ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠯᠢᠦ ᠬᠤᠤ ᠲᠠᠷᠢᠶᠠᠯᠠᠩ ᠤᠨ ᠲᠠᠯᠠᠪᠠᠶ ᠶᠢᠨ | ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠠᠯᠪᠠᠨ ᠭᠡᠷ ᠲᠣᠪᠴᠢᠶ᠎ᠠ ᠳᠤ | ᠄ | ᠬᠤᠰᠢᠭᠤᠨ ᠤ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠡᠳᠦᠭᠡ ︽ᠨᠠᠢᠮᠠᠨ ᠬᠤᠰᠢᠭᠤᠨ ᠤ 2023 | ᠣᠨ ᠤ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠨᠥᠬᠦᠪᠦᠷᠢ ᠶᠢᠨ ᠲᠥᠰᠥᠯ︾ ᠢ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ ᠬᠡᠷᠡᠭᠵᠢᠭᠦᠯᠲᠦᠭᠡᠢ᠃ | 2023 ᠣᠨ ᠤ 9 | ᠰᠠᠷ᠎ᠠ ᠶᠢᠨ 7 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠨᠠᠢᠮᠠᠨ ᠬᠤᠰᠢᠭᠤᠨ ᠤ 2023 ᠣᠨ ᠤ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠨᠥᠬᠦᠪᠦᠷᠢ ᠶᠢᠨ | ᠲᠥᠰᠥᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ | ᠡᠳ᠋ ᠤᠨ ᠵᠠᠰᠠᠭ ᠤᠨ ᠲᠢᠩᠬᠢᠮ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ | ᠲᠥᠪ ᠤᠨ ᠡᠳ᠋ ᠤᠨ ᠵᠠᠰᠠᠭ ᠤᠨ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠨᠥᠬᠦᠪᠦᠷᠢ ᠶᠢᠨ | ᠬᠡᠷᠡᠭᠵᠢᠭᠦᠯᠬᠦ ᠲᠥᠰᠥᠯ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ | ᠠᠬᠤᠢ ᠶᠢᠨ ᠮᠠᠰᠢᠨ ᠲᠠᠷᠬᠠᠭᠠᠭᠰᠠᠨ ﹇2023﹈ 343 ᠳ᠋ᠤᠭᠠᠷ ᠲᠣᠭᠠᠲᠤ︶ ᠪᠠ ︽ᠲᠦᠩᠯᠢᠶᠣᠣ ᠬᠤᠲᠠ ᠶᠢᠨ | 2023 ᠲᠥᠪ ᠤᠨ ᠡᠳ᠋ ᠤᠨ ᠵᠠᠰᠠᠭ ᠤᠨ ᠲᠠᠷᠢᠶᠠᠨ ᠭᠠᠵᠠᠷ ᠢ ᠭᠦᠨ ᠰᠤᠯᠠᠷᠠᠭᠤᠯᠬᠤ ᠲᠥᠷᠥᠯ ᠵᠦᠢᠯ ᠤᠨ | ᠬᠡᠷᠡᠭᠵᠢᠭᠦᠯᠬᠦ ᠲᠥᠰᠥᠯ︾ ︵ᠲᠦᠩᠯᠢᠶᠤᠤ ᠲᠠᠷᠢᠶᠠᠯᠠᠩ ᠮᠠᠯ ᠠᠵᠤ ᠠᠬᠤᠢ ᠲᠠᠷᠬᠠᠭᠠᠭᠰᠠᠨ ﹇2023﹈ 256 | ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠲᠠᠷᠢᠶᠠᠨ ᠭᠠᠵᠠᠷ ᠢ ᠭᠦᠨ ᠰᠤᠯᠠᠷᠠᠭᠤᠯᠬᠤ ᠲᠥᠷᠥᠯ | ᠵᠦᠢᠯ ᠢ ᠪᠥᠬᠦ ᠲᠠᠯ᠎ᠠ ᠪᠠᠷ ᠬᠡᠷᠡᠭᠵᠢᠭᠦᠯᠵᠦ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ | ᠲᠥᠰᠥᠯ ᠢ ᠲᠣᠭᠲᠠᠭᠠᠪᠠ᠃ | ᠨᠢᠭᠡ᠂ ᠡᠭᠦᠷᠭᠡ ᠬᠠᠷᠠᠯᠲᠠ | 2023 ᠣᠨ ᠳᠤ᠂ ᠮᠠᠨ ᠤ ᠬᠤᠰᠢᠭᠤᠨ ᠤ ᠲᠠᠷᠢᠶᠠᠯᠠᠩ ᠤᠨ ᠮᠠᠰᠢᠨ ᠤ ᠲᠠᠷᠢᠶᠠᠨ ᠭᠠᠵᠠᠷ ᠢ ᠭᠦᠨ | ᠰᠤᠯᠠᠷᠠᠭᠤᠯᠬᠤ ᠠᠵᠢᠯ ᠤᠨ ᠡᠭᠦᠷᠭᠡ ᠶᠢ 7.6 ᠲᠦᠮᠡᠨ ᠮᠦ ᠪᠡᠶᠡᠯᠡᠭᠦᠯᠵᠦ᠂ ᠲᠥᠪ ᠤᠨ ᠡᠳ᠋ ᠤᠨ ᠵᠠᠰᠠᠭ ᠤᠨ | ᠲᠠᠷᠢᠶᠠᠯᠠᠩ ᠤᠨ ᠮᠠᠰᠢᠨ ᠤ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠳᠤ 190 ᠲᠦᠮᠡᠨ ᠲᠥᠭᠦᠷᠢᠭ ᠤᠨ | ᠨᠥᠬᠦᠪᠦᠷᠢ ᠮᠥᠩᠭᠦ ᠲᠣᠬᠢᠷᠠᠭᠤᠯᠪᠠ᠃ | ᠬᠤᠶᠠᠷ᠂ ᠠᠵᠢᠯᠯᠠᠬᠤ ᠵᠠᠭᠪᠤᠷ᠂ ᠠᠵᠢᠯᠯᠠᠬᠤ ᠮᠧᠬᠠᠨᠢᠭ ᠵᠢᠴᠢ ᠠᠵᠢᠯᠯᠠᠬᠤ ᠶᠠᠰᠤ ᠴᠢᠨᠠᠷ ᠤᠨ ᠱᠠᠭᠠᠷᠳᠠᠯᠭ᠎ᠠ | ︵ᠨᠢᠭᠡ︶ ᠠᠵᠢᠯᠯᠠᠬᠤ ᠵᠠᠭᠪᠤᠷ᠃ ᠲᠤᠬᠠᠢ ᠶᠢᠨ ᠭᠠᠵᠠᠷ ᠤᠨ ᠬᠥᠷᠥᠰᠥ ᠰᠢᠷᠣᠢ ᠶᠢᠨ ᠲᠥᠷᠥᠯ ᠬᠡᠯᠪᠡᠷᠢ᠂ | ᠲᠠᠷᠢᠶᠠᠯᠠᠬᠤ ᠳᠦᠷᠢᠮ ᠪᠠ ᠮᠠᠰᠢᠨ ᠪᠠᠭᠠᠵᠢ ᠶᠢᠨ ᠲᠣᠬᠢᠷᠠᠭᠤᠯᠤᠯᠲᠠ ᠶᠢᠨ ᠪᠠᠶᠢᠳᠠᠯ ᠢ ᠦᠨᠳᠦᠰᠦᠯᠡᠨ᠂ ᠲᠤᠬᠠᠢ ᠶᠢᠨ | ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯᠯᠠᠬᠤ ᠵᠠᠭᠪᠤᠷ ᠢ | ᠰᠣᠩᠭᠤᠵᠤ᠂ ᠲᠠᠩ ᠭᠠᠭᠴᠠ ᠭᠦᠨ ᠰᠤᠯᠠᠷᠠᠭᠤᠯᠬᠤ ᠠᠵᠢᠯ ᠬᠢᠵᠦ ᠪᠣᠯᠣᠨ᠎ᠠ᠂ ᠲᠣᠬᠢᠷᠠᠮᠵᠢᠲᠠᠢ ᠭᠠᠵᠠᠷ ᠤᠨ | ᠬᠡᠰᠡᠭ ᠲᠤ ᠭᠦᠨ ᠰᠤᠯᠠᠷᠠᠭᠤᠯᠬᠤ ᠬᠠᠮᠲᠤᠷᠠᠭᠰᠠᠨ ᠠᠵᠢᠯ ᠥᠷᠨᠢᠭᠦᠯᠬᠦ ᠶᠢ ᠵᠣᠷᠢᠭᠵᠢᠭᠤᠯᠤᠨ᠎ᠠ︔ ᠵᠡᠭᠦᠨ ᠬᠤᠶᠢᠲᠤ | ᠣᠷᠣᠨ ᠤ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠳᠤ ᠬᠡᠰᠡᠭ ᠲᠠᠷᠢᠶᠠᠨ ᠭᠠᠵᠠᠷ ᠢ ᠭᠦᠨ | ᠰᠤᠯᠠᠷᠠᠭᠤᠯᠬᠤ ᠠᠵᠢᠯᠯᠠᠬᠤ ᠵᠠᠭᠪᠤᠷ ᠢ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠬᠤ ᠮᠡᠷᠭᠡᠵᠢᠯ ᠤᠨ ᠱᠠᠭᠠᠷᠳᠠᠯᠭ᠎ᠠ ᠲᠠᠢ | ᠨᠡᠶᠢᠴᠡᠭᠦᠯᠬᠦ ᠬᠡᠷᠡᠭᠲᠡᠢ᠃ ᠠᠳᠠᠯᠢ ᠨᠢᠭᠡ ᠭᠠᠵᠠᠷ ᠲᠤ ᠨᠢᠭᠡ ᠵᠢᠯ ᠳᠤ ᠨᠢᠭᠡ ᠯᠡ ᠤᠳᠠᠭ᠎ᠠ ᠭᠦᠨ ᠰᠤᠯᠠᠷᠠᠭᠤᠯᠬᠤ | ᠠᠵᠢᠯ ᠤᠨ ᠨᠥᠬᠦᠪᠦᠷᠢ ᠶᠢ ᠭᠥᠷᠳᠡᠨ᠎ᠡ᠃ | ︵ᠬᠤᠶᠠᠷ︶ ᠠᠵᠢᠯᠯᠠᠬᠤ ᠮᠧᠬᠠᠨᠢᠭ᠃ ᠭᠦᠨ ᠰᠤᠯᠠᠷᠠᠭᠤᠯᠬᠤ ᠮᠠᠰᠢᠨ ᠤ ᠲᠦᠷᠦᠯ ᠵᠦᠢᠯ ᠤᠯᠠᠨ | ᠶᠠᠩᠵᠤ ᠶᠢᠨ ᠪᠠᠶᠢᠳᠠᠭ᠂ ᠠᠵᠢᠯᠯᠠᠬᠤ ᠬᠡᠯᠪᠡᠷᠢ ᠪᠠᠷ ᠨᠢ ᠠᠯᠤᠰᠯᠠᠵᠤ ᠭᠦᠨ ᠰᠤᠯᠠᠷᠠᠭᠤᠯᠬᠤ ᠮᠠᠰᠢᠨ ᠪᠠ ᠪᠦᠬᠦ | ᠲᠠᠯ᠎ᠠ ᠪᠠᠷ ᠭᠦᠨ ᠰᠤᠯᠠᠷᠠᠭᠤᠯᠬᠤ ᠮᠠᠰᠢᠨ ᠭᠡᠵᠦ ᠬᠤᠪᠢᠶᠠᠨ᠎ᠠ᠂ ᠠᠵᠢᠯᠯᠠᠬᠤ ᠴᠢᠳᠠᠪᠤᠷᠢ ᠪᠠᠷ ᠨᠢ ᠲᠠᠩ ᠭᠠᠭᠴᠠ ᠭᠦᠨ | ᠰᠤᠯᠠᠷᠠᠭᠤᠯᠬᠤ ᠮᠠᠰᠢᠨ ᠪᠠ ᠬᠠᠮ ᠬᠡᠯᠪᠡᠷᠢ ᠶᠢᠨ ᠬᠠᠮᠲᠤᠷᠠᠨ ᠠᠵᠢᠯᠯᠠᠬᠤ ᠮᠠᠰᠢᠨ ᠭᠡᠵᠦ ᠬᠤᠪᠢᠶᠠᠨ᠎ᠠ᠂ ᠬᠡᠷᠪᠡ | ᠴᠦᠴᠡ ᠮᠠᠶ᠋ᠢᠭ ᠤᠨ ᠭᠦᠨ ᠰᠤᠯᠠᠷᠠᠭᠤᠯᠬᠤ ᠮᠠᠰᠢᠨ ᠢ ᠰᠣᠩᠭᠤᠪᠠᠯ᠂ ᠵᠡᠷᠭᠡᠯᠡᠳᠡᠭᠡ ᠬᠤᠶᠠᠷ ᠴᠦᠴᠡ ︵ᠬᠤᠰᠤᠭᠤᠷ︶ | ᠶᠢᠨ ᠬᠤᠭᠤᠷᠣᠨᠳᠣᠬᠢ ᠵᠠᠢ ᠨᠢ 2 ᠳᠠᠬᠢᠨ ᠭᠦᠨ ᠰᠤᠯᠠᠷᠠᠭᠤᠯᠬᠤ ᠭᠦᠨ ᠤ ᠬᠡᠮᠵᠢᠶ᠎ᠡ ᠠᠴᠠ ᠶᠡᠭᠡ ᠪᠠᠶᠢᠵᠤ ᠪᠣᠯᠬᠤ | ᠦᠭᠡᠢ︾ ᠭᠡᠵᠦ ᠬᠤᠪᠢᠶᠠᠨ᠎ᠠ᠃ ᠭᠦᠨ ᠰᠤᠯᠠᠷᠠᠭᠤᠯᠬᠤ ᠮᠠᠰᠢᠨ ᠤ ᠴᠢᠨᠠᠷ ᠴᠢᠨᠰᠠᠭ᠎ᠠ ᠨᠢ ᠱᠠᠭᠠᠷᠳᠠᠯᠭ᠎ᠠ ᠳᠤ | ᠨᠡᠶᠢᠴᠡᠬᠦ ᠶᠢ ᠪᠠᠲᠤᠯᠠᠵᠤ᠂ ᠲᠷᠠᠺᠲ᠋ᠣᠷ ᠢ 120 ᠮᠣᠷᠢᠨ ᠬᠦᠴᠦ ᠠᠴᠠ ᠳᠣᠣᠷ᠎ᠠ ᠪᠠᠶᠢᠯᠭᠠᠬᠤ ᠦᠭᠡᠢ᠂ ᠭᠦᠨ | ᠰᠤᠯᠠᠷᠠᠭᠤᠯᠬᠤ ᠮᠠᠰᠢᠨ ᠤ ᠬᠤᠶᠠᠷ ᠬᠤᠰᠢᠭᠤ ᠶᠢᠨ ᠬᠤᠭᠤᠷᠣᠨᠳᠣᠬᠢ ᠵᠠᠢ ᠶᠢ 60 ᠰᠠᠨᠲ᠋ᠢᠮᠧᠲᠷ ᠠᠴᠠ ᠬᠡᠲᠦᠷᠡᠭᠦᠯᠬᠦ | ᠦᠭᠡᠢ ᠪᠠᠶᠢᠬᠤ ᠶᠢ ᠱᠠᠭᠠᠷᠳᠠᠨ᠎ᠠ᠃ | ︵ᠭᠤᠷᠪᠠ︶ ᠠᠵᠢᠯᠯᠠᠬᠤ ᠶᠠᠰᠤ ᠴᠢᠨᠠᠷ᠃ ᠲᠠᠷᠢᠶᠠᠨ ᠭᠠᠵᠠᠷ ᠢ ᠭᠦᠨ ᠰᠤᠯᠠᠷᠠᠭᠤᠯᠬᠤ ᠨᠥᠬᠦᠪᠦᠷᠢ ᠶᠢᠨ | ᠠᠵᠢᠯ ᠤᠨ ᠭᠦᠨᠴᠡ ᠶᠢ 30 ᠰᠠᠨᠲ᠋ᠢᠮᠧᠲᠷ ᠠᠴᠠ ᠳᠡᠭᠡᠭᠰᠢ ᠳᠤ ᠬᠦᠷᠦᠭᠦᠯᠬᠦ ᠬᠡᠷᠡᠭᠲᠡᠢ ᠪᠥᠭᠡᠳ ᠠᠵᠢᠯᠯᠠᠭᠰᠠᠨ ᠤ | ᠳᠠᠷᠠᠭᠠᠬᠢ ᠭᠠᠵᠠᠷ ᠢ ᠲᠠᠷᠢᠶᠠᠨ ᠭᠠᠵᠠᠷ ᠤᠨ ᠭᠠᠳᠠᠷᠭᠤ ᠲᠠᠢ ᠲᠡᠭᠰᠢᠬᠡᠨ᠂ ᠭᠦᠨ ᠭᠦᠢᠬᠡᠨ ᠨᠢ ᠨᠢᠭᠡᠳᠦᠯᠲᠡᠢ ᠪᠠᠶᠢᠬᠤ | ᠬᠡᠷᠡᠭᠲᠡᠢ᠃ | ᠭᠤᠷᠪᠠ᠂ ᠨᠥᠬᠦᠪᠦᠷᠢ ᠣᠯᠭᠤᠬᠤ ᠡᠲᠡᠭᠡᠳ ᠬᠢᠭᠡᠳ ᠨᠥᠬᠦᠪᠦᠷᠢ ᠣᠯᠭᠤᠬᠤ ᠪᠠᠷᠢᠮᠵᠢᠶ᠎ᠠ | ︵ᠨᠢᠭᠡ︶ ᠨᠥᠬᠦᠪᠦᠷᠢ ᠣᠯᠭᠤᠬᠤ ᠡᠲᠡᠭᠡᠳ᠃ ︽ ᠬᠡᠨ ᠪᠣᠳᠠᠲᠠᠢ ᠪᠠᠷ ᠰᠤᠯᠠᠷᠠᠭᠤᠯᠪᠠᠯ᠂ ᠲᠡᠷᠡ | ᠪᠣᠳᠠᠲᠠᠢ ᠪᠠᠷ ᠨᠥᠬᠦᠪᠦᠷᠢ ᠭᠥᠷᠳᠡᠬᠦ︾ ᠵᠠᠷᠴᠢᠮ ᠢ ᠪᠠᠷᠢᠮᠲᠠᠯᠠᠵᠤ᠂ ᠨᠥᠬᠦᠪᠦᠷᠢ ᠥᠭᠬᠦ ᠠᠵᠢᠯ ᠤᠨ ᠣᠷᠣᠨ | ᠪᠦᠰᠡ ᠶᠢᠨ ᠳᠣᠲᠣᠷᠠᠬᠢ ᠭᠠᠵᠠᠷ ᠰᠢᠷᠣᠢ ᠶᠢ ᠪᠣᠳᠠᠲᠠᠢ ᠪᠠᠷ ᠡᠵᠡᠩᠨᠡᠵᠦ ᠪᠠᠶᠢᠬᠤ ᠪᠥᠭᠡᠳ ᠲᠠᠷᠢᠶᠠᠨ ᠭᠠᠵᠠᠷ ᠢ ᠭᠦᠨ | ᠰᠤᠯᠠᠷᠠᠭᠤᠯᠬᠤ ᠠᠵᠢᠯ ᠢ ᠰᠠᠶᠢᠨ ᠳᠤᠷ᠎ᠠ ᠠᠴᠠ ᠪᠠᠨ ᠬᠢᠵᠦ ᠪᠠᠶᠢᠭ᠎ᠠ ᠬᠤᠪᠢ ᠬᠥᠮᠥᠨ ᠪᠠ ᠲᠠᠷᠢᠶᠠᠯᠠᠩ ᠤᠨ | ᠦᠢᠯᠡᠳᠪᠦᠷᠢᠯᠡᠯ ᠡᠵᠡᠩᠨᠡᠯᠲᠡ ᠶᠢᠨ ᠵᠣᠬᠢᠶᠠᠨ ᠪᠠᠶᠢᠭᠤᠯᠤᠯᠲᠠ ︵ᠳᠣᠷᠣᠭᠰᠢ ︽ᠭᠠᠵᠠᠷ ᠰᠢᠷᠣᠢ ᠡᠵᠡᠩᠨᠡᠭᠴᠢ︾ ᠭᠡᠵᠦ | ᠲᠣᠪᠴᠢᠯᠠᠨ᠎ᠠ︶ ᠳᠤ ᠨᠥᠬᠦᠪᠦᠷᠢ ᠥᠭᠭᠦᠨ᠎ᠡ᠃ ᠤᠯᠤᠰ ᠪᠠ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ | ᠣᠷᠳᠣᠨ ᠤ ᠡᠳ᠋ ᠤᠨ ᠵᠠᠰᠠᠭ ᠠᠴᠠ ᠲᠡᠵᠢᠭᠡᠵᠦ ᠪᠠᠶᠢᠭ᠎ᠠ ᠠᠵᠢᠯᠲᠠᠨ᠂ ᠲᠤᠬᠠᠶᠢᠯᠠᠪᠠᠯ ᠲᠥᠷᠥ ᠶᠢᠨ ᠠᠯᠪᠠᠲᠠᠨ ᠢ ︽ | ᠠᠯᠪᠠᠲᠠᠨ ᠤ ᠬᠠᠤᠯᠢ︾ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠠᠵᠢᠯ ᠦᠢᠯᠡᠰ ᠤᠨ ᠨᠢᠭᠡᠴᠡ ᠶᠢᠨ | ᠠᠵᠢᠯᠲᠠᠨ ᠠᠵᠢᠯᠴᠢᠨ ᠢ ᠬᠠᠮᠢᠶᠠᠷᠤᠨ᠎ᠠ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ ︵ᠤᠷᠢᠵᠤ | ᠬᠡᠷᠡᠭᠯᠡᠬᠦ ᠳᠦᠷᠢᠮᠲᠦ ᠠᠵᠢᠯᠲᠠᠨ ᠠᠵᠢᠯᠴᠢᠨ ᠪᠠᠭᠲᠠᠨ᠎ᠠ︶ ᠨᠥᠬᠦᠪᠦᠷᠢ ᠣᠯᠭᠤᠬᠤ ᠡᠲᠡᠭᠡᠳ ᠤᠨ ᠬᠡᠪᠴᠢᠶᠡᠨ ᠳᠤ | ᠤᠷᠤᠬᠤ ᠦᠭᠡᠢ᠃ | ︵ᠬᠤᠶᠠᠷ︶ ᠨᠥᠬᠦᠪᠦᠷᠢ ᠥᠭᠬᠦ ᠪᠠᠷᠢᠮᠵᠢᠶ᠎ᠠ᠃ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ | ᠲᠥᠷᠥᠯ ᠵᠦᠢᠯ ᠳᠤ ᠨᠥᠬᠦᠪᠦᠷᠢ ᠦᠭᠬᠦ ᠪᠠᠷᠢᠮᠵᠢᠶ᠎ᠠ ᠶᠢ ᠬᠡᠷᠡᠭᠵᠢᠭᠦᠯᠵᠦ᠂ ᠮᠦ ᠪᠦᠷᠢ ᠳᠤ 25 ᠲᠥᠭᠦᠷᠢᠭ ᠤᠨ | ᠨᠥᠬᠦᠪᠦᠷᠢ ᠥᠭᠭᠦᠨ᠎ᠡ᠃ | ᠳᠥᠷᠪᠡ᠂ ᠠᠵᠢᠯ ᠤᠨ ᠲᠠᠰ ᠳᠠᠷᠠᠭᠠᠯᠠᠯ | ᠲᠠᠷᠢᠶᠠᠨ ᠭᠠᠵᠠᠷ ᠢ ᠭᠦᠨ ᠰᠤᠯᠠᠷᠠᠭᠤᠯᠬᠤ ᠳᠤ ᠨᠥᠬᠦᠪᠦᠷᠢ ᠥᠭᠬᠦ ᠠᠵᠢᠯ ᠢ ︽ᠤᠷᠢᠳ ᠢᠶᠠᠷ ᠠᠵᠢᠯᠯᠠᠭᠤᠯᠵᠤ | ᠳᠠᠷᠠᠭ᠎ᠠ ᠨᠢ ᠨᠥᠬᠦᠪᠦᠷᠢ ᠥᠭᠬᠦ᠂ ᠤᠷᠢᠳ ᠢᠶᠠᠷ ᠵᠠᠷᠯᠠᠨ ᠨᠡᠶᠢᠲᠡᠯᠡᠵᠦ ᠳᠠᠷᠠᠭ᠎ᠠ ᠨᠢ ᠪᠡᠯᠡᠨ ᠵᠣᠭᠤᠰ ᠪᠣᠯᠭᠠᠬᠤ︾ | ᠲᠠᠰ ᠳᠠᠷᠠᠭᠠᠯᠠᠯ ᠢᠶᠠᠷ ᠶᠠᠪᠤᠭᠳᠠᠭᠤᠯᠤᠨ᠎ᠠ᠃ | ︵ᠨᠢᠭᠡ︶ ᠠᠯᠤᠰ ᠡᠵᠡᠮᠰᠢᠯᠲᠦ ᠬᠢᠨᠠᠨ ᠬᠡᠮᠵᠢᠬᠦ ᠦᠵᠦᠭᠦᠷ ᠤᠨ ᠲᠥᠬᠦᠭᠡᠷᠦᠮᠵᠢ ᠶᠢᠨ ᠬᠡᠯᠪᠡᠷᠢ ᠶᠢ ᠰᠣᠩᠭᠤᠨ | ᠤᠭᠰᠠᠷᠠᠬᠤ᠂ ᠲᠤᠷᠰᠢᠨ ᠲᠣᠬᠢᠷᠠᠭᠤᠯᠵᠤ ᠬᠠᠷᠭᠤᠭᠤᠯᠤᠨ᠎ᠠ᠃ ᠨᠥᠬᠦᠪᠦᠷᠢ ᠥᠭᠬᠦ ᠠᠵᠢᠯ ᠳᠤ ᠬᠡᠷᠡᠭᠯᠡᠬᠦ ᠲᠠᠷᠢᠶᠠᠨ | ᠭᠠᠵᠠᠷ ᠢ ᠭᠦᠨ ᠰᠤᠯᠠᠷᠠᠭᠤᠯᠬᠤ ᠠᠵᠢᠯ ᠤᠨ ᠮᠠᠰᠢᠨ ᠴᠣᠭᠴᠠᠯᠠᠪᠤᠷᠢ ᠳᠤ ᠡᠷᠬᠡᠪᠰᠢ ᠮᠡᠳᠡᠭᠡ ᠵᠠᠩᠭᠢᠵᠢᠯᠲᠠ ᠶᠢᠨ | ᠠᠯᠤᠰ ᠡᠵᠡᠮᠰᠢᠯᠲᠦ ᠬᠢᠨᠠᠨ ᠬᠡᠮᠵᠢᠬᠦ ᠦᠵᠦᠭᠦᠷ ᠤᠨ ᠲᠥᠬᠦᠭᠡᠷᠦᠮᠵᠢ ᠶᠢ ᠲᠣᠬᠢᠷᠠᠭᠤᠯᠬᠤ ᠬᠡᠷᠡᠭᠲᠡᠢ᠃ ᠠᠯᠤᠰ | ᠡᠵᠡᠮᠰᠢᠯᠲᠦ ᠬᠢᠨᠠᠨ ᠬᠡᠮᠵᠢᠬᠦ ᠲᠥᠬᠦᠭᠡᠷᠦᠮᠵᠢ ᠨᠢ ᠳᠠᠭᠠᠭᠤᠯᠢ ᠤᠳᠦᠠ ᠤ ᠣᠷᠣᠨ ᠪᠠᠶᠢᠷᠢ ᠶᠢ ᠲᠣᠭᠲᠠᠭᠠᠬᠤ᠂ ᠷᠠᠳᠢᠣ᠋ | ᠬᠤᠯᠪᠣᠭ᠎ᠠ ᠠᠪᠬᠤ᠂ ᠠᠵᠢᠯ ᠤᠨ ᠭᠦᠨᠴᠡ ᠶᠢ ᠬᠢᠨᠠᠨ ᠬᠡᠮᠵᠢᠬᠦ᠂ ᠲᠡᠯᠡᠪᠡᠢ ᠶᠢ ᠬᠡᠮᠵᠢᠬᠦ᠂ ᠮᠠᠰᠢᠨ ᠪᠠᠭᠠᠵᠢ ᠶᠢ ᠢᠯᠭᠠᠨ | ᠲᠠᠨᠢᠬᠤ᠂ ᠵᠢᠷᠤᠭ ᠳᠦᠷᠰᠦ ᠴᠤᠭᠯᠠᠭᠤᠯᠬᠤ᠂ ᠦᠵᠡᠭᠦᠯᠬᠦ ᠰᠡᠷᠡᠮᠵᠢ ᠶᠢᠨ ᠳᠣᠬᠢᠶ᠎ᠠ ᠵᠡᠷᠭᠡ ᠴᠢᠳᠠᠪᠤᠷᠢ ᠲᠠᠢ ᠪᠠᠶᠢᠬᠤ | ᠬᠡᠷᠡᠭᠲᠡᠢ᠃ ᠲᠤᠭ᠎ᠠ ᠪᠠᠷᠢᠮᠲᠠ ᠶᠢ ᠰᠢᠢᠳᠪᠦᠷᠢᠯᠡᠬᠦ ᠲᠠᠪᠴᠠᠩ ᠨᠢ ᠭᠥᠯᠢᠶᠡᠨ ᠠᠪᠬᠤ ᠦᠵᠦᠭᠦᠷ ᠤᠨ ᠠᠵᠢᠯ ᠤᠨ | ᠮᠡᠳᠡᠭᠡ ᠵᠠᠩᠭᠢ ᠶᠢ ᠳᠡᠭᠡᠭᠰᠢ ᠳᠠᠮᠵᠢᠭᠤᠯᠬᠤ᠂ ᠬᠠᠳᠠᠭᠠᠯᠠᠬᠤ᠂ ᠳᠠᠭᠠᠭᠤᠯᠤᠨ ᠭᠠᠷᠭᠠᠬᠤ ᠴᠢᠳᠠᠮᠵᠢ ᠪᠠ ᠠᠵᠢᠯ ᠤᠨ | ᠶᠠᠰᠤ ᠴᠢᠨᠠᠷ᠂ ᠲᠠᠯᠠᠪᠠᠶ ᠵᠡᠷᠭᠡ ᠲᠤᠭ᠎ᠠ ᠪᠠᠷᠢᠮᠲᠠ ᠶᠢ ᠵᠠᠳᠠᠯᠬᠤ᠂ ᠪᠦᠷᠢᠳᠬᠡᠬᠦ ᠪᠠ ᠬᠤᠷᠢᠶᠠᠩᠭᠤᠶᠢᠯᠠᠬᠤ ᠵᠡᠷᠭᠡ | ᠴᠢᠳᠠᠮᠵᠢ ᠶᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠂ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠬᠡᠷᠡᠭᠯᠡᠭᠴᠢ ᠨᠢ | ᠺᠣᠮᠫᠢᠦ᠋ᠲ᠋ᠧᠷ᠂ ᠭᠠᠷ ᠤᠲᠠᠰᠤ ᠪᠠᠷ ᠲᠠᠪᠴᠠᠩ ᠤᠨ ᠲᠤᠭ᠎ᠠ ᠪᠠᠷᠢᠮᠲᠠ ᠶᠢ ᠰᠢᠭᠤᠳ ᠪᠠᠶᠢᠴᠠᠭᠠᠨ ᠦᠵᠡᠵᠦ ᠪᠣᠯᠣᠨ᠎ᠠ᠃ | ᠠᠯᠤᠰ ᠡᠵᠡᠮᠰᠢᠯᠲᠦ ᠬᠢᠨᠠᠨ ᠬᠡᠮᠵᠢᠬᠦ ᠦᠵᠦᠭᠦᠷ ᠤᠨ ᠲᠥᠬᠦᠭᠡᠷᠦᠮᠵᠢ ᠶᠢ ᠤᠭᠰᠠᠷᠠᠬᠤ᠂ ᠲᠤᠷᠰᠢᠨ ᠲᠣᠬᠢᠷᠠᠭᠤᠯᠵᠤ | ᠬᠠᠷᠭᠤᠭᠤᠯᠵᠤ ᠪᠠᠷᠠᠭᠰᠠᠨ ᠤ ᠳᠠᠷᠠᠭ᠎ᠠ᠂ ︽ᠭᠦᠨ ᠰᠤᠯᠠᠷᠠᠭᠤᠯᠬᠤ ᠠᠯᠤᠰ ᠡᠵᠡᠮᠰᠢᠯᠲᠦ ᠬᠢᠨᠠᠨ ᠬᠡᠮᠵᠢᠬᠦ ᠠᠵᠢᠯ ᠤᠨ | ᠮᠠᠰᠢᠨ ᠴᠣᠭᠴᠠᠯᠠᠪᠤᠷᠢ ᠶᠢᠨ ᠳᠡᠩᠰᠡᠯᠡᠨ ᠲᠡᠮᠳᠡᠭᠯᠡᠬᠦ ᠬᠦᠰᠦᠨᠦᠭᠲᠦ︾ ︵ᠳᠠᠭᠠᠯᠳᠤᠭᠤᠯᠤᠯ 4︶ ᠶᠢ ᠲᠠᠭᠯᠠᠨ᠎ᠠ᠃ | ᠬᠤᠰᠢᠭᠤᠨ ᠤ ᠲᠠᠷᠢᠶᠠᠯᠠᠩ ᠮᠠᠯᠵᠢᠯ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠲᠠᠷᠢᠶᠠᠯᠠᠩ ᠤᠨ | ᠮᠡᠷᠭᠡᠵᠢᠯ ᠢ ᠳᠡᠯᠭᠡᠷᠡᠭᠦᠯᠬᠦ ᠲᠥᠪ ᠠᠴᠠ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ︵ | ᠲᠠᠷᠢᠶᠠᠯᠠᠩ ᠤᠨ ᠮᠠᠰᠢᠨ ᠤ ᠡᠷᠦᠬᠡ︶᠂ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠮᠠᠰᠢᠨ | ᠴᠣᠭᠴᠠᠯᠠᠪᠤᠷᠢ ᠪᠠ ᠬᠢᠨᠠᠨ ᠬᠡᠮᠵᠢᠬᠦ ᠲᠥᠬᠦᠭᠡᠷᠦᠮᠵᠢ ᠶᠢ ᠪᠦᠷᠢᠳᠬᠡᠨ ᠳᠠᠩᠰᠠᠯᠠᠨ᠎ᠠ᠂ᠡᠭᠦᠨ ᠤ ᠬᠠᠮᠲᠤ ᠲᠤᠭ᠎ᠠ | ᠪᠠᠷᠢᠮᠲᠠ ᠶᠢ ᠰᠢᠢᠳᠪᠦᠷᠢᠯᠡᠬᠦ ᠲᠠᠪᠴᠠᠩ ᠤᠨ ᠠᠵᠤ ᠠᠬᠤᠶᠢᠯᠠᠯ ᠯᠤᠭ᠎ᠠ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ | ᠬᠠᠮᠠᠭᠠᠯᠠᠬᠤ᠂ ᠬᠠᠳᠠᠭᠠᠯᠠᠬᠤ ᠵᠥᠪᠯᠡᠯᠴᠡᠭᠡᠷ ᠲᠣᠭᠲᠠᠨ᠎ᠠ ︵ᠲᠤᠭ᠎ᠠ ᠪᠠᠷᠢᠮᠲᠠ ᠶᠢ ᠰᠢᠢᠳᠪᠦᠷᠢᠯᠡᠬᠦ ᠲᠠᠪᠴᠠᠩ ᠤᠨ ᠠᠵᠤ | ᠠᠬᠤᠶᠢᠯᠠᠯ ᠬᠢᠭᠡᠳ ᠬᠤᠲᠠ ᠶᠢᠨ ᠲᠠᠷᠢᠶᠠᠯᠠᠩ ᠤᠨ ᠮᠠᠰᠢᠨᠴᠢᠯᠠᠯᠲᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ | ᠦᠢᠯᠡᠴᠢᠯᠡᠭᠡᠨ ᠤ ᠰᠢᠰᠲ᠋ᠧᠮ ᠢ ᠵᠣᠯᠭᠠᠭᠤᠯᠬᠤ ᠶᠢᠨ ᠬᠠᠮᠲᠤ ᠠᠵᠢᠯ ᠤᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ | ᠣᠨᠣᠪᠴᠢᠲᠠᠶ ᠳᠠᠮᠵᠢᠭᠤᠯᠬᠤ ᠵᠡᠷᠭᠡ ᠠᠭᠤᠯᠭ᠎ᠠ ᠶᠢ ᠪᠠᠭᠲᠠᠭᠠᠨ᠎ᠠ︶᠃ | ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠢ ᠬᠡᠷᠡᠭᠵᠢᠭᠦᠯᠬᠦ ᠠᠴᠠ ᠡᠮᠦᠨ᠎ᠡ᠂ ᠬᠤᠰᠢᠭᠤᠨ ᠤ | ᠲᠠᠷᠢᠶᠠᠯᠠᠩ ᠮᠠᠯᠵᠢᠯ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠲᠠᠷᠢᠶᠠᠯᠠᠩ ᠤᠨ ᠮᠡᠷᠭᠡᠵᠢᠯ ᠤᠨ | ᠳᠡᠯᠭᠡᠷᠡᠭᠦᠯᠦᠯᠲᠡ ᠶᠢᠨ ᠲᠥᠪ ᠠᠴᠠ ᠠᠵᠢᠯᠯᠠᠬᠤ ᠮᠠᠰᠢᠨ ᠴᠣᠭᠴᠠᠯᠠᠪᠤᠷᠢ ᠪᠠ ᠠᠯᠤᠰ ᠡᠵᠡᠮᠰᠢᠯᠲᠤ ᠬᠢᠨᠠᠨ ᠬᠡᠮᠵᠢᠬᠦ | ᠲᠥᠬᠦᠭᠡᠷᠦᠮᠵᠢ ᠶᠢ ᠲᠤᠷᠰᠢᠨ ᠲᠣᠬᠢᠷᠠᠭᠤᠯᠵᠤ ᠬᠢᠨᠠᠨ ᠬᠠᠷᠭᠤᠭᠤᠯᠬᠤ ᠠᠵᠢᠯ ᠢ ᠶᠠᠪᠤᠭᠳᠠᠭᠤᠯᠤᠨ᠎ᠠ᠃ ᠲᠤᠷᠰᠢᠨ | ᠲᠣᠬᠢᠷᠠᠭᠤᠯᠵᠤ ᠬᠠᠷᠭᠤᠭᠤᠯᠬᠤ ᠳᠠᠭᠠᠨ ᠬᠠᠷᠢᠴᠠᠩᠭᠤᠢ ᠲᠡᠭᠰᠢᠬᠡᠨ ᠭᠠᠵᠠᠷ ᠢ ᠰᠤᠩᠭᠤᠵᠤ᠂ ᠮᠠᠰᠢᠨ ᠴᠣᠭᠴᠠᠯᠠᠪᠤᠷᠢ ᠶᠢ | ᠲᠣᠭᠲᠠᠭᠰᠠᠨ ᠠᠵᠢᠯ ᠤᠨ ᠭᠦᠨᠴᠡ ᠳᠤ ᠲᠣᠬᠢᠷᠠᠭᠤᠯᠤᠨ ᠲᠤᠷᠰᠢᠨ ᠠᠵᠢᠯᠯᠠᠭᠤᠯᠵᠤ᠂ ᠠᠵᠢᠯ ᠤᠨ ᠶᠠᠰᠤ ᠴᠢᠨᠠᠷ ᠢ | ᠠᠯᠤᠰ ᠡᠵᠡᠮᠰᠢᠯᠲᠤ ᠬᠢᠨᠠᠨ ᠬᠡᠮᠵᠢᠬᠦ ᠪᠠ ᠬᠥᠮᠥᠨ ᠤ ᠬᠦᠴᠦ ᠪᠠᠷ ᠪᠠᠶᠢᠴᠠᠭᠠᠨ ᠰᠢᠯᠭᠠᠬᠤ ᠬᠡᠷᠡᠭᠲᠡᠢ︔ ᠬᠥᠮᠥᠨ ᠤ | ᠬᠦᠴᠦ ᠪᠠᠷ ᠪᠠᠶᠢᠴᠠᠭᠠᠨ ᠬᠡᠮᠵᠢᠭᠰᠡᠨ ᠲᠤᠭ᠎ᠠ ᠪᠠᠷᠢᠮᠲᠠ ᠲᠠᠢ ᠬᠠᠷᠢᠴᠠᠭᠤᠯᠵᠤ᠂ ᠠᠯᠤᠰ ᠡᠵᠡᠮᠰᠢᠯᠲᠤ ᠬᠢᠨᠠᠨ ᠬᠡᠮᠵᠢᠬᠦ | ᠲᠥᠬᠦᠭᠡᠷᠦᠮᠵᠢ ᠶᠢ ᠲᠤᠷᠰᠢᠨ ᠲᠣᠬᠢᠷᠠᠭᠤᠯᠵᠤ᠂ ᠠᠯᠤᠰ ᠡᠵᠡᠮᠰᠢᠯᠲᠤ ᠬᠢᠨᠠᠨ ᠬᠡᠮᠵᠢᠬᠦ ᠠᠵᠢᠯ ᠤᠨ ᠲᠠᠯᠠᠪᠠᠶ ᠶᠢᠨ | ᠲᠤᠭ᠎ᠠ ᠪᠠᠷᠢᠮᠲᠠ ᠶᠢ ᠬᠥᠮᠥᠨ ᠤ ᠬᠦᠴᠦ ᠪᠠᠷ ᠪᠠᠶᠢᠴᠠᠭᠠᠨ ᠬᠡᠮᠵᠢᠭᠰᠡᠨ ᠲᠠᠯᠠᠪᠠᠶ ᠶᠢᠨ ᠲᠤᠭ᠎ᠠ ᠪᠠᠷᠢᠮᠲᠠ ᠯᠤᠭ᠎ᠠ | ᠬᠠᠷᠢᠯᠴᠠᠨ ᠠᠪᠴᠠᠯᠳᠤᠭᠤᠯᠵᠤ ︵ᠲᠣᠭᠲᠠᠭᠠᠭᠰᠠᠨ ᠠᠯᠳᠠᠪᠤᠷᠢ ᠶᠢᠨ ᠬᠡᠪᠴᠢᠶᠡᠨ ᠳᠣᠲᠣᠷ᠎ᠠ︶᠂ ᠠᠯᠤᠰ ᠡᠵᠡᠮᠰᠢᠯᠲᠤ | ᠬᠢᠨᠠᠨ ᠬᠡᠮᠵᠢᠬᠦ ᠶᠢᠨ ᠭᠦᠨ ᠰᠤᠯᠠᠷᠠᠭᠰᠠᠨ ᠭᠦᠨᠴᠡ ᠶᠢᠨ ᠬᠢᠷᠢ ᠲᠡᠩᠴᠡᠭᠰᠡᠨ ᠨᠣᠷᠮ᠎ᠠ ᠪᠤᠶᠤ ᠪᠠᠷᠢᠮᠵᠢᠶ᠎ᠠ ᠳᠤ | ᠬᠦᠷᠦᠭᠰᠡᠨ ᠨᠣᠷᠮ᠎ᠠ ᠶᠢᠨ ᠲᠤᠭ᠎ᠠ ᠪᠠᠷᠢᠮᠲᠠ ᠶᠢ ᠬᠥᠮᠥᠨ ᠤ ᠬᠦᠴᠦ ᠪᠠᠷ ᠪᠠᠶᠢᠴᠠᠭᠠᠨ ᠬᠡᠮᠵᠢᠭᠰᠡᠨ ᠭᠦᠨ | ᠰᠤᠯᠠᠷᠠᠭᠤᠯᠤᠭᠰᠠᠨ ᠭᠦᠨᠴᠡ ᠶᠢᠨ ᠬᠢᠷᠢ ᠲᠡᠩᠴᠡᠭᠰᠡᠨ ᠨᠣᠷᠮ᠎ᠠ ᠶᠢᠨ ᠲᠤᠭ᠎ᠠ ᠪᠠᠷᠢᠮᠲᠠ ᠯᠤᠭ᠎ᠠ ᠦᠨᠳᠦᠰᠦᠨ ᠳᠡᠭᠡᠨ | ᠠᠳᠠᠯᠢ ᠪᠠᠶᠢᠯᠭᠠᠨ᠎ᠠ᠃ | ︵ᠬᠤᠶᠠᠷ︶ ᠠᠯᠤᠰ ᠡᠵᠡᠮᠰᠢᠯᠲᠤ ᠬᠢᠨᠠᠨ ᠬᠡᠮᠵᠢᠬᠦ ᠠᠵᠢᠯ ᠤᠨ ᠶᠠᠰᠤ ᠴᠢᠨᠠᠷ ᠢ ᠡᠵᠡᠮᠳᠡᠬᠦ ᠭᠦᠢᠴᠡᠳᠬᠡᠬᠦ | ᠲᠤᠭ᠎ᠠ ᠶᠢ ᠲᠣᠭᠲᠠᠭᠠᠬᠤ ᠪᠠ ᠭᠦᠢᠴᠡᠳᠬᠡᠬᠦ ᠲᠤᠭ᠎ᠠ ᠶᠢ ᠬᠡᠷᠡᠭᠯᠡᠬᠦ᠃ ᠠᠯᠤᠰ ᠡᠵᠡᠮᠰᠢᠯᠲᠦ ᠬᠢᠨᠠᠨ ᠬᠡᠮᠵᠢᠯᠲᠡ ᠶᠢᠨ | ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠭᠦᠨᠴᠡ ᠶᠢᠨ ᠬᠢᠷᠢ ᠲᠡᠩᠴᠡᠭᠰᠡᠨ ᠨᠣᠷᠮ᠎ᠠ ᠪᠤᠶᠤ | ᠪᠠᠷᠢᠮᠵᠢᠶ᠎ᠠ ᠳᠤ ᠬᠦᠷᠦᠭᠰᠡᠨ ᠨᠣᠷᠮ᠎ᠠ ᠪᠠᠷ ᠠᠯᠤᠰ ᠡᠵᠡᠮᠰᠢᠯᠲᠦ ᠬᠢᠨᠠᠨ ᠬᠡᠮᠵᠢᠬᠦ ᠠᠵᠢᠯ ᠤᠨ ᠶᠠᠰᠤ ᠴᠢᠨᠠᠷ ᠢ ᠡᠵᠡᠮᠳᠡᠬᠦ | ᠭᠦᠢᠴᠡᠳᠬᠡᠯ ᠲᠤᠭ᠎ᠠ ᠪᠣᠯᠭᠠᠵᠤ᠂ ᠲᠠᠯ᠎ᠠ ᠭᠠᠵᠠᠷ ᠤᠨ ᠭᠠᠵᠠᠷ ᠣᠷᠣᠨ ᠤ ᠶᠠᠰᠤ ᠴᠢᠨᠠᠷ ᠢ ᠡᠵᠡᠮᠳᠡᠬᠦ ᠭᠦᠢᠴᠡᠳᠬᠡᠯ | ᠲᠤᠭ᠎ᠠ ᠶᠢᠨ ᠬᠡᠮᠵᠢᠭᠳᠡᠯ ᠢ 90% ᠪᠠᠷ ᠲᠣᠭᠲᠠᠭᠠᠵᠤ᠂ ᠳᠣᠪᠣᠷᠬᠠᠭ ᠭᠠᠵᠠᠷ ᠣᠷᠣᠨ ᠤ ᠶᠠᠰᠤ ᠴᠢᠨᠠᠷ ᠢ ᠡᠵᠡᠮᠳᠡᠬᠦ | ᠭᠦᠢᠴᠡᠳᠬᠡᠯ ᠲᠤᠭ᠎ᠠ ᠶᠢᠨ ᠬᠡᠮᠵᠢᠭᠳᠡᠯ ᠢ 85% ᠪᠠᠷ ᠲᠣᠭᠲᠠᠭᠠᠨ᠎ᠠ᠃ ᠭᠦᠨ ᠰᠤᠯᠠᠷᠠᠭᠤᠯᠤᠭᠰᠠᠨ ᠭᠦᠨᠴᠡ ᠶᠢᠨ | ᠬᠢᠷᠢ ᠲᠡᠩᠴᠡᠭᠰᠡᠨ ᠨᠣᠷᠮ᠎ᠠ ᠪᠤᠶᠤ ᠪᠠᠷᠢᠮᠵᠢᠶ᠎ᠠ ᠳᠤ ᠬᠦᠷᠦᠭᠰᠡᠨ ᠨᠣᠷᠮ᠎ᠠ ᠨᠢ ᠶᠠᠰᠤ ᠴᠢᠨᠠᠷ ᠤᠨ ᠡᠵᠡᠮᠳᠡᠯ ᠤᠨ | ᠵᠢᠭᠠᠯᠲᠠ ᠬᠡᠮᠵᠢᠭᠳᠡᠯ ᠳᠤ ᠬᠦᠷᠦᠭᠰᠡᠨ ᠠᠵᠢᠯ ᠤᠨ ᠬᠡᠰᠡᠭ ᠪᠦᠬᠦᠨ ᠢ ︽ᠠᠯᠤᠰ ᠡᠵᠡᠮᠰᠢᠯᠲᠤ ᠬᠢᠨᠠᠨ ᠬᠡᠮᠵᠢᠭᠡᠳ ᠬᠢᠷᠢ | ᠲᠡᠩᠴᠡᠭᠰᠡᠨ ᠬᠡᠰᠡᠭ︾ ᠢᠶᠠᠷ ᠮᠠᠭᠠᠳᠯᠠᠨ ᠲᠣᠭᠲᠠᠭᠠᠨ᠎ᠠ︔ ᠭᠦᠨᠴᠡ ᠶᠢᠨ ᠬᠢᠷᠢ ᠲᠡᠩᠴᠡᠭᠰᠡᠨ ᠨᠣᠷᠮ᠎ᠠ ᠪᠤᠶᠤ | ᠪᠠᠷᠢᠮᠵᠢᠶ᠎ᠠ ᠳᠤ ᠬᠦᠷᠦᠭᠰᠡᠨ ᠨᠣᠷᠮ᠎ᠠ ᠨᠢ ᠶᠠᠰᠤ ᠴᠢᠨᠠᠷ ᠢ ᠡᠵᠡᠮᠳᠡᠬᠦ ᠭᠦᠢᠴᠡᠳᠬᠡᠯ ᠲᠤᠭ᠎ᠠ ᠶᠢᠨ ᠬᠡᠮᠵᠢᠭᠳᠡᠯ ᠳᠤ | ᠬᠦᠷᠦᠭᠰᠡᠨ ᠦᠭᠡᠢ ᠭᠠᠵᠠᠷ ᠢ ᠬᠢᠷᠢ ᠲᠡᠩᠴᠡᠭᠰᠡᠨ ᠦᠭᠡᠢ ᠭᠠᠵᠠᠷ ᠢᠶᠠᠷ ᠮᠠᠭᠠᠳᠯᠠᠨ ᠲᠣᠭᠲᠠᠭᠠᠵᠤ᠂ ᠬᠢᠷᠢ | ᠲᠡᠩᠴᠡᠭᠰᠡᠨ ᠦᠭᠡᠢ ᠭᠠᠵᠠᠷ ᠲᠤ ᠠᠵᠢᠯ ᠤᠨ ᠨᠥᠬᠦᠪᠦᠷᠢ ᠬᠦᠷᠲᠡᠭᠡᠵᠦ ᠪᠣᠯᠬᠤ ᠦᠭᠡᠢ᠃ | ︵ᠭᠤᠷᠪᠠ︶ ᠠᠵᠢᠯᠯᠠᠬᠤ ᠮᠠᠰᠢᠨ ᠴᠣᠭᠴᠠᠯᠠᠪᠤᠷᠢ ᠶᠢᠨ ᠮᠡᠳᠡᠭᠡ ᠵᠠᠩᠭᠢ ᠶᠢ ᠨᠡᠶᠢᠲᠡᠯᠡᠨ᠎ᠡ᠃ ᠲᠠᠷᠢᠶᠠᠨ | ᠭᠠᠵᠠᠷ ᠢ ᠭᠦᠨ ᠰᠤᠯᠠᠷᠠᠭᠤᠯᠬᠤ ᠠᠵᠢᠯ ᠢ ᠰᠠᠶᠢᠨ ᠳᠤᠷ᠎ᠠ ᠠᠴᠠ ᠪᠠᠨ ᠡᠭᠦᠷᠭᠡᠯᠡᠵᠦ ᠪᠠᠶᠢᠭ᠎ᠠ ᠲᠠᠷᠢᠶᠠᠯᠠᠩ ᠤᠨ | ᠮᠠᠰᠢᠨ ᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠤᠶᠤ ᠲᠠᠷᠢᠶᠠᠯᠠᠩ ᠤᠨ ᠮᠠᠰᠢᠨ ᠤ ᠡᠷᠦᠬᠡ ᠨᠢ ᠬᠤᠰᠢᠭᠤᠨ ᠤ | ᠲᠠᠷᠢᠶᠠᠯᠠᠩ ᠮᠠᠯᠵᠢᠯ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ | ᠲᠥᠪ ᠲᠤ ᠨᠥᠬᠦᠪᠦᠷᠢ ᠥᠭᠬᠦ ᠠᠵᠢᠯ ᠢ ᠪᠦᠷᠢᠳᠬᠡᠨ ᠳᠠᠩᠰᠠᠯᠠᠭᠤᠯᠬᠤ ᠪᠠᠷ ᠭᠤᠶᠤᠴᠢᠯᠠᠬᠤ ᠶᠢᠨ ᠬᠠᠮᠲᠤ᠂ ᠠᠵᠢᠯ ᠤᠨ | ᠶᠠᠰᠤ ᠴᠢᠨᠠᠷ᠂ ᠬᠠᠷᠢᠭᠤᠴᠠᠯᠭ᠎ᠠ ᠡᠭᠦᠷᠭᠡ ᠵᠡᠷᠭᠡ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ ᠵᠢᠷᠤᠨ᠎ᠠ᠃ | ᠬᠤᠰᠢᠭᠤᠨ ᠤ ᠲᠠᠷᠢᠶᠠᠯᠠᠩ ᠮᠠᠯᠵᠢᠯ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠲᠠᠷᠢᠶᠠᠯᠠᠩ ᠤᠨ ᠮᠡᠷᠭᠡᠵᠢᠯ ᠢ | ᠳᠡᠯᠭᠡᠷᠡᠭᠦᠯᠬᠦ ᠲᠥᠪ ᠠᠴᠠ ᠪᠦᠷᠢᠳᠬᠡᠨ ᠳᠠᠩᠰᠠᠯᠠᠭᠤᠯᠤᠭᠰᠠᠨ ᠤ ᠳᠠᠷᠠᠭᠠᠬᠢ ᠲᠠᠷᠢᠶᠠᠯᠠᠩ ᠤᠨ ᠮᠠᠰᠢᠨ ᠤ ᠠᠵᠢᠯ ᠤᠨ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠤᠶᠤ ᠲᠠᠷᠢᠶᠠᠯᠠᠩ ᠤᠨ ᠮᠠᠰᠢᠨ ᠤ ᠡᠷᠦᠬᠡ ᠵᠢᠴᠢ ᠲᠠᠷᠢᠶᠠᠨ ᠭᠠᠵᠠᠷ ᠢ | ᠭᠦᠨ ᠰᠤᠯᠠᠷᠠᠭᠤᠯᠬᠤ ᠠᠵᠢᠯ ᠤᠨ ᠮᠠᠰᠢᠨ ᠴᠣᠭᠴᠠᠯᠠᠪᠤᠷᠢ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠵᠠᠭᠤᠴᠢ᠂ | ᠸᠢᠴᠠᠲ ᠤᠨ ᠠᠵᠢᠯ ᠤᠨ ᠪᠦᠯᠦᠭ᠂ ᠭᠠᠴᠠᠭ᠎ᠠ ᠲᠣᠰᠬᠤᠨ ᠤ ᠵᠠᠷᠯᠠᠨ ᠨᠡᠶᠢᠲᠡᠯᠡᠬᠦ ᠪᠤᠯᠤᠩ ᠵᠡᠷᠭᠡ ᠠᠷᠭ᠎ᠠ ᠬᠡᠯᠪᠡᠷᠢ ᠪᠠᠷ | ᠳᠠᠮᠵᠢᠭᠤᠯᠤᠨ᠂ ᠮᠡᠳᠡᠪᠡᠰᠦ ᠵᠣᠬᠢᠬᠤ ᠬᠡᠪᠴᠢᠶᠡᠨ ᠳᠤ ᠨᠡᠶᠢᠲᠡᠯᠡᠨ᠎ᠡ᠃ | ︵ᠳᠥᠷᠪᠡ︶ ᠭᠦᠨ ᠰᠤᠯᠠᠷᠠᠭᠤᠯᠵᠤ ᠭᠠᠵᠠᠷ ᠲᠡᠭᠰᠢᠯᠡᠬᠦ ᠠᠵᠢᠯ ᠢ ᠥᠷᠨᠢᠭᠦᠯᠦᠨ᠎ᠡ᠃ ᠭᠠᠵᠠᠷ ᠰᠢᠷᠣᠢ | ᠡᠵᠡᠩᠨᠡᠭᠴᠢ ᠨᠢ ᠨᠢᠭᠡᠨᠲᠡ ᠨᠡᠶᠢᠲᠡᠯᠡᠭᠰᠡᠨ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ ᠪᠤᠶᠤ ᠲᠠᠷᠢᠶᠠᠯᠠᠩ ᠤᠨ ᠮᠠᠰᠢᠨ ᠤ ᠡᠷᠦᠭᠡ ᠶᠢ ᠪᠡᠶ᠎ᠡ ᠪᠠᠨ ᠳᠠᠭᠠᠭᠠᠵᠤ ᠬᠥᠯᠥᠰᠦᠯᠡᠨ ᠲᠡᠭᠦᠨ ᠳᠤ | ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠦᠢᠯᠡᠴᠢᠯᠡᠭᠡ ᠬᠠᠩᠭᠠᠪᠠᠯ᠂ ᠬᠤᠶᠠᠷ ᠲᠠᠯ᠎ᠠ ᠪᠠᠷ ᠢᠶᠠᠨ ᠭᠦᠨ | ᠰᠤᠯᠠᠷᠠᠭᠤᠯᠬᠤ ᠠᠵᠢᠯ ᠤᠨ ᠭᠡᠷ᠎ᠡ ᠲᠣᠭᠲᠠᠭᠠᠵᠤ᠂ ᠭᠦᠨ ᠰᠤᠯᠠᠷᠠᠭᠤᠯᠬᠤ ᠲᠠᠯᠠᠪᠠᠢ᠂ ᠠᠵᠢᠯ ᠤᠨ ᠶᠠᠰᠤ ᠴᠢᠨᠠᠷ᠂ | ᠠᠵᠢᠯ ᠤᠨ ᠦᠨ᠎ᠡ᠂ ᠰᠦᠢᠳᠬᠡᠯ ᠬᠤᠷᠢᠶᠠᠬᠤ ᠠᠷᠭ᠎ᠠ ᠮᠠᠶ᠋ᠢᠭ ︵ᠵᠥᠷᠢᠶᠡᠲᠦ ᠦᠨ᠎ᠡ ᠪᠠᠷ ᠰᠦᠢᠳᠬᠡᠯ ᠬᠤᠷᠢᠶᠠᠬᠤ᠂ | ᠪᠦᠬᠦ ᠦᠨ᠎ᠡ ᠪᠠᠷ ᠰᠦᠢᠳᠬᠡᠯ ᠬᠤᠷᠢᠶᠠᠬᠤ︶ ᠵᠡᠷᠭᠡ ᠶᠢ ᠲᠣᠳᠣᠷᠬᠠᠶᠢᠯᠠᠬᠤ ᠬᠡᠷᠡᠭᠲᠡᠢ᠃ ᠲᠠᠷᠢᠶᠠᠯᠠᠩ ᠤᠨ ᠮᠠᠰᠢᠨ ᠢᠶᠠᠷ | ᠠᠵᠢᠯᠯᠠᠬᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠤᠶᠤ ᠲᠠᠷᠢᠶᠠᠯᠠᠩ ᠤᠨ ᠮᠠᠰᠢᠨ ᠤ ᠡᠷᠦᠬᠡ ᠨᠦᠭᠦᠳ | ᠠᠵᠢᠯᠯᠠᠬᠤ ᠡᠭᠦᠷᠭᠡ ᠪᠠᠨ ᠴᠠᠭ ᠲᠤᠬᠠᠢ ᠳᠤᠨᠢ ᠪᠡᠶᠡᠯᠡᠭᠦᠯᠬᠦ ᠬᠡᠷᠡᠭᠲᠡᠢ︔ ᠠᠵᠢᠯᠯᠠᠬᠤ ᠶᠠᠪᠤᠴᠠ ᠳᠤ ᠠᠯᠤᠰ | ᠡᠵᠡᠮᠰᠢᠯᠲᠦ ᠬᠢᠨᠠᠨ ᠬᠡᠮᠵᠢᠬᠦ ᠲᠥᠬᠦᠭᠡᠷᠦᠮᠵᠢ ᠶᠢᠨ ᠠᠵᠢᠯ ᠤᠨ ᠬᠡᠪ ᠤᠨ ᠪᠠᠶᠢᠳᠠᠯ ᠢ ᠪᠠᠲᠤᠯᠠᠬᠤ ᠶᠢᠨ ᠬᠠᠮᠲᠤ ᠬᠢᠨᠠᠨ | ᠬᠡᠮᠵᠢᠭᠰᠡᠨ ᠮᠡᠳᠡᠭᠡ ᠵᠠᠩᠭᠢ ᠶᠢ ᠦᠨᠳᠦᠰᠦᠯᠡᠨ ᠮᠠᠰᠢᠨ ᠴᠣᠭᠴᠠᠯᠠᠪᠤᠷᠢ ᠶᠢᠨ ᠪᠠᠶᠢᠳᠠᠯ ᠪᠠ ᠠᠵᠢᠯ ᠤᠨ ᠭᠦᠨᠴᠡ ᠶᠢ | ᠴᠠᠭ ᠲᠤᠬᠠᠢ ᠳᠤᠨᠢ ᠲᠣᠬᠢᠷᠠᠭᠤᠯᠵᠤ᠂ ᠠᠵᠢᠯ ᠤᠨ ᠶᠠᠰᠤ ᠴᠢᠨᠠᠷ ᠢ ᠪᠠᠲᠤᠯᠠᠬᠤ ᠬᠡᠷᠡᠭᠲᠡᠢ︔ ᠠᠵᠢᠯᠯᠠᠬᠤ ᠮᠠᠰᠢᠨᠴᠢ | ᠬᠢᠭᠡᠳ ᠭᠠᠵᠠᠷ ᠰᠢᠷᠣᠢ ᠡᠵᠡᠩᠨᠡᠭᠴᠢ ᠬᠤᠶᠠᠷ ᠲᠠᠯ᠎ᠠ ᠪᠠᠷ ᠢᠶᠠᠨ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ | ᠳᠠᠭᠤᠰᠤᠭᠰᠠᠨ ᠤ ᠳᠠᠷᠠᠭ᠎ᠠ ︽ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠬᠠᠭᠤᠳᠠᠰᠤ︾ ᠶᠢ ᠴᠠᠭ | ᠲᠤᠬᠠᠢ ᠳᠤᠨᠢ ᠲᠠᠭᠯᠠᠨ ᠪᠢᠴᠢᠬᠦ ᠬᠡᠷᠡᠭᠲᠡᠢ︔ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ ᠪᠤᠶᠤ ᠲᠠᠷᠢᠶᠠᠯᠠᠩ ᠤᠨ ᠮᠠᠰᠢᠨ ᠤ ᠡᠷᠦᠬᠡ ︽ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ | ᠬᠠᠭᠤᠳᠠᠰᠤ︾ ᠶᠢ ᠴᠠᠭ ᠲᠤᠬᠠᠢ ᠳᠤᠨᠢ ᠬᠠᠷᠭᠤᠭᠤᠯᠬᠤ ᠶᠢᠨ ᠬᠠᠮᠲᠤ ᠠᠵᠢᠯᠯᠠᠬᠤ ᠭᠡᠷ᠎ᠡ ᠲᠠᠢ ᠬᠠᠮᠲᠤ ᠳᠤᠨᠢ ᠡᠯ᠎ᠡ | ᠰᠤᠮᠤ ᠰᠢᠶᠠᠩ ᠪᠠᠯᠭᠠᠰᠤ ᠲᠠᠯᠠᠪᠠᠶ ᠶᠢᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠲᠤ | ᠮᠡᠳᠡᠭᠦᠯᠵᠦ᠂ ᠡᠯ᠎ᠡ ᠰᠤᠮᠤ ᠰᠢᠶᠠᠩ ᠪᠠᠯᠭᠠᠰᠤ ᠲᠠᠯᠠᠪᠠᠶ ᠶᠢ ᠬᠤᠷᠢᠶᠠᠩᠭᠤᠶᠢᠯᠠᠭᠰᠠᠨ ᠤ ᠳᠠᠷᠠᠭ᠎ᠠ ᠬᠠᠮᠲᠤ ᠳᠤᠨᠢ | ᠬᠤᠰᠢᠭᠤᠨ ᠤ ᠲᠠᠷᠢᠶᠠᠯᠠᠩ ᠮᠠᠯᠵᠢᠯ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠲᠠᠷᠢᠶᠠᠯᠠᠩ ᠤᠨ ᠮᠡᠷᠭᠡᠵᠢᠯ | ᠳᠡᠯᠭᠡᠷᠡᠭᠦᠯᠬᠦ ᠲᠥᠪ ᠲᠤ ᠮᠡᠳᠡᠭᠦᠯᠬᠦ ᠬᠡᠷᠡᠭᠲᠡᠢ᠃ | ︵ᠲᠠᠪᠤ︶ ᠠᠵᠢᠯ ᠤᠨ ᠶᠠᠰᠤ ᠴᠢᠨᠠᠷ ᠬᠢᠭᠡᠳ ᠲᠠᠯᠠᠪᠠᠶ ᠶᠢ ᠰᠤᠭᠤᠴᠢᠨ ᠪᠠᠶᠢᠴᠠᠭᠠᠵᠤ ᠳᠠᠬᠢᠨ ᠬᠢᠨᠠᠬᠤ | 1. ᠠᠵᠢᠯ ᠤᠨ ᠶᠠᠰᠤ ᠴᠢᠨᠠᠷ ᠬᠢᠭᠡᠳ ᠲᠠᠯᠠᠪᠠᠶ ᠶᠢ ᠬᠥᠮᠥᠨ ᠤ ᠬᠦᠴᠦ ᠪᠠᠷ ᠰᠤᠭᠤᠴᠢᠨ ᠪᠠᠶᠢᠴᠠᠭᠠᠨ᠎ᠠ᠃ | ᠡᠯ᠎ᠡ ᠰᠤᠮᠤ ᠰᠢᠶᠠᠩ ᠪᠠᠯᠭᠠᠰᠤ ᠲᠠᠯᠠᠪᠠᠶ ᠶᠢᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠨᠢ | ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠬᠤᠭᠤᠴᠠᠭᠠᠨ ᠳᠤ ᠳᠠᠩᠰᠠᠯᠠᠭᠤᠯᠤᠭᠰᠠᠨ ᠮᠠᠰᠢᠨ | ᠴᠣᠭᠴᠠᠯᠠᠪᠤᠷᠢ ᠶᠢᠨ ᠠᠵᠢᠯ ᠤᠨ ᠶᠠᠰᠤ ᠴᠢᠨᠠᠷ ᠲᠤ ᠴᠠᠭ ᠲᠤᠬᠠᠢ ᠳᠤᠨᠢ ᠲᠤᠬᠢᠷᠠᠭᠤᠯᠤᠯᠲᠠ ᠬᠢᠵᠤ ᠬᠥᠮᠥᠨ ᠤ | ᠬᠦᠴᠦ ᠪᠠᠷ ᠰᠤᠭᠤᠴᠢᠨ ᠪᠠᠶᠢᠴᠠᠭᠠᠬᠤ ᠶᠢ ᠥᠷᠨᠢᠭᠦᠯᠵᠦ᠂ ᠬᠥᠮᠥᠨ ᠤ ᠬᠦᠴᠦ ᠪᠠᠷ ᠰᠤᠭᠤᠴᠢᠨ ᠪᠠᠶᠢᠴᠠᠭᠠᠬᠤ ᠶᠢ | ᠪᠦᠬᠦᠨ ᠢ ᠬᠠᠮᠤᠷᠬᠤ ᠶᠢ ᠬᠡᠷᠡᠭᠵᠢᠭᠦᠯᠦᠨ᠂ ᠠᠵᠢᠯ ᠤᠨ ᠶᠠᠰᠤ ᠴᠢᠨᠠᠷ ᠨᠢ ᠲᠣᠭᠲᠠᠭᠤᠨ ᠪᠤᠰᠤ ᠵᠢᠴᠢ ᠳᠣᠬᠢᠶ᠎ᠠ ᠦᠭᠡᠢ | ᠣᠷᠣᠨ ᠳᠤ ᠠᠵᠢᠯᠯᠠᠵᠤ ᠪᠠᠶᠢᠭ᠎ᠠ ᠮᠠᠰᠢᠨ ᠴᠣᠭᠴᠠᠯᠠᠪᠤᠷᠢ ᠳᠤ ᠰᠤᠭᠤᠴᠢᠨ ᠪᠠᠶᠢᠴᠠᠭᠠᠬᠤ ᠤᠳᠠᠭ᠎ᠠ ᠶᠢ | ᠨᠡᠮᠡᠭᠳᠡᠭᠦᠯᠬᠦ ᠶᠢᠨ ᠬᠠᠮᠲᠤ ᠬᠥᠮᠥᠨ ᠤ ᠬᠦᠴᠦ ᠪᠠᠷ ᠰᠤᠭᠤᠴᠢᠨ ᠪᠠᠶᠢᠴᠠᠭᠠᠭᠰᠠᠨ ᠲᠡᠮᠳᠡᠭᠯᠡᠯ ᠤᠨ ᠬᠦᠰᠦᠨᠦᠭᠲᠦ ᠶᠢ | ᠲᠠᠭᠯᠠᠬᠤ ᠬᠡᠷᠡᠭᠲᠡᠢ᠃ ᠬᠥᠮᠥᠨ ᠤ ᠬᠦᠴᠦ ᠪᠠᠷ ᠰᠤᠭᠤᠴᠢᠨ ᠪᠠᠶᠢᠴᠠᠭᠠᠬᠤ ᠶᠢ ︽ᠠᠯᠤᠰ ᠡᠵᠡᠮᠰᠢᠯᠲᠦ ᠬᠢᠨᠠᠨ | ᠬᠡᠮᠵᠢᠯᠲᠡ ᠳᠤ ᠬᠢᠷᠢ ᠲᠡᠩᠴᠡᠭᠰᠡᠨ ᠭᠠᠵᠠᠷ︾ ᠲᠤ ᠶᠠᠪᠤᠭᠳᠠᠭᠤᠯᠤᠨ᠎ᠠ᠂ ᠬᠡᠷᠪᠡ ᠬᠥᠮᠥᠨ ᠤ ᠬᠦᠴᠦ ᠪᠠᠷ ᠰᠤᠭᠤᠴᠢᠨ | ᠪᠠᠶᠢᠴᠠᠭᠠᠭᠰᠠᠨ ᠭᠦᠨᠴᠡ ᠶᠢᠨ ᠬᠢᠷᠢ ᠲᠡᠩᠴᠡᠭᠰᠡᠨ ᠨᠣᠷᠮ᠎ᠠ ᠨᠢ 85% ᠠᠴᠠ ᠳᠡᠭᠡᠭᠰᠢ ᠪᠣᠯᠤᠭᠰᠠᠨ ᠪᠥᠭᠡᠳ | ᠬᠠᠭᠠᠯᠪᠤᠷᠢᠯᠠᠬᠤ ᠠᠴᠠ ᠭᠤᠭᠤᠵᠢᠭᠳᠠᠭᠰᠠᠨ ᠦᠭᠡᠢ ᠪᠠᠶᠢᠪᠠᠯ᠂ ᠲᠣᠰ ᠭᠠᠵᠠᠷ ᠨᠢ ᠬᠢᠷᠢ ᠲᠡᠩᠴᠡᠭᠰᠡᠨ ᠭᠠᠵᠠᠷ | ᠪᠣᠯᠣᠨ᠎ᠠ᠂ ᠡᠰᠡ ᠲᠡᠭᠡᠪᠡᠯ ᠬᠢᠷᠢ ᠲᠡᠩᠴᠡᠭᠰᠡᠨ ᠦᠭᠡᠢ ᠭᠠᠵᠠᠷ ᠪᠣᠯᠣᠨ᠎ᠠ︔ ᠬᠡᠷᠪᠡ ᠬᠥᠮᠥᠨ ᠤ ᠬᠦᠴᠦ ᠪᠠᠷ | ᠰᠤᠭᠤᠴᠢᠨ ᠪᠠᠶᠢᠴᠠᠭᠠᠭᠰᠠᠨ ᠭᠦᠨᠴᠡ ᠶᠢᠨ ᠬᠢᠷᠢ ᠲᠡᠩᠴᠡᠭᠰᠡᠨ ᠨᠣᠷᠮ᠎ᠠ ᠨᠢ 85% ᠠᠴᠠ ᠳᠡᠭᠡᠭᠰᠢ ᠪᠣᠯᠤᠭᠰᠠᠨ | ᠪᠠᠶᠢᠪᠠᠯ᠂ ᠲᠣᠰ ᠭᠠᠵᠠᠷ ᠨᠢ ᠬᠢᠷᠢ ᠲᠡᠩᠴᠡᠭᠰᠡᠨ ᠭᠠᠵᠠᠷ ᠪᠣᠯᠣᠨ᠎ᠠ︔ ᠬᠡᠷᠪᠡ ᠬᠥᠮᠥᠨ ᠤ ᠬᠦᠴᠦ ᠪᠠᠷ ᠰᠣᠩᠭᠤᠨ | ᠪᠠᠶᠢᠴᠠᠭᠠᠭᠠᠳ ᠬᠢᠷᠢ ᠲᠡᠩᠴᠡᠭᠰᠡᠨ ᠦᠭᠡᠢ ᠪᠠᠶᠢᠳᠠᠯ ᠭᠠᠷᠪᠠᠯ᠂ ᠲᠤᠰ ᠮᠠᠰᠢᠨ ᠴᠣᠭᠴᠠᠯᠠᠪᠤᠷᠢ ᠶᠢᠨ ᠠᠵᠢᠯᠯᠠᠵᠤ | ᠪᠠᠶᠢᠭ᠎ᠠ ᠭᠠᠵᠠᠷ ᠢ ᠥᠷᠭᠡᠳᠬᠡᠨ ᠰᠣᠩᠭᠤᠨ ᠪᠠᠶᠢᠴᠠᠭᠠᠵᠤ᠂ ᠬᠢᠷᠢ ᠲᠡᠩᠴᠡᠭᠰᠡᠨ ᠦᠭᠡᠢ ᠭᠠᠵᠠᠷ ᠢ ᠪᠦᠬᠦᠨ ᠢ | ᠬᠠᠰᠤᠵᠤ ᠬᠠᠶᠠᠬᠤ ᠬᠡᠷᠡᠭᠲᠡᠢ᠃ ᠡᠭᠦᠨ ᠤ ᠬᠠᠮᠲᠤ ᠬᠥᠮᠥᠨ ᠤ ᠬᠦᠴᠦ ᠪᠠᠷ ᠰᠣᠩᠭᠤᠨ ᠪᠠᠶᠢᠴᠠᠭᠠᠬᠤ ᠲᠡᠮᠳᠡᠭᠯᠡᠯ ᠤᠨ | ᠬᠦᠰᠦᠨᠦᠭᠲᠦ ᠶᠢ ᠲᠠᠭᠯᠠᠨ᠎ᠠ᠂ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠶᠠᠰᠤ ᠴᠢᠨᠠᠷ ᠢ ᠬᠥᠮᠥᠨ ᠤ | ᠬᠦᠴᠦ ᠪᠠᠷ ᠰᠣᠩᠭᠤᠨ ᠪᠠᠶᠢᠴᠠᠭᠠᠬᠤ ᠠᠷᠭ᠎ᠠ ᠶᠢ ᠳᠠᠭᠠᠯᠳᠤᠭᠤᠯᠤᠯ 6 ᠳᠤ ᠨᠠᠷᠢᠪᠴᠢᠯᠠᠨ ᠦᠵᠡᠭᠡᠷᠡᠢ᠃ | 2. ᠠᠵᠢᠯ ᠤᠨ ᠶᠠᠰᠤ ᠴᠢᠨᠠᠷ ᠬᠢᠭᠡᠳ ᠲᠠᠯᠠᠪᠠᠢ ᠶᠢ ᠲᠠᠬᠢᠨ ᠬᠢᠨᠠᠬᠤ᠂ ᠬᠢᠷᠢ ᠲᠡᠩᠴᠡᠭᠰᠡᠨ ᠭᠠᠵᠠᠷ ᠤᠨ | ᠲᠠᠯᠠᠪᠠᠢ ᠶᠢ ᠨᠤᠲᠠᠯᠠᠨ᠎ᠠ᠃ ᠬᠤᠰᠢᠭᠤᠨ ᠤ ᠲᠠᠷᠢᠶᠠᠯᠠᠩ ᠮᠠᠯᠵᠢᠯ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ | ᠲᠠᠷᠢᠶᠠᠯᠠᠩ ᠤᠨ ᠮᠡᠷᠭᠡᠵᠢᠯ ᠤᠨ ᠳᠡᠯᠭᠡᠷᠡᠭᠦᠯᠦᠯᠲᠡ ᠶᠢᠨ ᠲᠥᠪ ᠨᠢ ᠠᠯᠤᠰ ᠡᠵᠡᠮᠰᠢᠯᠲᠦ ᠬᠢᠨᠠᠨ ᠬᠡᠮᠵᠢᠯᠲᠡ ᠶᠢᠨ | ᠬᠠᠮᠢᠶ᠎ᠠ ᠪᠦᠬᠦᠢ ᠮᠡᠳᠡᠭᠡ ᠵᠠᠩᠭᠢ ᠶᠢᠨ ᠲᠤᠭ᠎ᠠ ᠪᠠᠷᠢᠮᠲᠠ ᠲᠠᠢ ᠬᠠᠷᠢᠴᠠᠭᠤᠯᠤᠨ᠂ ︽ᠲᠠᠷᠢᠶᠠᠨ ᠭᠠᠵᠠᠷ ᠢ | ᠰᠤᠯᠠᠷᠠᠭᠤᠯᠬᠤ ᠠᠵᠢᠯ ᠤᠨ ᠬᠠᠭᠤᠳᠠᠰᠤ︾ ᠶᠢᠨ ᠳᠡᠭᠡᠭᠰᠢ ᠮᠡᠳᠡᠭᠦᠯᠦᠭᠰᠡᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ | ᠳᠠᠬᠢᠨ ᠬᠢᠨᠠᠵᠤ᠂ ᠬᠡᠷᠪᠡ ᠬᠤᠶᠠᠭᠤᠯᠠ ᠪᠠᠨ ᠨᠡᠶᠢᠴᠡᠪᠡᠯ᠂ ︽ᠠᠯᠤᠰ ᠡᠵᠡᠮᠰᠢᠯᠲᠦ ᠬᠢᠨᠠᠨ ᠬᠡᠮᠵᠢᠯᠲᠡ ᠳᠤ ᠬᠢᠷᠢ | ᠲᠡᠩᠴᠡᠭᠰᠡᠨ ᠬᠡᠰᠡᠭ︾ ᠠᠴᠠ ᠬᠥᠮᠥᠨ ᠤ ᠬᠦᠴᠦ ᠪᠠᠷ ᠰᠣᠩᠭᠤᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠬᠡᠰᠡᠭ | ᠭᠠᠵᠠᠷ ᠤᠨ ᠲᠠᠯᠠᠪᠠᠶ ᠪᠠ ᠳᠠᠬᠢᠨ ᠲᠠᠷᠢᠶᠠᠯᠠᠬᠤ ᠲᠠᠯᠠᠪᠠᠶ ᠶᠢ ᠬᠠᠰᠤᠨ᠎ᠠ᠂ ᠳᠠᠷᠤᠢ ᠬᠠᠮᠤᠭ ᠡᠴᠦᠰ ᠲᠤ ᠮᠠᠭᠠᠳᠯᠠᠨ | ᠲᠣᠭᠲᠠᠭᠠᠭᠰᠠᠨ ︽ᠬᠢᠷᠢ ᠲᠡᠩᠴᠡᠭᠰᠡᠨ ᠬᠡᠰᠡᠭ ᠭᠠᠵᠠᠷ ᠤᠨ ᠲᠠᠯᠠᠪᠠᠶ︾ ᠪᠣᠯᠣᠨ᠎ᠠ︔ ᠬᠡᠷᠪᠡ ᠬᠤᠶᠠᠭᠤᠯᠠ ᠪᠠᠨ | ᠨᠡᠯᠢᠶᠡᠳ ᠶᠡᠭᠡ ᠵᠥᠷᠢᠶ᠎ᠡ ᠲᠠᠢ ︵ᠵᠢᠱᠢᠶᠡᠯᠡᠪᠡᠯ ᠲᠠᠯᠠᠪᠠᠶ᠂ ᠭᠦᠨᠴᠡ ᠨᠢ ᠲᠠᠪᠴᠠᠩ ᠤᠨ ᠲᠤᠭ᠎ᠠ ᠪᠠᠷᠢᠮᠲᠠ ᠯᠤᠭ᠎ᠠ | ᠢᠯᠡᠳᠲᠡ ᠨᠡᠶᠢᠴᠡᠬᠦ ᠦᠭᠡᠢ ᠵᠡᠷᠭᠡ︶ ᠪᠤᠶᠤ ᠮᠠᠷᠭᠤᠭᠠᠨ ᠲᠠᠢ ᠪᠠᠶᠢᠪᠠᠯ᠂ ᠬᠦᠴᠦᠨ ᠢᠶᠠᠨ ᠵᠣᠬᠢᠶᠠᠨ ᠪᠠᠶᠢᠭᠤᠯᠵᠤ | ᠪᠠᠶᠢᠭᠠᠳ ᠪᠠᠷᠢᠮᠵᠢᠶ᠎ᠠ ᠳᠤ ᠨᠡᠶᠢᠴᠡᠬᠦ ᠦᠭᠡᠢ ᠭᠠᠵᠠᠷ ᠪᠤᠶᠤ ᠮᠠᠷᠭᠤᠭᠠᠨ ᠲᠠᠢ ᠭᠠᠵᠠᠷ ᠣᠷᠣᠨ ᠳᠤ ᠬᠠᠷᠭᠤᠭᠤᠯᠤᠨ | ᠪᠠᠶᠢᠴᠠᠭᠠᠯᠲᠠ ᠬᠢᠵᠦ᠂ ᠬᠠᠷᠭᠤᠭᠤᠯᠤᠨ ᠪᠠᠶᠢᠴᠠᠭᠠᠭᠰᠠᠨ ᠤ ᠳᠠᠷᠠᠭ᠎ᠠ ᠪᠠᠷᠢᠮᠵᠢᠶ᠎ᠠ ᠳᠤ ᠨᠡᠶᠢᠴᠡᠬᠦ ᠠᠵᠢᠯ ᠤᠨ | ᠲᠠᠯᠠᠪᠠᠶ ᠶᠢ ︽ᠬᠢᠷᠢ ᠲᠡᠩᠴᠡᠭᠰᠡᠨ ᠭᠠᠵᠠᠷ ᠤᠨ ᠲᠠᠯᠠᠪᠠᠶ︾ ᠳᠤ ᠣᠷᠣᠭᠤᠯᠬᠤ ᠬᠡᠷᠡᠭᠲᠡᠢ᠃ ᠳᠠᠬᠢᠨ ᠬᠢᠨᠠᠵᠤ | ᠨᠤᠲᠠᠯᠠᠭᠰᠠᠨ ᠤ ᠳᠠᠷᠠᠭ᠎ᠠ ︽ᠬᠢᠷᠢ ᠲᠡᠩᠴᠡᠭᠰᠡᠨ ᠭᠠᠵᠠᠷ ᠤᠨ ᠲᠠᠯᠠᠪᠠᠶ︾ ᠶᠢ ᠬᠤᠷᠢᠶᠠᠩᠭᠤᠶᠢᠯᠠᠵᠤ᠂ ︽ᠭᠦᠨ | ᠰᠤᠯᠠᠷᠠᠭᠤᠯᠬᠤ ᠠᠵᠢᠯ ᠤᠨ ᠰᠢᠯᠭᠠᠨ ᠠᠪᠬᠤ ᠬᠠᠭᠤᠳᠠᠰᠤ︾ ᠶᠢ ᠪᠣᠶ ᠪᠣᠯᠭᠠᠨ᠎ᠠ᠃ | ︵ᠵᠢᠷᠭᠤᠭ᠎ᠠ︶ ᠢᠯᠡ ᠨᠡᠶᠢᠲᠡᠯᠡᠨ᠎ᠡ᠃ ︽ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠢ ᠰᠢᠯᠭᠠᠨ | ᠠᠪᠬᠤ ᠬᠠᠭᠤᠳᠠᠰᠤ︾ ᠶᠢ ᠭᠠᠴᠠᠭᠠᠨ ᠤ ᠶᠠᠪᠤᠳᠠᠯ ᠢ ᠢᠯᠡ ᠪᠣᠯᠭᠠᠬᠤ ᠪᠤᠯᠤᠩ ᠳᠤ ᠵᠠᠷᠯᠠᠨ ᠨᠡᠶᠢᠲᠡᠯᠡᠬᠦ ᠬᠡᠷᠡᠭᠲᠡᠢ᠂ | ᠵᠠᠷᠯᠠᠨ ᠨᠡᠶᠢᠲᠡᠯᠡᠬᠦ ᠬᠤᠭᠤᠴᠠᠭ᠎ᠠ ᠨᠢ 7 ᠠᠵᠢᠯᠯᠠᠬᠤ ᠡᠳᠦᠷ ᠪᠣᠯᠣᠨ᠎ᠠ᠃ ᠵᠠᠷᠯᠠᠨ ᠨᠡᠶᠢᠲᠡᠯᠡᠭᠰᠡᠨ ᠤ ᠳᠠᠷᠠᠭ᠎ᠠ᠂ | ᠬᠤᠰᠢᠭᠤᠨ ᠤ ᠲᠠᠷᠢᠶᠠᠯᠠᠩ ᠮᠠᠯᠵᠢᠯ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠲᠠᠷᠢᠶᠠᠯᠠᠩ ᠤᠨ ᠮᠡᠷᠭᠡᠵᠢᠯ ᠢ | ᠳᠡᠯᠭᠡᠷᠡᠭᠦᠯᠬᠦ ᠲᠥᠪ ᠠᠴᠠ ︽ᠨᠠᠢᠮᠠᠨ ᠬᠤᠰᠢᠭᠤᠨ ᠤ 2023 ᠣᠨ ᠤ ᠲᠠᠷᠢᠶᠠᠨ ᠭᠠᠵᠠᠷ ᠢ ᠭᠦᠨ ᠰᠤᠯᠠᠷᠠᠭᠤᠯᠬᠤ | ᠠᠵᠢᠯ ᠤᠨ ᠨᠥᠬᠦᠪᠦᠷᠢ ᠮᠥᠩᠭᠦ ᠶᠢᠨ ᠨᠠᠷᠢᠨ ᠬᠦᠰᠦᠨᠦᠭᠲᠦ︾ ︽ᠨᠠᠢᠮᠠᠨ ᠬᠤᠰᠢᠭᠤᠨ ᠤ 2023 ᠣᠨ ᠤ ᠲᠠᠷᠢᠶᠠᠨ | ᠭᠠᠵᠠᠷ ᠢ ᠭᠦᠨ ᠰᠤᠯᠠᠷᠠᠭᠤᠯᠬᠤ ᠠᠵᠢᠯ ᠤᠨ ᠨᠥᠬᠦᠪᠦᠷᠢ ᠮᠥᠩᠭᠦ ᠶᠢᠨ ᠪᠠᠶᠢᠳᠠᠯ ᠤᠨ ᠬᠤᠷᠢᠶᠠᠩᠭᠤᠢ ᠬᠦᠰᠦᠨᠦᠭᠲᠦ︾ | ᠶᠢ ᠨᠠᠶᠢᠷᠠᠭᠤᠯᠤᠨ ᠵᠣᠬᠢᠶᠠᠵᠤ᠂ ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ | ᠳᠠᠩᠰᠠᠯᠠᠭᠤᠯᠵᠤ ᠬᠢᠨᠠᠨ ᠵᠥᠪᠰᠢᠶᠡᠷᠡᠭᠦᠯᠬᠦ ᠶᠢᠨ ᠬᠠᠮᠲᠤ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠤᠨ᠎ᠠ᠃ | ︵ᠲᠤᠯᠤᠭ᠎ᠠ︶ ᠨᠦᠬᠦᠪᠦᠷᠢ ᠪᠡᠯᠡ ᠮᠥᠩᠭᠦ ᠥᠭᠬᠦ᠃ ᠬᠤᠰᠢᠭᠤᠨ ᠤ ᠲᠠᠷᠢᠶᠠᠯᠠᠩ ᠮᠠᠯᠵᠢᠯ ᠤᠨ ᠰᠢᠨᠵᠢᠯᠡᠬᠦ | ᠤᠬᠠᠭᠠᠨ ᠤ ᠲᠣᠪᠴᠢᠶ᠎ᠠ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠠᠴᠠ ︽ᠨᠠᠢᠮᠠᠨ ᠬᠤᠰᠢᠭᠤᠨ ᠤ | 2023 ᠣᠨ ᠤ ᠭᠠᠵᠠᠷ ᠲᠡᠭᠰᠢᠯᠡᠬᠦ ᠠᠵᠢᠯ ᠤᠨ ᠨᠥᠬᠦᠪᠦᠷᠢ ᠮᠥᠩᠭᠦ ᠶᠢᠨ ᠨᠠᠷᠢᠨ ᠬᠦᠰᠦᠨᠦᠭᠲᠦ︾ ᠶᠢ ᠬᠤᠰᠢᠭᠤᠨ | ᠤ ᠡᠳ᠋ ᠤᠨ ᠵᠠᠰᠠᠭ ᠤᠨ ᠲᠣᠪᠴᠢᠶ᠎ᠠ ᠶᠢᠨ ᠲᠠᠷᠢᠶᠠᠯᠠᠩ ᠤᠨ ᠡᠳ᠋ ᠤᠨ ᠵᠠᠰᠠᠭ ᠤᠨ ᠰᠲ᠋ᠣᠺ ᠲᠤ ᠮᠡᠳᠡᠭᠦᠯᠵᠦ᠂ | ᠲᠠᠷᠢᠶᠠᠯᠠᠩ ᠤᠨ ᠡᠳ᠋ ᠤᠨ ᠵᠠᠰᠠᠭ ᠤᠨ ᠰᠲ᠋ᠣᠺ ᠤᠨ ᠬᠢᠨᠠᠨ ᠬᠠᠷᠭᠤᠭᠤᠯᠤᠯᠲᠠ ᠠᠴᠠ ᠡᠯ᠎ᠡ ᠰᠤᠮᠤ ᠰᠢᠶᠠᠩ ᠪᠠᠯᠭᠠᠰᠤ | ᠲᠠᠯᠠᠪᠠᠢ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ ᠲᠤ ᠲᠠᠷᠬᠠᠭᠠᠨ᠎ᠠ᠃ ᠡᠯ᠎ᠡ ᠰᠤᠮᠤ ᠰᠢᠶᠠᠩ ᠪᠠᠯᠭᠠᠰᠤ | ᠲᠠᠯᠠᠪᠠᠶ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ ᠤᠨ ᠬᠢᠨ ᠲᠠᠷᠢᠶᠠᠴᠢᠳ ᠲᠤ ᠠᠰᠢᠭ ᠬᠦᠷᠲᠡᠭᠡᠬᠦ | ᠪᠦᠷᠢᠨ ᠴᠢᠳᠠᠮᠵᠢᠲᠤ ᠺᠠᠷᠲ ᠤᠨ ᠥᠮᠴᠢᠯᠡᠭᠴᠢ ᠪᠣᠯᠣᠨ ᠲᠠᠷᠢᠶᠠᠯᠠᠩ ᠤᠨ ᠮᠠᠰᠢᠨ ᠤ ᠠᠵᠢᠯᠯᠠᠭᠴᠢ ᠶᠢᠨ ᠬᠠᠷᠢᠴᠠᠭᠠᠨ ᠤ | ᠮᠡᠳᠡᠭᠡ ᠵᠠᠩᠭᠢ ᠶᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠬᠤᠰᠢᠭᠤᠨ ᠤ ᠲᠠᠷᠢᠶᠠᠯᠠᠩ ᠮᠠᠯᠵᠢᠯ ᠤᠨ ᠰᠢᠨᠵᠢᠯᠡᠬᠦ | ᠤᠬᠠᠭᠠᠨ ᠤ ᠲᠣᠪᠴᠢᠶ᠎ᠠ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠲᠤ ᠬᠠᠷᠢᠭᠤ ᠲᠤᠰᠬᠠᠨ᠎ᠠ᠃ | ᠬᠤᠰᠢᠭᠤᠨ ᠤ ᠲᠠᠷᠢᠶᠠᠯᠠᠩ ᠮᠠᠯᠵᠢᠯ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠲᠠᠷᠢᠶᠠᠯᠠᠩ ᠤᠨ ᠮᠡᠷᠭᠡᠵᠢᠯ ᠢ | ᠳᠡᠯᠭᠡᠷᠡᠭᠦᠯᠬᠦ ᠲᠥᠪ ᠠᠴᠠ ᠬᠢᠨᠠᠨ ᠬᠠᠷᠭᠤᠭᠤᠯᠤᠭᠠᠳ ᠠᠯᠳᠠᠭ᠎ᠠ ᠦᠭᠡᠢ ᠪᠣᠯ ᠬᠤᠰᠢᠭᠤᠨ ᠤ ᠡᠳ᠋ ᠤᠨ ᠵᠠᠰᠠᠭ ᠤᠨ | ᠲᠣᠪᠴᠢᠶ᠎ᠠ ᠶᠢᠨ ᠲᠠᠷᠢᠶᠠᠯᠠᠩ ᠤᠨ ᠡᠳ᠋ ᠤᠨ ᠵᠠᠰᠠᠭ ᠤᠨ ᠰᠲ᠋ᠣᠺ ᠲᠤ ᠮᠡᠳᠡᠭᠦᠯᠬᠦ ᠶᠢᠨ ᠬᠠᠮᠲᠤ ᠲᠡᠭᠦᠨ ᠢ ᠤᠯᠤᠰ ᠤᠨ | ᠬᠥᠮᠥᠷᠭᠡ ᠶᠢᠨ ᠲᠣᠭᠠᠴᠠᠭ᠎ᠠ ᠬᠢᠬᠦ ᠲᠥᠪ ᠲᠤ ᠮᠡᠳᠡᠭᠦᠯᠵᠦ᠂ ᠪᠠᠩᠬᠢ ᠪᠠᠷ ᠳᠡᠮᠵᠢᠨ ᠠᠵᠢᠯ ᠤᠨ ᠨᠥᠬᠦᠪᠦᠷᠢ ᠶᠢᠨ | ᠮᠥᠩᠭᠦ ᠶᠢ ᠲᠠᠷᠢᠶᠠᠯᠠᠩ ᠤᠨ ᠮᠠᠰᠢᠨ ᠤ ᠡᠷᠦᠬᠡ ᠶᠢᠨ ᠲᠠᠷᠢᠶᠠᠴᠢᠳ ᠲᠤ ᠠᠰᠢᠭ ᠬᠦᠷᠲᠡᠭᠡᠬᠦ ᠪᠦᠷᠢᠨ ᠴᠢᠳᠠᠮᠵᠢᠲᠦ | ᠺᠠᠷᠲ ᠤᠨ ᠲᠠᠩᠰᠠᠨ ᠡᠷᠦᠬᠡ ᠳᠤ ᠴᠠᠭ ᠲᠤᠬᠠᠢ ᠳᠤᠨᠢ ᠲᠤᠭ᠎ᠠ ᠶᠣᠰᠣᠭᠠᠷ ᠤᠷᠤᠭᠤᠯᠤᠨ ᠦᠭᠭᠦᠨ᠎ᠡ᠃ | ᠲᠠᠪᠤ᠂ ᠠᠵᠢᠯ ᠤᠨ ᠠᠬᠢᠴᠠ ᠶᠢᠨ ᠱᠠᠭᠠᠷᠳᠠᠯᠭ᠎ᠠ | ᠬᠤᠰᠢᠭᠤᠨ ᠤ ᠲᠠᠷᠢᠶᠠᠯᠠᠩ ᠮᠠᠯᠵᠢᠯ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠲᠠᠷᠢᠶᠠᠯᠠᠩ ᠤᠨ | ᠮᠡᠷᠭᠡᠵᠢᠯ ᠢ ᠳᠡᠯᠭᠡᠷᠡᠭᠦᠯᠬᠦ ᠲᠥᠪ ᠨᠢ ᠠᠵᠢᠯᠯᠠᠬᠤ ᠮᠠᠰᠢᠨ ᠴᠣᠭᠴᠠᠯᠠᠪᠤᠷᠢ ᠶᠢ ᠪᠠᠶᠢᠴᠠᠭᠠᠨ ᠵᠠᠰᠠᠵᠤ ᠲᠤᠷᠰᠢᠨ | ᠲᠣᠬᠢᠷᠠᠭᠤᠯᠬᠤ᠂ ᠠᠵᠢᠯᠯᠠᠬᠤ ᠮᠠᠰᠢᠨ ᠴᠣᠭᠴᠠᠯᠠᠪᠤᠷᠢ ᠶᠢᠨ ᠠᠯᠤᠰ ᠡᠵᠡᠮᠰᠢᠯᠲᠦ ᠬᠢᠨᠠᠨ ᠬᠡᠮᠵᠢᠬᠦ ᠦᠵᠦᠭᠦᠷ ᠤᠨ | ᠲᠥᠬᠦᠭᠡᠷᠦᠮᠵᠢ ᠶᠢ ᠰᠣᠩᠭᠤᠨ ᠬᠤᠳᠠᠯᠳᠤᠨ ᠠᠪᠴᠤ ᠤᠭᠰᠠᠷᠠᠬᠤ ᠪᠠ ᠲᠤᠷᠰᠢᠨ ᠲᠤᠬᠢᠷᠠᠭᠤᠯᠵᠤ ᠬᠠᠷᠭᠤᠭᠤᠯᠬᠤ ᠪᠠ | ᠠᠵᠢᠯᠲᠠᠨ ᠤ ᠪᠣᠯᠪᠠᠰᠤᠷᠠᠭᠤᠯᠤᠯ ᠳᠤ ᠨᠥᠬᠦᠪᠦᠷᠢ ᠥᠭᠬᠦ ᠵᠡᠷᠭᠡ ᠠᠵᠢᠯ ᠢ ᠴᠠᠭ ᠲᠤᠬᠠᠢ ᠳᠤᠨᠢ ᠲᠣᠬᠢᠷᠠᠭᠤᠯᠤᠨ | ᠥᠷᠨᠢᠭᠦᠯᠦᠨ᠎ᠡ᠃ 2023 ᠣᠨ ᠤ ᠲᠣᠬᠢᠷᠠᠮᠵᠢᠲᠠᠢ ᠤᠯᠠᠷᠢᠯ ᠳᠤ ᠭᠦᠨ ᠰᠤᠯᠠᠷᠠᠭᠤᠯᠬᠤ ᠠᠵᠢᠯ ᠢ ᠥᠷᠨᠢᠭᠦᠯᠵᠦ᠂ | ᠬᠤᠰᠢᠭᠤᠨ ᠤ ᠲᠠᠷᠢᠶᠠᠯᠠᠩ ᠮᠠᠯᠵᠢᠯ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠲᠠᠷᠢᠶᠠᠯᠠᠩ ᠤᠨ ᠮᠡᠷᠭᠡᠵᠢᠯ ᠢ | ᠳᠡᠯᠭᠡᠷᠡᠭᠦᠯᠬᠦ ᠲᠥᠪ ᠠᠴᠠ ᠠᠵᠢᠯᠯᠠᠬᠤ ᠴᠠᠭ ᠢᠶᠠᠨ ᠲᠣᠭᠲᠠᠭᠠᠬᠤ ᠶᠢᠨ ᠬᠠᠮᠲᠤ ᠠᠵᠢᠯᠯᠠᠬᠤ ᠡᠭᠦᠷᠭᠡ ᠪᠠᠨ ᠡᠯ᠎ᠡ ᠰᠤᠮᠤ | ᠰᠢᠶᠠᠩ ᠪᠠᠯᠭᠠᠰᠤ ᠲᠠᠯᠠᠪᠠᠶ ᠳᠤ ᠬᠤᠪᠢᠶᠠᠷᠢᠯᠠᠵᠤ᠂ ᠡᠯ᠎ᠡ ᠰᠤᠮᠤ ᠰᠢᠶᠠᠩ ᠪᠠᠯᠭᠠᠰᠤ ᠲᠠᠯᠠᠪᠠᠢ ᠲᠠᠢ ᠬᠠᠷᠢᠯᠴᠠᠵᠤ | ᠠᠵᠢᠯᠯᠠᠬᠤ ᠮᠠᠰᠢᠨ ᠴᠣᠭᠴᠠᠯᠠᠪᠤᠷᠢ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠴᠢᠨᠠᠷ ᠴᠢᠨᠰᠠᠭ᠎ᠠ ᠲᠠᠢ | ᠪᠡᠶᠡᠯᠡᠭᠦᠯᠦᠨ᠎ᠡ᠃ | ᠵᠢᠷᠭᠤᠭ᠎ᠠ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠰᠢᠭᠤᠨ ᠤ | ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ | ᠪᠣᠯᠭᠠᠭᠰᠠᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠠᠵᠢᠯ ᠤᠨ ᠬᠤᠪᠢᠶᠠᠷᠢᠯᠠᠯ ᠶᠣᠰᠣᠭᠠᠷ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠨ᠎ᠡ᠃ ᠡᠯ᠎ᠡ ᠰᠤᠮᠤ ᠰᠢᠶᠠᠩ ᠪᠠᠯᠭᠠᠰᠤ ᠲᠠᠯᠠᠪᠠᠶ ᠵᠢᠴᠢ ᠭᠠᠴᠠᠭ᠎ᠠ ᠲᠣᠰᠬᠤᠨ ᠤ | ᠵᠥᠪᠯᠡᠯ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠬᠠᠢ ᠶᠢᠨ ᠭᠠᠵᠠᠷ ᠤᠨ ᠬᠥᠷᠥᠰᠥ ᠰᠢᠷᠣᠢ ᠶᠢᠨ ᠲᠥᠷᠥᠯ | ᠬᠡᠯᠪᠡᠷᠢ᠂ ᠲᠠᠷᠢᠮᠠᠯ ᠤᠨ ᠲᠥᠷᠥᠯ ᠵᠦᠢᠯ᠂ ᠲᠣᠬᠢᠷᠠᠬᠤ ᠲᠠᠯᠠᠪᠠᠶ᠂ ᠮᠠᠰᠢᠨ ᠪᠠᠭᠠᠵᠢ ᠶᠢᠨ ᠬᠠᠳᠠᠭᠠᠯᠠᠯᠲᠠ ᠶᠢᠨ ᠬᠡᠮᠵᠢᠶ᠎ᠡ | ᠪᠠ ᠠᠵᠢᠯ ᠤᠨ ᠲᠥᠯᠦᠪᠵᠢᠭᠦᠯᠭᠡ ᠵᠡᠷᠭᠡ ᠲᠠᠢ ᠤᠶᠠᠯᠳᠤᠭᠤᠯᠤᠨ᠂ ᠪᠠᠶᠢᠴᠠᠭᠠᠨ ᠣᠶᠢᠯᠠᠭᠠᠭᠰᠠᠨ ᠰᠠᠭᠤᠷᠢᠨ ᠳᠡᠭᠡᠷ᠎ᠡ᠂ | ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠤᠨ ᠡᠭᠦᠷᠭᠡ ᠶᠢᠨ ᠲᠠᠯᠠᠪᠠᠶ ᠶᠢᠨ ᠨᠠᠶᠢᠳᠠᠪᠤᠷᠢᠵᠢᠭᠤᠯᠤᠯᠲᠠ ᠶᠢ | ᠬᠢᠨᠠᠮᠠᠭᠠᠢ ᠰᠠᠶᠢᠲᠤᠷ ᠬᠢᠵᠦ᠂ ᠨᠥᠬᠦᠪᠦᠷᠢ ᠥᠭᠬᠦ ᠠᠵᠢᠯ ᠤᠨ ᠣᠷᠣᠨ ᠪᠦᠰᠡ᠂ ᠨᠥᠬᠦᠪᠦᠷᠢ ᠥᠭᠬᠦ ᠲᠠᠯᠠᠪᠠᠶ ᠶᠢ | ᠰᠤᠳᠤᠯᠤᠨ ᠲᠣᠭᠲᠠᠭᠠᠬᠤ ᠬᠡᠷᠡᠭᠲᠡᠢ᠃ ᠠᠵᠢᠯ ᠤᠨ ᠲᠥᠯᠥᠪᠯᠡᠭᠡ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ | ᠲᠠᠷᠢᠶᠠᠨ ᠭᠠᠵᠠᠷ ᠢ ᠭᠦᠨ ᠰᠤᠯᠠᠷᠠᠭᠤᠯᠬᠤ ᠲᠠᠯᠠᠪᠠᠶ ᠶᠢᠨ ᠡᠭᠦᠷᠭᠡ ᠵᠢᠴᠢ ᠨᠥᠬᠦᠪᠦᠷᠢ ᠥᠭᠬᠦ ᠠᠵᠢᠯ ᠤᠨ ᠡᠭᠦᠷᠭᠡ ᠶᠢ | 2023 ᠣᠨ ᠤ ᠳᠣᠲᠣᠷ᠎ᠠ ᠪᠥᠬᠦ ᠲᠠᠯ᠎ᠠ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ | ︵ᠬᠤᠶᠠᠷ︶ ᠠᠵᠢᠯ ᠤᠨ ᠵᠢᠯᠣᠭᠤᠳᠤᠯᠭ᠎ᠠ ᠪᠠᠨ ᠴᠢᠩᠭᠠᠷᠠᠭᠤᠯᠤᠨ᠎ᠠ᠃ ᠬᠤᠰᠢᠭᠤᠨ ᠤ ᠲᠠᠷᠢᠶᠠᠯᠠᠩ | ᠮᠠᠯᠵᠢᠯ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠲᠠᠷᠢᠶᠠᠯᠠᠩ ᠤᠨ ᠮᠡᠷᠭᠡᠵᠢᠯ ᠤᠨ ᠳᠡᠯᠭᠡᠷᠡᠭᠦᠯᠦᠯᠲᠡ ᠶᠢᠨ | ᠲᠥᠪ ᠠᠴᠠ ᠪᠠᠶᠢᠴᠠᠭᠠᠨ ᠵᠢᠯᠤᠭᠤᠳᠬᠤ᠂ ᠤᠬᠠᠭᠤᠯᠤᠨ ᠪᠣᠯᠪᠠᠰᠤᠷᠠᠭᠤᠯᠬᠤ ᠪᠠ ᠠᠵᠢᠯᠯᠠᠬᠤ ᠮᠡᠷᠭᠡᠵᠢᠯ ᠤᠨ ᠵᠠᠭᠪᠤᠷ ᠢ | ᠰᠤᠳᠤᠯᠤᠨ ᠲᠣᠭᠲᠠᠭᠠᠬᠤ ᠵᠡᠷᠭᠡ ᠠᠵᠢᠯ ᠢ ᠢᠳᠡᠪᠬᠢᠲᠡᠢ ᠰᠠᠶᠢᠲᠤᠷ ᠬᠢᠨ᠎ᠡ᠃ ᠲᠠᠷᠢᠶᠠᠯᠠᠩ ᠤᠨ ᠮᠠᠰᠢᠨ ᠢᠶᠠᠷ | ᠠᠵᠢᠯᠯᠠᠬᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠲᠠᠷᠢᠶᠠᠯᠠᠩ ᠤᠨ ᠮᠠᠰᠢᠨ ᠤ ᠡᠷᠦᠬᠡ ᠨᠦᠭᠦᠳ ᠭᠦᠨ | ᠰᠤᠯᠠᠷᠠᠭᠤᠯᠵᠤ ᠭᠠᠵᠠᠷ ᠲᠡᠭᠰᠢᠯᠡᠬᠦ ᠠᠵᠢᠯ ᠥᠷᠨᠢᠭᠦᠯᠬᠦ ᠳᠤ ᠡᠷᠬᠡᠪᠰᠢ ᠡᠷᠦᠬᠡ ᠠᠮᠠ ᠶᠢᠨ ᠪᠠᠶᠢᠭ᠎ᠠ ᠭᠠᠵᠠᠷ ᠪᠠ | ᠠᠵᠢᠯᠯᠠᠵᠤ ᠪᠠᠶᠢᠭ᠎ᠠ ᠭᠠᠵᠠᠷ ᠤᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠲᠤ ᠬᠦᠷᠴᠦ | ᠳᠠᠩᠰᠠᠯᠠᠭᠤᠯᠤᠨ᠂ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠤᠶᠤ | ᠲᠠᠷᠢᠶᠠᠯᠠᠩ ᠤᠨ ᠮᠠᠰᠢᠨ ᠤ ᠡᠷᠦᠬᠡ ᠶᠢᠨ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠠᠵᠢᠯᠯᠠᠬᠤ ᠦᠢᠯᠡᠴᠢᠯᠡᠭᠡᠨ ᠤ | ᠬᠠᠷᠠᠭᠠᠯᠵᠠᠯ ᠬᠠᠩᠭᠠᠬᠤ ᠶᠢ ᠵᠣᠷᠢᠭᠵᠢᠭᠤᠯᠬᠤ ᠬᠡᠷᠡᠭᠲᠡᠢ᠃ | ︵ᠭᠤᠷᠪᠠ︶ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠨ᠎ᠠ᠃ ᠡᠯ᠎ᠡ ᠰᠤᠮᠤ ᠰᠢᠶᠠᠩ ᠪᠠᠯᠭᠠᠰᠤ | ᠲᠠᠯᠠᠪᠠᠶ ᠳᠤ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠰᠢᠨ᠎ᠡ ᠵᠠᠭᠤᠴᠢᠯᠠᠭᠤᠷ᠂ ᠲᠤᠬᠠᠢ ᠶᠢᠨ | ᠲᠠᠯᠠᠪᠠᠶ ᠶᠢᠨ ᠲᠠᠶᠢᠯᠤᠮᠵᠢ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠷᠭ᠎ᠠ ᠪᠠᠷᠢᠯ ᠢ | ᠭᠦᠢᠴᠡᠳ ᠬᠡᠷᠡᠭᠯᠡᠵᠦ᠂ ᠬᠡᠷᠡᠭᠵᠢᠭᠦᠯᠬᠦ ᠲᠥᠰᠥᠯ᠂ ᠤᠬᠠᠭᠤᠯᠭ᠎ᠠ ᠶᠢᠨ ᠳᠡᠪᠲᠡᠷ᠂ ᠢᠯᠡ ᠴᠠᠭᠠᠰᠤ ᠵᠡᠷᠭᠡ ᠶᠢ | ᠳᠠᠷᠤᠮᠠᠯᠯᠠᠨ ᠲᠠᠷᠬᠠᠭᠠᠵᠤ᠂ ᠲᠠᠷᠢᠶᠠᠨ ᠭᠠᠵᠠᠷ ᠢ ᠭᠦᠨ ᠰᠤᠯᠠᠷᠠᠭᠤᠯᠬᠤ ᠮᠡᠷᠭᠡᠵᠢᠯ ᠪᠣᠯᠣᠨ ᠠᠵᠢᠯ ᠤᠨ ᠨᠥᠬᠦᠪᠦᠷᠢ ᠶᠢᠨ | ᠲᠥᠷᠥ ᠶᠢᠨ ᠪᠣᠳᠣᠯᠭ᠎ᠠ ᠶᠢ ᠥᠷᠭᠡᠨ ᠢᠶᠠᠷ ᠤᠬᠠᠭᠤᠯᠵᠤ᠂ ᠠᠵᠢᠯᠯᠠᠬᠤ ᠮᠡᠷᠭᠡᠵᠢᠯ ᠤᠨ ᠵᠠᠭᠪᠤᠷ ᠬᠢᠭᠡᠳ ᠶᠠᠰᠤ | ᠴᠢᠨᠠᠷ ᠤᠨ ᠪᠠᠷᠢᠮᠵᠢᠶ᠎ᠠ᠂ ᠨᠥᠬᠦᠪᠦᠷᠢ ᠥᠭᠬᠦ ᠵᠢᠷᠤᠮ᠂ ᠨᠥᠬᠦᠪᠦᠷᠢ ᠥᠭᠬᠦ ᠡᠲᠡᠭᠡᠳ᠂ ᠨᠥᠬᠦᠪᠦᠷᠢ ᠥᠭᠬᠦ ᠪᠠᠷᠢᠮᠵᠢᠶ᠎ᠠ | ᠂ ᠨᠥᠬᠦᠪᠦᠷᠢ ᠥᠭᠬᠦ ᠲᠠᠯᠠᠪᠠᠢ ᠶᠢ ᠨᠤᠲᠠᠯᠠᠬᠤ ᠠᠷᠭ᠎ᠠ ᠵᠡᠷᠭᠡ ᠠᠭᠤᠯᠭ᠎ᠠ ᠶᠢ ᠭᠦᠢᠴᠡᠳ ᠤᠬᠠᠭᠤᠯᠵᠤ᠂ | ᠲᠠᠷᠢᠶᠠᠴᠢᠳ ᠤᠨ ᠲᠠᠷᠢᠶᠠᠨ ᠭᠠᠵᠠᠷ ᠢ ᠭᠦᠨ ᠰᠤᠯᠠᠷᠠᠭᠤᠯᠬᠤ ᠠᠵᠢᠯ ᠢ ᠥᠷᠨᠢᠭᠦᠯᠬᠦ ᠢᠳᠡᠪᠬᠢᠵᠢᠯ ᠢ ᠲᠠᠶᠢᠴᠢᠯᠠᠨ᠂ | ᠭᠠᠵᠠᠷ ᠰᠢᠷᠣᠢ ᠡᠵᠡᠩᠨᠡᠭᠴᠢ ᠪᠠ ᠲᠠᠷᠢᠶᠠᠯᠠᠩ ᠤᠨ ᠮᠠᠰᠢᠨ ᠢᠶᠠᠷ ᠠᠵᠢᠯᠯᠠᠬᠤ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ ᠪᠤᠶᠤ ᠲᠠᠷᠢᠶᠠᠯᠠᠩ ᠤᠨ ᠮᠠᠰᠢᠨ ᠤ ᠡᠷᠦᠭᠡ ᠶᠢᠨ ᠪᠠᠶᠢᠳᠠᠯ ᠢ ᠮᠡᠳᠡᠬᠦ ᠡᠷᠬᠡ ᠶᠢ ᠭᠦᠢᠴᠡᠳ ᠪᠠᠲᠤᠯᠠᠵᠤ᠂ | ᠨᠡᠶᠢᠭᠡᠮ ᠤᠨ ᠬᠢᠨᠠᠯᠲᠠ ᠪᠠ ᠤᠯᠠᠨ ᠲᠦᠮᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ ᠬᠢᠨᠠᠨ | ᠬᠡᠮᠵᠢᠬᠦ ᠲᠠᠪᠴᠠᠩ ᠤᠨ ᠲᠤᠭ᠎ᠠ ᠪᠠᠷᠢᠮᠲᠠ ᠶᠢ ᠴᠢᠯᠦᠭᠡᠲᠡᠢ ᠪᠣᠯᠭᠠᠵᠤ᠂ ᠲᠠᠷᠢᠶᠠᠯᠠᠩ ᠤᠨ ᠮᠠᠰᠢᠨ ᠢᠶᠠᠷ ᠠᠵᠢᠯᠯᠠᠬᠤ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠣᠯᠣᠨ ᠲᠠᠷᠢᠶᠠᠯᠠᠩ ᠤᠨ ᠮᠠᠰᠢᠨ ᠤ ᠡᠷᠦᠬᠡ ᠶᠢᠨ ᠠᠵᠢᠯ ᠤᠨ ᠶᠠᠰᠤ | ᠴᠢᠨᠠᠷ ᠤᠨ ᠠᠬᠢᠴᠠ ᠶᠢ ᠴᠠᠭ ᠲᠤᠬᠠᠢ ᠳᠤᠨᠢ ᠡᠵᠡᠮᠰᠢᠬᠦ ᠳᠤ ᠲᠥᠬᠦᠮ ᠦᠵᠡᠭᠦᠯᠬᠦ ᠬᠡᠷᠡᠭᠲᠡᠢ᠃ ᠠᠵᠢᠯᠯᠠᠬᠤ ᠮᠠᠰᠢᠨᠴᠢ | ᠬᠢᠭᠡᠳ ᠬᠤᠰᠢᠭᠤᠨ ᠤ ᠲᠠᠷᠢᠶᠠᠯᠠᠩ ᠮᠠᠯᠵᠢᠯ ᠤᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠲᠠᠷᠢᠶᠠᠯᠠᠩ ᠤᠨ | ᠮᠡᠷᠭᠡᠵᠢᠯ ᠢ ᠳᠡᠯᠭᠡᠷᠡᠭᠦᠯᠬᠦ ᠲᠥᠪ᠂ ᠣᠶᠤᠨᠴᠢ ᠬᠢᠨᠠᠨ ᠬᠡᠮᠵᠢᠯᠲᠡ ᠶᠢᠨ ᠲᠥᠬᠦᠭᠡᠷᠦᠮᠵᠢ ᠦᠢᠯᠡᠳᠪᠦᠷᠢᠯᠡᠬᠦ ᠠᠵᠤ | ᠠᠬᠤᠶᠢᠯᠠᠯ ᠤᠨ ᠭᠠᠷ ᠤᠲᠠᠰᠤᠨ ᠤ ᠸᠢᠴᠠᠲ ᠤᠨ ᠪᠦᠯᠦᠭᠯᠡᠯ ᠢ ᠪᠠᠶᠢᠭᠤᠯᠵᠤ᠂ ᠬᠠᠮᠢᠶᠠᠷᠤᠯᠲᠠ᠂ ᠪᠣᠯᠪᠠᠰᠤᠷᠠᠭᠤᠯᠤᠯ᠂ | ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠦᠨ᠎ᠡ᠃ | ︵ᠳᠥᠷᠪᠡ︶ ᠲᠠᠩᠰᠠ ᠡᠪᠬᠡᠮᠡᠯ ᠤᠨ ᠪᠠᠶᠢᠭᠤᠯᠤᠯᠲᠠ ᠶᠢ ᠵᠢᠷᠤᠮᠵᠢᠭᠤᠯᠤᠨ᠎ᠠ᠃ ᠡᠯ᠎ᠡ ᠰᠤᠮᠤ ᠰᠢᠶᠠᠩ | ᠪᠠᠯᠭᠠᠰᠤ ᠲᠠᠯᠠᠪᠠᠶ ᠨᠤᠭᠤᠳ ᠲᠤᠰᠬᠠᠢ ᠬᠥᠮᠥᠨ ᠲᠣᠬᠢᠷᠠᠭᠤᠯᠤᠨ ᠲᠠᠩᠰᠠ ᠡᠪᠬᠡᠮᠡᠯ ᠤᠨ ᠪᠠᠶᠢᠭᠤᠯᠤᠯᠲᠠ ᠪᠠ | ᠬᠠᠮᠢᠶᠠᠷᠤᠯᠲᠠ ᠶᠢ ᠬᠠᠷᠢᠭᠤᠴᠠᠭᠤᠯᠵᠤ᠂ ᠲᠥᠷᠥᠯ ᠵᠦᠢᠯ ᠬᠤᠪᠢᠶᠠᠨ᠂ ᠵᠢᠷᠤᠮᠵᠢᠯ ᠲᠠᠢ ᠪᠠᠷ ᠲᠠᠩᠰᠠ ᠡᠪᠬᠡᠮᠡᠯ ᠳᠤ | ᠣᠷᠣᠭᠤᠯᠵᠤ᠂ ᠬᠤᠷᠢᠶᠠᠩᠭᠤᠶᠢᠯᠠᠭᠰᠠᠨ ᠤ ᠳᠠᠷᠠᠭ᠎ᠠ ᠨᠢᠭᠡᠳᠦᠯᠲᠡᠢ ᠪᠠᠷ ᠬᠤᠰᠢᠭᠤᠨ ᠤ ᠲᠠᠷᠢᠶᠠᠯᠠᠩ ᠮᠠᠯᠵᠢᠯ ᠤᠨ | ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠲᠥᠪ ᠲᠤ ᠮᠡᠳᠡᠭᠦᠯᠦᠨ᠎ᠡ᠃ | ᠲᠠᠷᠢᠶᠠᠨ ᠭᠠᠵᠠᠷ ᠢ ᠰᠤᠯᠠᠷᠠᠭᠤᠯᠬᠤ ᠨᠥᠬᠦᠪᠦᠷᠢ ᠶᠢᠨ ᠠᠵᠢᠯ ᠤᠨ ᠳᠠᠩᠰᠠ ᠡᠪᠬᠡᠮᠡᠯ ᠳᠤ ᠲᠥᠷᠥ ᠶᠢᠨ ᠪᠣᠳᠣᠯᠭ᠎ᠠ ᠶᠢᠨ | ᠪᠢᠴᠢᠭ ᠮᠠᠲ᠋ᠧᠷᠢᠶᠠᠯ ᠪᠠᠭᠲᠠᠨ᠎ᠠ᠂ ᠬᠡᠷᠡᠭᠵᠢᠭᠦᠯᠬᠦ ᠲᠥᠰᠥᠯ᠂ ᠤᠬᠠᠭᠤᠯᠭ᠎ᠠ ᠶᠢᠨ ᠮᠠᠲ᠋ᠧᠷᠢᠶᠠᠯ᠂ ᠮᠡᠷᠭᠡᠵᠢᠯ ᠤᠨ | ᠪᠣᠯᠪᠠᠰᠤᠷᠠᠭᠤᠯᠤᠯ ᠬᠢᠭᠡᠳ ᠬᠤᠷᠠᠯ ᠤᠨ ᠲᠡᠮᠳᠡᠭᠯᠡᠯ᠂ ᠠᠵᠢᠯ ᠤᠨ ᠮᠠᠰᠢᠨ ᠴᠣᠭᠴᠠᠯᠠᠪᠤᠷᠢ ᠶᠢᠨ ᠳᠡᠩᠰᠡᠯᠡᠨ ᠲᠡᠮᠳᠡᠭᠯᠡᠬᠦ | ᠬᠦᠰᠦᠨᠦᠭᠲᠦ᠂ ᠬᠢᠨᠠᠨ ᠬᠡᠮᠵᠢᠬᠦ ᠲᠥᠬᠦᠭᠡᠷᠦᠮᠵᠢ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠵᠥᠪᠯᠡᠯᠴᠡᠭᠡᠷ᠂ | ᠲᠠᠷᠢᠶᠠᠯᠠᠩ ᠤᠨ ᠮᠠᠰᠢᠨ ᠤ ᠠᠵᠢᠯ ᠤᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠪᠤᠶᠤ ᠲᠠᠷᠢᠶᠠᠯᠠᠩ ᠤᠨ ᠮᠠᠰᠢᠨ ᠤ | ᠡᠷᠦᠬᠡ ᠶᠢᠨ ᠨᠡᠷᠡᠰ᠂ ᠠᠵᠢᠯ ᠤᠨ ᠭᠡᠷ᠎ᠡ᠂ ᠬᠥᠮᠥᠨ ᠤ ᠬᠦᠴᠦ ᠪᠠᠷ ᠰᠤᠭᠤᠴᠢᠨ ᠪᠠᠶᠢᠴᠠᠭᠠᠭᠰᠠᠨ ᠲᠡᠮᠳᠡᠭᠯᠡᠯ᠂ | ᠠᠵᠢᠯ ᠤᠨ ᠬᠠᠭᠤᠳᠠᠰᠤ᠂ ᠰᠢᠯᠭᠠᠨ ᠠᠪᠬᠤ ᠬᠠᠭᠤᠳᠠᠰᠤ᠂ ᠨᠥᠬᠦᠪᠦᠷᠢ ᠶᠢᠨ ᠪᠡᠯᠡ ᠮᠥᠩᠭᠦ ᠶᠢᠨ ᠨᠠᠷᠢᠨ | ᠬᠦᠰᠦᠨᠦᠭᠲᠦ᠂ ᠨᠥᠬᠦᠪᠦᠷᠢ ᠶᠢᠨ ᠪᠠᠶᠢᠳᠠᠯ ᠤᠨ ᠬᠤᠷᠢᠶᠠᠩᠭᠤᠢ ᠬᠦᠰᠦᠨᠦᠭᠲᠦ᠂ ᠠᠬᠢᠴᠠ ᠶᠢᠨ ᠪᠦᠷᠢᠳᠬᠡᠯ ᠤᠨ | ᠬᠦᠰᠦᠨᠦᠭᠲᠦ᠂ ᠠᠯᠤᠰ ᠡᠵᠡᠮᠰᠢᠯᠲᠦ ᠬᠢᠨᠠᠨ ᠬᠡᠮᠵᠢᠬᠦ ᠲᠠᠪᠴᠠᠩ ᠠᠴᠠ ᠭᠠᠷᠭᠠᠭᠰᠠᠨ ᠲᠤᠭ᠎ᠠ ᠪᠠᠷᠢᠮᠲᠠ ︵ᠬᠡᠷᠡᠯ | ᠵᠢᠷᠤᠭ᠂ ᠳᠦᠷᠰᠦ ᠰᠢᠩᠭᠡᠭᠡᠯᠲᠡ᠂ ᠠᠵᠢᠯ ᠤᠨ ᠵᠠᠮ ᠮᠥᠷ ᠤᠨ ᠭᠠᠵᠠᠷ ᠤᠨ ᠵᠢᠷᠤᠭ ᠪᠠᠭᠲᠠᠨ᠎ᠠ︶ ᠵᠡᠷᠭᠡ ᠶᠢ | ᠪᠠᠭᠲᠠᠭᠠᠨ᠎ᠠ᠃ ᠲᠥᠷᠥᠯ ᠵᠦᠢᠯ ᠤᠨ ᠲᠠᠩᠰᠠ ᠡᠪᠬᠡᠮᠡᠯ ᠤᠨ ᠠᠭᠤᠯᠭ᠎ᠠ ᠨᠢ ᠪᠦᠷᠢᠨ ᠭᠦᠢᠴᠡᠳ ᠪᠠᠶᠢᠵᠤ᠂ | ᠪᠠᠶᠢᠴᠠᠭᠠᠨ ᠲᠣᠳᠣᠯᠠᠬᠤ ᠶᠢ ᠳᠠᠭᠠᠭᠠᠵᠤ᠂ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠤᠨ | ᠱᠠᠭᠠᠷᠳᠠᠯᠭ᠎ᠠ ᠳᠤ ᠨᠡᠶᠢᠴᠡᠵᠦ᠂ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠬᠠᠳᠠᠭᠠᠯᠠᠬᠤ ᠬᠤᠭᠤᠴᠠᠭᠠᠨ ᠳᠤ ᠡᠮᠬᠢ | ᠵᠠᠮᠪᠠᠷᠠᠭ᠎ᠠ ᠦᠭᠡᠢ᠂ ᠭᠡᠭᠡᠭᠳᠡᠭᠦᠯᠬᠦ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | | | | | | | docx | | | | | | | | |