᠨᠡᠮᠡᠭᠳᠡᠵᠡᠢ᠃ | ᠪᠣᠰᠤᠭ᠎ᠠ ᠪᠡᠶᠡᠳᠦ ᠲᠠᠷᠢᠵᠤ ᠲᠡᠵᠢᠭᠡᠬᠦ ᠵᠠᠬᠪᠤᠷ ᠨᠢ ᠤᠯᠠᠭᠠᠨ ᠵᠠᠩᠭᠤᠤ ᠲᠣᠰᠬᠤᠨ ᠤ ᠬᠥᠭᠵᠢᠯᠲᠡ ᠶᠢ ᠪᠣᠳᠠᠲᠠᠢ | ᠠᠬᠢᠭᠤᠯᠬᠤ ᠨᠢ ᠯᠠᠪᠲᠠᠢ ᠭᠡᠵᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠦᠵᠡᠵᠦ ᠪᠤᠢ᠃ ︵ᠯᠢ | ᠪᠤᠶᠠᠨᠴᠤᠬᠯᠠ︶ | |