ᠲᠦᠩᠯᠢᠶᠣᠣ ᠬᠤᠲᠠ ︽ᠬᠠᠤᠯᠢ ᠬᠡᠷᠡᠭᠵᠢᠭᠦᠯᠬᠦ ᠶᠠᠪᠤᠴᠠ ᠳᠤ ᠦᠢᠯᠡᠴᠢᠯᠡᠬᠦ᠂ ᠦᠢᠯᠡᠴᠢᠯᠡᠬᠦ ᠶᠠᠪᠤᠴᠠ ᠳᠤ ᠬᠠᠤᠯᠢ | ᠬᠡᠷᠡᠭᠵᠢᠭᠦᠯᠬᠦ︾ ᠣᠨᠣᠯᠵᠢᠬᠤᠨ ᠢ ᠪᠠᠷᠢᠮᠲᠠᠯᠠᠨ᠂ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ᠡᠭᠦᠷᠭᠡ | ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ︽ᠬᠠᠤᠯᠢ᠂ ᠵᠦᠢ᠂ ᠪᠠᠶᠢᠳᠠᠯ︾ ᠢ ᠬᠠᠷᠢᠯᠴᠠᠨ | ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠢᠳᠬᠠᠨ ᠬᠥᠮᠥᠵᠢᠭᠦᠯᠬᠦ᠂ ᠵᠢᠭᠠᠨ ᠵᠢᠯᠤᠭᠤᠳᠴᠤ ᠪᠣᠯᠵᠣᠨ | ᠶᠠᠷᠢᠯᠴᠠᠬᠤ᠂ ᠵᠦᠪᠳᠡᠯᠴᠡᠵᠦ ᠪᠣᠯᠵᠣᠨ ᠲᠣᠭᠲᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠴᠠᠯᠢᠩ | ᠦᠷᠢᠲᠦᠭᠰᠡᠨ ᠢ ᠴᠡᠭᠴᠡᠯᠡᠨ ᠵᠠᠰᠠᠬᠤ ᠠᠵᠢᠯ ᠳᠤ ᠰᠢᠨ᠎ᠡ ᠦᠷ᠎ᠡ ᠪᠦᠲᠦᠮᠵᠢ ᠣᠯᠵᠤ᠂ ᠬᠤᠳᠠᠯᠳᠤᠭ᠎ᠠ ᠡᠵᠡᠩᠨᠡᠬᠦ | ᠣᠷᠴᠢᠨ ᠲᠤᠭᠤᠷᠢᠨ ᠢ ᠳᠠᠬᠢᠨ ᠰᠢᠨ᠎ᠡ ᠳᠡᠭᠲᠡᠷ ᠲᠤ ᠭᠠᠷᠭᠠᠪᠠ᠃ | ︽ᠰᠡᠷᠡᠮᠵᠢᠯᠡᠭᠦᠯᠬᠦ ᠰᠠᠨᠠᠭᠤᠯᠭ᠎ᠠ︾ ᠶᠢᠨ ᠦᠢᠯᠡᠴᠢᠯᠡᠭᠡ ᠶᠢ ᠦᠷᠨᠢᠭᠦᠯᠪᠡ᠃ ︽ᠬᠥᠮᠥᠨ ᠬᠡᠷᠡᠭᠯᠡᠬᠦ | ᠨᠢᠭᠡᠴᠡ ᠶᠢᠨ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠢ ᠪᠠᠶᠢᠬᠤ ᠠᠮᠠᠯᠠᠯᠲᠠ ᠶᠢᠨ ᠪᠢᠴᠢᠭ︾ ᠤᠨ ᠳᠦᠷᠢᠮ ᠢ | ᠴᠠᠭ ᠲᠤᠬᠠᠢ ᠳᠤᠨᠢ ᠨᠡᠶᠢᠲᠡᠯᠡᠵᠦ᠂ ᠢᠳᠬᠠᠨ ᠰᠤᠷᠭᠠᠬᠤ ᠪᠠᠷ ᠳᠡᠮᠵᠢᠨ ᠰᠠᠨᠠᠭᠠᠴᠢᠯᠠᠭ᠎ᠠ ᠠᠴᠠ ᠪᠠᠨ ᠴᠡᠭᠴᠡᠯᠡᠨ | ᠰᠠᠶᠢᠵᠢᠷᠠᠭᠤᠯᠤᠭᠰᠠᠨ ᠬᠥᠮᠥᠨ ᠬᠡᠷᠡᠭᠯᠡᠬᠦ ᠨᠢᠭᠡᠴᠡ ᠶᠢ ᠳᠠᠭᠢᠵᠤ ᠬᠠᠤᠯᠢ ᠴᠠᠭᠠᠵᠠ ᠶᠢᠨ ᠪᠢᠴᠢᠭ ᠪᠠᠭᠤᠯᠭᠠᠵᠤ ᠬᠡᠷᠡᠭ | ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠬᠦ ᠦᠭᠡᠢ ᠪᠠᠶᠢᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠬᠤ ᠶᠢᠨ ᠬᠠᠮᠲᠤ᠂ ᠠᠵᠤ ᠠᠬᠤᠶᠢᠯᠠᠯ ᠤᠨ ᠣᠷᠣᠰᠢᠨ ᠲᠣᠭᠲᠠᠨᠢᠵᠤ ᠬᠥᠭᠵᠢᠬᠦ ᠳᠤ ︽ | ᠣᠷᠣᠨ ᠵᠠᠢ︾ ᠭᠦᠢᠴᠡᠳ ᠦᠯᠡᠳᠡᠭᠡᠨ ᠥᠭᠴᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠠᠵᠤ | ᠠᠬᠤᠶᠢᠯᠠᠯ ᠤᠨ ᠬᠥᠭᠵᠢᠯᠲᠡ ᠶᠢᠨ ᠬᠠᠷᠢᠯᠴᠠᠨ ᠬᠠᠷᠠᠭᠠᠯᠵᠠᠵᠤ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠪᠡ᠃ | ︽ᠬᠤᠶᠠᠷ ᠲᠤᠤᠷᠵᠢᠭᠤᠯᠤᠯᠲᠠ︾ ᠶᠢᠨ ᠲᠠᠪᠴᠠᠩ ᠤᠨ ᠳᠠᠪᠠᠭᠤᠯᠢᠭ ᠢ ᠪᠠᠳᠠᠷᠠᠭᠤᠯᠪᠠ᠃ ᠦᠨᠳᠦᠰᠦᠨ | ᠱᠠᠲᠤᠨ ᠤ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢᠨ ᠲᠤᠤᠷᠠᠯᠵᠢ ᠶᠢᠨ ᠠᠵᠢᠯᠲᠠᠨ ᠤ ᠮᠡᠳᠡᠭᠡ | ᠵᠠᠩᠭᠢ ᠶᠢ ᠴᠤᠭᠯᠠᠭᠤᠯᠬᠤ᠂ ᠬᠥᠮᠥᠨ ᠬᠡᠷᠡᠭᠯᠡᠬᠦ ᠨᠢᠭᠡᠴᠡ ᠶᠢᠨ ᠲᠤᠭ᠎ᠠ ᠪᠠᠷᠢᠮᠲᠠ ᠰᠢᠨᠡᠳᠬᠡᠬᠦ ᠴᠠᠭ ᠲᠣᠬᠢᠶᠠᠯ ᠢ | ᠠᠰᠢᠭᠯᠠᠨ᠂ ᠬᠥᠮᠥᠨ ᠬᠡᠷᠡᠭᠯᠡᠬᠦ ᠨᠢᠭᠡᠴᠡ ᠪᠣᠯᠣᠨ ᠠᠵᠢᠯᠲᠠᠨ ᠠᠵᠢᠯᠴᠢᠨ ᠤ ᠲᠤᠰᠬᠠᠭᠰᠠᠨ ᠬᠥᠳᠡᠯᠮᠦᠷᠢ ᠶᠢᠨ ᠬᠢᠨᠠᠨ | ᠪᠠᠶᠢᠴᠠᠭᠠᠯᠲᠠ ᠶᠢᠨ ᠬᠦᠷᠢᠶ᠎ᠡ ᠴᠠᠷᠠᠭ᠎ᠠ ᠶᠢᠨ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ᠂ | ᠲᠥᠪᠯᠡᠷᠡᠯ ᠠᠰᠠᠭᠤᠳᠠᠯ ᠢ ᠨᠢᠭᠲᠠ ᠠᠩᠬᠠᠷᠴᠤ᠂ ᠴᠠᠭ ᠲᠤᠬᠠᠢ ᠳᠤᠨᠢ ᠡᠮᠬᠢᠯᠡᠨ ᠬᠤᠷᠢᠶᠠᠩᠭᠤᠶᠢᠯᠠᠵᠤ᠂ ᠵᠠᠳᠠᠯᠤᠨ | ᠰᠤᠳᠤᠯᠵᠤ ᠮᠠᠭᠠᠳᠯᠠᠭᠠᠳ᠂ ᠡᠯ᠎ᠡ ᠲᠥᠷᠥᠯ ᠤᠨ ᠴᠠᠯᠢᠩ ᠥᠷᠢᠲᠦᠭᠰᠡᠨ ᠬᠡᠷᠡᠭ ᠰᠠᠶ᠋ᠢ ᠴᠤᠬᠤᠶᠢᠲᠠᠯᠠ | ᠤᠰᠠᠳᠬᠠᠭᠰᠠᠨ ᠪᠠᠶᠢᠪᠠ᠃ | ᠬᠢᠨᠠᠨ ᠪᠠᠶᠢᠴᠠᠭᠠᠯᠲᠠ ᠪᠠ ᠤᠬᠠᠭᠤᠯᠭ᠎ᠠ ᠶᠢᠨ ᠠᠵᠢᠯ ᠢ ᠵᠡᠷᠭᠡ ᠪᠠᠷ ᠲᠦᠯᠬᠢᠨ ᠠᠬᠢᠭᠤᠯᠪᠠ᠃ ︽ | ᠬᠤᠶᠠᠷ ᠲᠣᠬᠢᠶᠠᠯᠳᠤᠯ ᠂ ᠨᠢᠭᠡ ᠶᠢ ᠢᠯᠡ ᠪᠣᠯᠭᠠᠬᠤ︾ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ︽ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠰᠢᠭᠤᠳ | ᠨᠡᠪᠲᠡᠷᠡᠬᠦ ᠲᠡᠷᠭᠡ︾ ᠶᠢᠨ ᠰᠢᠭᠤᠳ ᠨᠡᠪᠲᠡᠷᠡᠭᠦᠯᠭᠡ ᠶᠢᠨ ᠫᠷᠣᠭ᠍ᠷᠠᠮ᠂ ᠬᠦᠳᠡᠯᠮᠦᠷᠢ ᠴᠠᠯᠢᠩ ᠤᠨ ᠬᠠᠮᠢᠶᠠᠷᠤᠭᠴᠢ ᠶᠢᠨ | ᠪᠣᠯᠪᠠᠰᠤᠷᠠᠭᠤᠯᠤᠯ ᠤᠨ ᠠᠩᠭᠢ᠂ ᠪᠣᠯᠵᠣᠨ ᠶᠠᠷᠢᠯᠴᠠᠵᠤ ᠰᠠᠨᠠᠭᠤᠯᠬᠤ ᠵᠡᠷᠭᠡ ᠲᠤᠬᠠᠢ ᠶᠢᠨ ᠲᠠᠯᠠᠪᠤᠷ ᠲᠤ ︽ | ᠬᠥᠳᠡᠯᠮᠦᠷᠢ ᠶᠢᠨ ᠬᠠᠤᠯᠢ︾᠂ ︽ ᠬᠥᠳᠡᠯᠮᠦᠷᠢ ᠶᠢᠨ ᠭᠡᠷ᠎ᠡ ᠶᠢᠨ ᠬᠠᠤᠯᠢ︾᠂ ︽ᠬᠥᠯᠥᠰᠦᠨ ᠠᠵᠢᠯᠴᠢᠨ ᠤ ᠴᠠᠯᠢᠩ | ᠥᠭᠬᠦ ᠶᠢ ᠪᠠᠲᠤᠯᠠᠬᠤ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠴᠠᠭ ᠢᠮᠠᠭᠲᠠ ᠭᠠᠵᠠᠷ | ᠪᠣᠯᠭᠠᠨ ᠳᠤ ᠤᠬᠠᠭᠤᠯᠤᠨ ᠲᠠᠶᠢᠯᠪᠤᠷᠢᠯᠠᠵᠤ᠂ ︽ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ︾ ᠶᠢᠨ ᠰᠠᠶᠢᠨ | ᠰᠠᠶᠢᠬᠠᠨ ᠠᠬᠤᠢ ᠪᠠᠶᠢᠳᠠᠯ ᠢ ᠪᠣᠶ ᠪᠤᠯᠭᠠᠪᠠ᠃ | ᠣᠲᠣ ᠪᠣᠯᠲᠠᠯ᠎ᠠ᠂ ᠲᠦᠩᠯᠢᠶᠣᠣ ᠬᠤᠲᠠ ᠶᠢᠨ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠬᠤ | ᠪᠠᠶᠢᠭᠤᠯᠤᠮᠵᠢ ᠡᠯ᠎ᠡ ᠲᠥᠷᠥᠯ ᠤᠨ ᠬᠥᠮᠥᠨ ᠬᠡᠷᠡᠭᠯᠡᠬᠦ 1950 ᠨᠢᠭᠡᠴᠡ ᠳᠤ ᠡᠳᠦᠷ ᠲᠤᠲᠤᠮ ᠤᠨ ᠲᠣᠭᠤᠷᠢᠨ | ᠪᠠᠶᠢᠴᠠᠭᠠᠯᠲᠠ ᠪᠠ ᠰᠣᠩᠭᠤᠨ ᠪᠠᠶᠢᠴᠠᠭᠠᠯᠲᠠ ᠬᠢᠵᠦ᠂ 3.71 ᠲᠦᠮᠡᠨ ᠬᠥᠳᠡᠯᠮᠦᠷᠢᠴᠢᠨ ᠳᠤ ᠬᠤᠯᠪᠣᠭᠳᠠᠭᠰᠠᠨ | ᠪᠠᠶᠢᠨ᠎ᠠ᠃ ᠡᠯ᠎ᠡ ᠲᠦᠷᠦᠯ ᠤᠨ ᠬᠥᠮᠥᠨ ᠬᠡᠷᠡᠭᠯᠡᠬᠦ 1296ᠨᠢᠭᠡᠴᠡ ᠶᠢ ᠪᠢᠴᠢᠭ ᠢᠶᠠᠷ ᠬᠢᠨᠠᠨ ᠪᠠᠶᠢᠴᠠᠭᠠᠵᠤ᠂ 4. | 53 ᠲᠦᠮᠡᠨ ᠬᠥᠳᠡᠯᠮᠦᠷᠢᠴᠢᠨ ᠳᠤ ᠬᠤᠯᠪᠣᠭᠳᠠᠭᠰᠠᠨ ᠪᠠᠶᠢᠨ᠎ᠠ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ | ᠴᠠᠯᠢᠩ ᠢ ᠥᠷᠢᠲᠦᠵᠦ ᠤᠳᠠᠭᠠᠰᠢᠷᠠᠭᠤᠯᠤᠭᠰᠠᠨ 211 ᠬᠡᠷᠡᠭ ᠢ ᠰᠢᠢᠳᠪᠦᠷᠢᠯᠡᠵᠦ᠂ 1227 ᠬᠥᠮᠥᠨ᠂ 1046. | 42 ᠲᠦᠮᠡᠨ ᠲᠥᠭᠦᠷᠢᠭ ᠲᠤ ᠬᠤᠯᠪᠣᠭᠳᠠᠭᠰᠠᠨ ᠪᠠᠶᠢᠨ᠎ᠠ᠃ | |