4 ᠰᠠᠷ᠎ᠠ ᠶᠢᠨ 19 ᠤ ᠡᠳᠦᠷ᠂ ᠨᠠᠢᠮᠠᠨ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ︽ | ᠰᠦᠯᠵᠢᠶᠡᠨ ᠳᠡᠭᠡᠷᠡᠬᠢ ᠨᠠᠮ ᠤᠨ ᠰᠤᠷᠭᠠᠭᠤᠯᠢ︾ ᠬᠡᠮᠡᠬᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ | ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠵᠦ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠭ᠎ᠠ | ᠨᠢᠭᠡᠴᠢ ᠶᠢᠨ ᠨᠠᠮ ᠤᠨ ᠭᠡᠰᠢᠭᠦᠨ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠵᠣᠬᠢᠶᠠᠨ ᠪᠠᠶᠢᠭᠤᠯᠤᠯᠲᠠ | ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠭᠡᠰᠢᠭᠦᠨ᠂ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ | ᠨᠡᠶᠢᠲᠡ 350 ᠬᠥᠮᠦᠨ ᠪᠣᠯᠪᠠᠰᠤᠷᠠᠯ ᠳᠤ ᠣᠷᠣᠯᠴᠠᠪᠠ᠃ | ᠲᠣᠰ ᠤᠳᠠᠭᠠᠨ ᠤ ᠪᠣᠯᠪᠠᠰᠤᠷᠠᠭᠤᠯᠤᠯ ᠪᠣᠯ ᠲᠥᠪ ᠤᠨ ᠨᠠᠮ ᠤᠨ ᠰᠤᠷᠭᠠᠭᠤᠯᠢ ᠶᠢᠨ ︽ᠰᠦᠯᠵᠢᠶᠡᠨ ᠳᠡᠭᠡᠷᠡᠬᠢ | ᠨᠠᠮ ᠤᠨ ᠰᠤᠷᠭᠠᠭᠤᠯᠢ︾ ᠳᠤ ᠲᠦᠰᠢᠭᠯᠡᠨ ᠨᠡᠭᠡᠭᠡᠭᠰᠡᠨ 5 ᠡᠳᠦᠷ ᠤᠨ ᠬᠤᠭᠤᠴᠠᠭ᠎ᠠ ᠲᠠᠢ ᠰᠦᠯᠵᠢᠶᠡᠨ ᠤ ᠰᠢᠭᠤᠳ | ᠨᠡᠪᠲᠡᠷᠡᠭᠦᠯᠭᠡ ᠶᠢᠨ ᠬᠢᠴᠢᠶᠡᠯ ᠪᠣᠯᠤᠨ᠎ᠠ᠂ ᠲᠥᠪ ᠤᠨ ᠨᠠᠮ ᠤᠨ ᠰᠤᠷᠭᠠᠭᠤᠯᠢ ᠶᠢᠨ ᠫᠷᠤᠹᠧᠰᠰᠤᠷ ᠠᠴᠠ ᠶᠡᠷᠦᠩᠬᠡᠢ | ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠶᠢᠴᠢᠯᠠᠯᠳᠠ ᠶᠢᠨ ᠶᠡᠭᠡ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠲᠠ ᠤᠶᠠᠯᠳᠤᠭᠤᠯᠤᠨ᠂ ︽ᠰᠢ ᠶᠢᠨ ᠫᠢᠩ ᠤᠨ ᠨᠠᠮ ᠤᠨ | ᠲᠡᠦᠬᠡ ᠶᠢᠨ ᠲᠤᠬᠠᠶ ᠴᠢᠬᠤᠯᠠ ᠥᠭᠦᠯᠡᠯᠲᠡ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨ᠎ᠡ | ᠠᠷᠠᠳᠴᠢᠯᠠᠭᠰᠠᠨ ᠬᠤᠪᠢᠰᠬᠠᠯ ᠤᠨ ᠦᠶ᠎ᠡ ᠳᠠᠬᠢ ᠲᠡᠮᠡᠴᠡᠯ ᠤᠨ ᠥᠩᠭᠡᠷᠡᠯᠲᠡ ᠵᠢᠴᠢ ᠰᠡᠩᠬᠡᠷᠡᠭᠦᠯᠦᠯ︾᠂ ︽ᠨᠡᠶᠢᠭᠡᠮ | ᠵᠢᠷᠤᠮᠲᠤ ᠬᠤᠪᠢᠰᠬᠠᠯ ᠪᠠ ᠪᠦᠲᠦᠭᠡᠨ ᠪᠠᠶᠢᠭᠤᠯᠤᠯᠲᠠ ᠶᠢᠨ ᠴᠠᠭ ᠦᠶ᠎ᠡ ᠳᠠᠬᠢ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠡᠮᠡᠴᠡᠯ ᠤᠨ ᠥᠩᠭᠡᠷᠡᠯᠲᠡ ᠵᠢᠴᠢ ᠰᠡᠩᠬᠡᠷᠡᠭᠦᠯᠦᠯ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠰᠢᠨ᠎ᠡ ᠴᠠᠭ | ᠦᠶ᠎ᠡ ᠳᠠᠬᠢ ᠲᠡᠮᠡᠴᠡᠯ ᠤᠨ ᠥᠩᠭᠡᠷᠡᠯᠲᠡ ᠵᠢᠴᠢ ᠰᠡᠩᠬᠡᠷᠡᠭᠦᠯᠦᠯ︾᠂ ︽ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠰᠢᠬᠢ ᠲᠡᠦᠬᠡᠲᠦ ᠴᠢᠨᠠᠷᠲᠠᠶ ᠠᠮᠵᠢᠯᠲᠠ ᠪᠠ ᠲᠡᠦᠬᠡᠲᠦ ᠴᠢᠨᠠᠷᠲᠠᠶ ᠬᠤᠪᠢᠰᠤᠯᠲᠠ︾ ᠭᠡᠬᠦ ᠰᠡᠳᠦᠪ ᠢᠶᠠᠷ | ᠬᠢᠴᠢᠶᠡᠯᠯᠡᠨ᠂ ᠣᠯᠠᠨ ᠢ ᠬᠠᠪᠰᠤᠷᠴᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢ ᠰᠢᠰᠲ᠋ᠧᠮ ᠲᠠᠢ | ᠣᠶᠢᠯᠠᠭᠠᠭᠤᠯᠪᠠ᠃ | ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ᠂ ᠪᠣᠯᠪᠠᠰᠤᠷᠠᠯ ᠢᠶᠠᠷ ᠲᠠᠮᠵᠢᠨ ᠨᠠᠮ ᠤᠨ ᠭᠡᠰᠢᠭᠦᠨ ᠺᠠᠳ᠋ᠷ ᠤᠨ | ᠬᠦᠰᠡᠯᠡᠩ ᠢᠲᠡᠭᠡᠯ ᠪᠢᠰᠢᠷᠡᠯ ᠢ ᠴᠢᠨᠠᠭᠰᠢᠳᠠ ᠪᠠᠲᠤᠳᠬᠠᠵᠤ᠂ ᠨᠠᠮᠴᠢ ᠴᠢᠨᠠᠷ ᠤᠨ ᠪᠣᠯᠪᠠᠰᠤᠷᠠᠯ ᠢ ᠳᠠᠪᠲᠠᠨ | ᠪᠣᠯᠪᠠᠰᠤᠷᠠᠭᠤᠯᠵᠤ᠂ ᠰᠢᠨ᠎ᠡ ᠱᠠᠳᠤ ᠦᠶ᠎ᠡ ᠰᠢᠨ᠎ᠡ ᠠᠶᠠᠨ ᠳᠠᠭᠠᠨ ᠰᠢᠨ᠎ᠡ ᠡᠭᠦᠷᠭᠡᠯᠡᠯ ᠰᠢᠨ᠎ᠡ ᠵᠢᠳᠬᠦᠯ | ᠴᠢᠷᠮᠠᠶᠢᠯᠭ᠎ᠠ ᠶᠢ ᠢᠯᠡᠷᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠵᠠᠭᠤᠨ ᠵᠢᠯ ᠤᠨ ᠤᠢ ᠶᠢ ᠪᠡᠯᠭᠡᠯᠡᠨ᠎ᠡ | ᠭᠡᠵᠦ ᠢᠯᠡᠳᠬᠡᠵᠡᠭᠡᠪᠡ᠃ | | |