ᠨᠠᠢᠮᠠᠨ ᠬᠤᠰᠢᠭᠤᠨ ᠤ 1 — 5 ᠳ᠋ᠤᠭᠠᠷ ᠰᠠᠷ᠎ᠠ ᠳᠤ ᠠᠷᠠᠳ ᠲᠤ ᠠᠰᠢᠭ ᠬᠦᠷᠲᠡᠭᠡᠬᠦ ᠨᠥᠬᠦᠪᠥᠷᠢ ᠮᠥᠩᠭᠦ | 14409.02 ᠲᠦᠮᠡᠨ ᠲᠥᠭᠦᠷᠢᠭ ᠲᠠᠷᠬᠠᠭᠠᠪᠠ᠃ ᠨᠠᠢᠮᠠᠨ ᠬᠤᠰᠢᠭᠤ ᠡᠳ᠋ ᠤᠨ ᠵᠠᠰᠠᠭ ᠤᠨ ᠠᠷᠠᠳ ᠲᠤ ᠠᠰᠢᠭ | ᠬᠦᠷᠲᠡᠭᠡᠬᠦ ᠨᠥᠬᠦᠪᠥᠷᠢ ᠶᠢᠨ ︽ᠪᠦᠬᠦᠨ ᠳᠤ ᠲᠣᠬᠢᠷᠠᠬᠤ ᠺᠠᠷᠲ︾ ᠢᠶᠠᠷ ᠳᠠᠮᠵᠢᠭᠤᠯᠤᠨ ᠠᠷᠠᠳ ᠲᠤ ᠠᠰᠢᠭ | ᠬᠦᠷᠲᠡᠭᠡᠬᠦ ᠨᠥᠬᠦᠪᠥᠷᠢ ᠶᠢᠨ ᠪᠡᠯᠡ ᠮᠥᠩᠭᠦ ᠲᠠᠷᠬᠠᠭᠠᠵᠤ᠂ 2020 ᠣᠨ ᠤ 5 ᠰᠠᠷ᠎ᠠ ᠶᠢᠨ ᠰᠡᠭᠦᠯᠴᠢ ᠪᠣᠯᠲᠠᠯ᠎ᠠ ︽ | ᠡᠳ᠋ ᠤᠨ ᠵᠠᠰᠠᠭ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ︾ ︵ᠪᠦᠬᠦᠨ ᠳᠤ | ᠲᠣᠬᠢᠷᠠᠬᠤ ᠺᠠᠷᠲ ︶ ᠢᠶᠠᠷ ᠳᠠᠮᠵᠢᠨ ᠮᠠᠯᠴᠢᠨ ᠲᠠᠷᠢᠶᠠᠴᠢᠨ ᠳᠤ ᠨᠥᠬᠦᠪᠥᠷᠢ ᠥᠭᠬᠦ ᠪᠡᠯᠡ ᠮᠥᠩᠭᠦ ᠪᠠ ᠬᠤᠲᠠ | ᠪᠠᠯᠭᠠᠰᠤᠨ ᠤ ᠰᠠᠭᠤᠭᠠᠯᠢ ᠠᠷᠠᠳ ᠤᠨ ᠪᠡᠯᠡ ᠮᠥᠩᠭᠦ ᠶᠢ 14409.02 ᠲᠦᠮᠡᠨ ᠲᠥᠭᠦᠷᠢᠭ ᠲᠠᠷᠬᠠᠭᠠᠪᠠ᠃ 8 | ᠬᠦᠷᠢᠶ᠎ᠡ ᠴᠠᠷᠠᠭ᠎ᠠ ᠶᠢᠨ 32 ᠲᠥᠷᠥᠯ ᠤᠨ 371 ᠵᠤᠶᠢᠯ᠂ ᠨᠡᠶᠢᠲᠡ 327 839 ᠬᠥᠮᠦᠨ ᠳᠤ ᠠᠰᠢᠭ | ᠬᠦᠷᠲᠡᠵᠦ᠂ ᠡᠭᠦᠨ ᠤ ᠳᠤ ᠳᠣᠲᠣᠷ᠎ᠠ᠄ ᠲᠠᠷᠢᠶᠠᠯᠠᠩ ᠤᠨ ᠲᠥᠷᠥᠯ ᠤᠨ ᠨᠥᠬᠦᠪᠥᠷᠢ 1545.31 ᠲᠦᠮᠡᠨ | ᠲᠥᠭᠦᠷᠢᠭ᠂ ᠮᠠᠯ ᠠᠵᠤ ᠠᠬᠤᠢ ᠶᠢᠨ ᠲᠥᠷᠥᠯ ᠤᠨ ᠨᠥᠬᠦᠪᠥᠷᠢ 116.06 ᠲᠦᠮᠡᠨ ᠲᠥᠭᠦᠷᠢᠭ᠂ ᠣᠢ | ᠰᠢᠭᠤᠢ ᠶᠢᠨ ᠲᠥᠷᠥᠯ ᠤᠨ ᠨᠥᠬᠦᠪᠥᠷᠢ 592.20 ᠲᠦᠮᠡᠨ ᠲᠥᠭᠦᠷᠢᠭ᠂ ᠰᠤᠷᠭᠠᠨ ᠬᠥᠮᠦᠵᠢᠯ ᠤᠨ | ᠲᠥᠷᠥᠯ ᠤᠨᠨᠥ᠋ᠬᠦᠪᠤᠷᠢ 10.07 ᠲᠦᠮᠡᠨ ᠲᠥᠭᠦᠷᠢᠭ᠂ ᠡᠷᠡᠭᠦᠯ ᠬᠠᠮᠠᠭᠠᠯᠠᠯ ᠤᠨ ᠲᠥᠷᠥᠯ ᠤᠨ ᠨᠥᠬᠦᠪᠥᠷᠢ 416. | 99 ᠲᠦᠮᠡᠨ ᠲᠥᠭᠦᠷᠢᠭ᠂ ᠪᠦᠲᠦᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠥᠷᠢ 130.15 ᠲᠦᠮᠡᠨ | ᠲᠥᠭᠦᠷᠢᠭ᠂ ᠨᠡᠶᠢᠭᠡᠮ ᠤᠨ ᠪᠠᠲᠤᠯᠠᠭ᠎ᠠ ᠶᠢᠨ ᠲᠥᠷᠥᠯ 10591.26 ᠲᠦᠮᠡᠨ ᠲᠥᠭᠦᠷᠢᠭ᠂ ᠴᠠᠯᠢᠩ ᠤᠨ | ᠨᠥᠬᠦᠪᠥᠷᠢ ᠶᠢᠨ ᠲᠥᠷᠦᠯ 1007.00 ᠲᠦᠮᠡᠨ ᠲᠥᠭᠦᠷᠢᠭ᠃ |