●ᠬᠤᠰᠢᠭᠤᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠤᠯᠠᠮ ᠨᠢᠭᠡ | ᠠᠯᠬᠤᠮ ᠠᠬᠢᠭᠤᠯᠵᠤ᠂ ᠪᠥᠬᠦ ᠨᠠᠮ ᠤᠨ ᠭᠡᠰᠢᠭᠦᠨ ᠺᠠᠳ᠋ᠷ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ | ᠱᠠᠲᠤ ᠦᠶᠡᠴᠢ ᠴᠢᠨᠠᠷᠲᠠᠶ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠰᠢᠯᠭᠠᠨ ᠪᠠᠶᠢᠴᠠᠭᠠᠬᠤ ᠶᠢᠨ ᠲᠥᠯᠥᠭᠡ᠂ | ᠣᠶᠢᠷ᠎ᠠ ᠳᠤ᠂ ᠬᠤᠰᠢᠭᠤᠨ ᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ ᠠᠴᠠ ᠪᠥᠬᠦ ᠺᠠᠳ᠋ᠷ ᠢ ᠵᠣᠬᠢᠶᠠᠨ ᠪᠠᠶᠢᠭᠤᠯᠵᠤ ᠨᠠᠮ ᠤᠨ ᠲᠡᠦᠬᠡ ᠶᠢᠨ ᠮᠡᠳᠡᠯᠭᠡ ᠶᠢᠨ ᠰᠢᠯᠭᠠᠯᠲᠠ ᠶᠢᠨ | ᠠᠵᠢᠯᠯᠠᠭ᠎ᠠ ᠥᠷᠨᠢᠭᠦᠯᠵᠦ᠂ ᠰᠢᠯᠭᠠᠯᠲᠠ ᠨᠢ ᠬᠠᠭᠠᠮᠠᠯ ᠬᠡᠯᠪᠡᠷᠢ ᠶᠢ ᠠᠪᠴᠤ᠂ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ᠂ ᠪᠥᠬᠦ ᠨᠠᠮ ᠤᠨ ᠭᠡᠰᠢᠭᠦᠨ ᠺᠠᠳ᠋ᠷ ᠤᠨ ᠨᠠᠮ ᠤᠨ ᠲᠡᠦᠬᠡ ᠶᠢᠨ | ᠬᠤᠯᠪᠣᠭᠳᠠᠯ ᠪᠥᠬᠦᠶ ᠮᠡᠳᠡᠯᠭᠡ ᠶᠢᠨ ᠲᠤᠬᠠᠶ ᠣᠶᠢᠯᠠᠭᠠᠯᠲᠠ ᠪᠠ ᠡᠵᠡᠮᠰᠢᠭᠰᠡᠨ ᠪᠠᠶᠢᠳᠠᠯ ᠢ ᠰᠢᠯᠭᠠᠨ ᠪᠠᠶᠢᠴᠠᠭᠠᠪᠠ᠃ | ●ᠣᠶᠢᠷ᠎ᠠ ᠳᠤ᠂ ᠰᠢᠨ ᠵᠧᠨ ᠪᠠᠯᠭᠠᠰᠤᠨ ᠤ ᠡᠯ᠎ᠡ ᠭᠠᠴᠠᠭ᠎ᠠ ᠲᠣᠰᠬᠤᠨ ᠤ ᠨᠠᠮ ᠤᠨ ᠡᠭᠦᠷ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ ︽ᠱᠦᠵᠢ ᠶᠢᠨ ᠭᠠᠷᠠᠭ ᠤᠨ ᠡᠭᠡᠯᠵᠢᠲᠦ ᠬᠤᠷᠠᠯ︾ ᠢ | ᠥᠷᠨᠢᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠤᠨ ᠣᠷᠤᠢ ᠶᠢᠨ ᠴᠠᠭ ᠢ ᠠᠰᠢᠭᠯᠠᠨ ᠲᠣᠰᠬᠤᠨ ᠳᠤ | ᠰᠠᠭᠤᠭ᠎ᠠ ᠠᠵᠢᠯᠯᠠᠬᠤ ᠠᠩᠭᠢ᠂ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠵᠢᠴᠢ | ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠥᠪᠯᠡᠷᠡᠩᠭᠦᠶ | ᠰᠤᠷᠤᠯᠴᠠᠯᠭ᠎ᠠ ᠪᠠ ᠣᠨᠣᠯ ᠤᠨ ᠰᠢᠯᠭᠠᠯᠲᠠ ᠶᠢ ᠥᠷᠨᠢᠭᠦᠯᠵᠦ᠂ ᠨᠠᠮ ᠤᠨ ᠲᠡᠦᠬᠡ ᠶᠢᠨ ᠮᠡᠳᠡᠯᠭᠡ ᠶᠢᠨ ᠣᠶᠢᠯᠠᠭᠠᠯᠲᠠ | ᠡᠵᠡᠮᠰᠢᠯ ᠢ ᠭᠦᠨᠵᠡᠭᠡᠶᠢᠷᠡᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠤ ᠠᠵᠢᠯ ᠤᠨ ᠦᠢᠯᠡᠳᠦᠯᠭᠡ ᠳᠤᠮᠳᠠ ᠣᠨᠣᠯ | ᠰᠤᠷᠤᠯᠴᠠᠬᠤ ᠪᠠ ᠬᠡᠷᠡᠭᠯᠡᠬᠦ ᠤᠬᠠᠮᠰᠠᠷᠲᠤ ᠴᠢᠨᠠᠷ ᠢ ᠳᠡᠭᠡᠭᠰᠢᠯᠡᠭᠦᠯᠵᠦ᠂ ᠪᠥᠬᠦ ᠪᠠᠯᠭᠠᠰᠤᠨ ᠳᠤ ᠭᠦᠨ ᠵᠤᠵᠠᠭᠠᠨ | ᠰᠤᠷᠤᠯᠴᠠᠬᠤ ᠠᠭᠤᠷ ᠠᠮᠢᠰᠬᠤᠯ ᠢ ᠪᠣᠶ ᠪᠣᠯᠭᠠᠪᠠ᠃ | ●ᠥᠷᠭᠡᠨ ᠣᠯᠠᠨ ᠲᠦᠮᠡᠨ ᠢ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠪᠠᠨ ᠰᠡᠭᠡᠭᠡᠷᠡᠭᠦᠯᠬᠦ᠂ | ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠳᠤ ᠨᠠᠩ ᠰᠠᠶᠢᠨ ᠪᠣᠯᠭᠠᠪᠠ᠃ ᠨᠠᠢᠮᠠᠨ ᠬᠤᠰᠢᠭᠤᠨ ᠤ | ᠤᠯᠠᠭᠠᠨᠮᠥ᠋ᠴᠢᠷ ᠤᠨ ᠤᠳᠬ᠎ᠠ ᠤᠷᠠᠯᠢᠭ ᠤᠨ ᠪᠦᠯᠬᠦᠮ ᠳᠠᠴᠢᠨᠲᠠᠯ᠎ᠠ ᠪᠠᠯᠭᠠᠰᠤᠨ ᠤ ᠹᠦ᠋ ᠰᠢᠩ ᠳ᠋ᠢ᠂ ᠴᠢᠶᠣᠤ ᠳ᠋ᠦᠩ | ᠲᠣᠰᠬᠤᠨ ᠵᠡᠷᠭᠡ ᠭᠠᠵᠠᠷ ᠲᠤ ᠬᠦᠷᠴᠦ ᠲᠣᠭᠯᠠᠯᠲᠠ ᠭᠠᠷᠭᠠᠵᠤ᠂ ᠪᠥᠵᠢᠭ ᠪᠣᠯᠤᠨ ᠳᠠᠭᠤᠤ ᠪᠠᠷ ᠢᠶᠠᠨ ᠨᠠᠮ ᠤᠨ | ᠶᠠᠪᠤᠵᠤ ᠥᠩᠭᠡᠷᠡᠭᠰᠡᠨ ᠲᠡᠦᠬᠡ ᠶᠢ ᠮᠠᠭᠲᠠᠨ ᠰᠠᠶᠢᠰᠢᠶᠠᠵᠤ᠂ ᠨᠠᠮ ᠤᠨ ᠰᠠᠶᠢᠨ ᠲᠥᠷᠥ ᠶᠢᠨ ᠪᠣᠳᠣᠯᠭ᠎ᠠ ᠶᠢ | ᠤᠬᠠᠭᠤᠯᠵᠤ᠂ ᠨᠠᠮ ᠤᠨ ᠭᠤᠤᠯ ᠦᠵᠡᠯ ᠰᠠᠨᠠᠭ᠎ᠠ ᠶᠢ ᠤᠬᠠᠭᠤᠯᠵᠤ᠂ ᠣᠯᠠᠨ ᠲᠦᠮᠡᠨ ᠳᠤ ᠲᠡᠦᠬᠡ ᠶᠢ ᠪᠠᠲᠤ | ᠴᠡᠭᠡᠵᠢᠯᠡᠭᠦᠯᠵᠦ᠂ ᠨᠠᠮ ᠤᠨ ᠠᠪᠴᠢᠷᠠᠵᠤ ᠦᠭᠭᠦᠭᠰᠡᠨ ᠰᠠᠶᠢᠨ ᠰᠠᠶᠢᠬᠠᠨ ᠠᠮᠢᠳᠤᠷᠠᠯ ᠢ ᠮᠡᠳᠡᠷᠡᠭᠦᠯᠪᠡ᠃ | ●ᠣᠶᠢᠷ᠎ᠠ ᠳᠤ᠂ ᠬᠤᠩᠬᠤᠷᠲᠠᠯ᠎ᠠ ᠰᠣᠮᠤ ᠶᠢᠨ ᠡᠯ᠎ᠡ ᠭᠠᠴᠠᠭ᠎ᠠ ᠲᠣᠰᠬᠤᠨ ᠡᠯᠭᠦᠮᠡᠯ ᠪᠢᠴᠢᠭᠡᠰᠦ᠂ ᠡᠯᠧᠺᠲᠷᠣᠨ | ᠳᠡᠯᠭᠡᠴᠡ ᠡᠯᠭᠦᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ | ᠠᠵᠢᠯᠯᠠᠭ᠎ᠠ ᠶᠢᠨ ᠥᠷᠨᠢᠯᠲᠡ ᠶᠢ ᠠᠬᠢᠭᠤᠯᠵᠤ᠂ ᠨᠠᠮ ᠤᠨ ᠲᠡᠦᠬᠡ ᠶᠢᠨ ᠭᠤᠤᠯ ᠰᠡᠳᠦᠪᠲᠦ ᠬᠥᠮᠦᠵᠢᠯ ᠢ ᠪᠥᠬᠦ | ᠲᠠᠯ᠎ᠠ ᠪᠠᠷ ᠥᠷᠨᠢᠭᠦᠯᠬᠦ ᠳᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠨᠠᠮ ᠤᠨ ᠲᠡᠦᠬᠡ ᠶᠢᠨ | ᠰᠤᠷᠤᠯᠴᠠᠯᠭ᠎ᠠ ᠶᠢ ᠣᠯᠠᠨ ᠲᠦᠮᠡᠨ ᠤ ᠳᠤᠮᠳᠠ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠤᠷᠤᠯᠴᠠᠬᠤ | ᠢᠳᠡᠪᠬᠢᠵᠢᠯ ᠪᠠ ᠬᠠᠯᠠᠭᠤᠨ ᠰᠡᠳᠬᠢᠯᠭᠡ ᠪᠠᠨ ᠳᠡᠭᠡᠭᠰᠢᠯᠡᠭᠦᠯᠵᠦ᠂ ᠨᠠᠮ ᠤᠨ ᠲᠡᠦᠬᠡ ᠶᠢᠨ ᠤᠬᠠᠭᠤᠯᠭ᠎ᠠ ᠶᠢᠨ | ᠨᠥᠯᠥᠭᠡᠯᠡᠬᠦ ᠬᠦᠴᠦᠨ ᠪᠠ ᠨᠡᠪᠴᠢᠬᠦ ᠬᠦᠴᠦᠨ ᠢ ᠴᠢᠩᠭᠠᠷᠠᠭᠤᠯᠪᠠ᠃ | |