ᠬᠤᠰᠢᠭᠤᠨ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠨᠠᠢᠮᠠᠨ ᠳᠤ ᠰᠠᠭᠤᠭ᠎ᠠ ᠬᠤᠲᠠ ᠶᠢᠨ ᠰᠢᠭᠤᠳ | ᠬᠠᠷᠢᠶ᠎ᠠ ᠬᠠᠮᠢᠶ᠎ᠠ ᠪᠦᠬᠦᠢ ᠨᠢᠭᠡᠴᠢ᠂ ᠬᠠᠮᠢᠶ᠎ᠠ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠄ | ᠨᠠᠢᠮᠠᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ ᠵᠢᠷᠤᠮᠵᠢᠭᠤᠯᠤᠯᠲᠠ᠂ | ᠳᠥᠭᠦᠮᠴᠢᠯᠡᠯᠲᠡ ᠶᠢ ᠲᠦᠷᠭᠡᠨ ᠠᠬᠢᠭᠤᠯᠵᠤ᠂ ᠠᠵᠤ ᠠᠬᠤᠶᠢᠯᠠᠯ ᠪᠣᠯᠣᠨ ᠣᠯᠠᠨ ᠲᠦᠮᠡᠨ ᠤ ᠠᠵᠢᠯ ᠡᠷᠬᠢᠯᠡᠬᠦ | ᠬᠡᠷᠡᠭᠴᠡᠭᠡ ᠶᠢ ᠨᠡᠩ ᠰᠠᠶᠢᠨ ᠬᠠᠩᠭᠠᠬᠤ ᠶᠢᠨ ᠲᠦᠯᠦᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠵᠢᠷᠤᠮᠵᠢᠭᠤᠯᠤᠯᠲᠠ | ᠳᠥᠭᠦᠮᠴᠢᠯᠡᠯᠲᠡ ᠶᠢ ᠲᠦᠷᠭᠡᠳᠬᠡᠨ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠤᠨ ︽ᠭᠤᠶᠤᠴᠢᠯᠠᠯ ᠢᠶᠠᠷ | ᠭᠦᠢᠴᠡᠳᠬᠡᠬᠦ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ ᠭᠠᠷᠴᠠᠭ ᠢ ᠦᠷᠭᠦᠯᠵᠢᠯᠡᠨ ᠡᠮᠬᠢᠯᠡᠬᠦ ︾ | ᠱᠠᠭᠠᠷᠳᠠᠯᠭ᠎ᠠ ᠶᠣᠰᠣᠭᠠᠷ᠂ ᠬᠤᠰᠢᠭᠤᠨ ᠤ ᠵᠠᠰᠠᠭ ᠤᠨ ᠣᠷᠳᠣᠨ ᠡᠯ᠎ᠡ ᠰᠠᠯᠠᠭ᠎ᠠ ᠮᠥᠴᠢᠷ ᠲᠤ ᠬᠤᠯᠪᠣᠭᠳᠠᠭᠰᠠᠨ | ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠬᠠᠤᠯᠢ ᠶᠣᠰᠣᠭᠠᠷ ᠡᠮᠬᠢᠯᠡᠨ ᠳᠢᠭᠯᠡᠵᠦ᠂ ︽ᠨᠠᠢᠮᠠᠨ | ᠬᠤᠰᠢᠭᠤᠨ ᠤ 2023 ᠣᠨ ᠤ ᠬᠤᠰᠢᠭᠤᠨ ᠳᠡᠰ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠤᠨ | ᠲᠤᠳᠤᠷᠬᠠᠢ ᠬᠠᠭᠤᠳᠠᠰᠤ︾ ᠶᠢ ᠨᠠᠶᠢᠷᠠᠭᠤᠯᠤᠨ ᠵᠣᠬᠢᠶᠠᠵᠤ᠂ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠵᠠᠰᠠᠭ ᠤᠨ ᠣᠷᠳᠣᠨ ᠤ 25 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠪᠠᠲᠤᠯᠠᠭᠠᠳ᠂ ᠨᠡᠶᠢᠲᠡᠯᠡᠪᠡ | ᠃ | ᠲᠣᠰ ᠤᠳᠠᠭ᠎ᠠ ︽ᠨᠠᠢᠮᠠᠨ ᠬᠤᠰᠢᠭᠤᠨ ᠤ 2023 ᠣᠨ ᠤ ᠬᠤᠰᠢᠭᠤᠨ ᠳᠡᠰ ᠤᠨ ᠣᠯᠠᠨ ᠨᠡᠶᠢᠲᠡ ᠶᠢᠨ | ᠦᠢᠯᠡᠴᠢᠯᠡᠭᠡᠨ ᠤ ᠵᠦᠢᠯᠡᠰ ᠤᠨ ᠲᠣᠳᠣᠷᠬᠠᠢ ᠬᠠᠭᠤᠳᠠᠰᠤ︾ ᠶᠢ ᠨᠡᠶᠢᠲᠡᠯᠡᠭᠰᠡᠨ ᠨᠢ ᠤᠳᠤ ᠶᠢᠨ ᠪᠠᠶᠢᠭ᠎ᠠ ᠵᠦᠢᠯᠡᠰ ᠢ | ᠲᠣᠭᠲᠠᠪᠤᠷᠢᠵᠢᠭᠤᠯᠤᠭᠰᠠᠨ ᠶᠠᠪᠤᠳᠠᠯ ᠪᠢᠰᠢ᠂ ᠬᠤᠰᠢᠭᠤᠨ ᠤ ᠵᠠᠰᠠᠭ ᠤᠨ ᠣᠷᠳᠣᠨ ᠲᠣᠳᠣᠷᠬᠠᠢ ᠬᠠᠭᠤᠳᠠᠰᠤ ᠶᠢᠨ | ᠬᠥᠳᠡᠯᠦᠩᠭᠦᠢ ᠬᠠᠮᠢᠶᠠᠷᠤᠯᠲᠠ ᠶᠢᠨ ᠲᠣᠭᠲᠠᠴᠠ ᠶᠢ ᠦᠨᠳᠦᠰᠦᠯᠡᠨ᠂ ᠲᠣᠳᠣᠷᠬᠠᠢ ᠬᠠᠭᠤᠳᠠᠰᠤ ᠶᠢᠨ | ᠲᠣᠬᠢᠷᠠᠭᠤᠯᠤᠯᠲᠠ ᠪᠠ ᠰᠢᠯᠢᠳᠡᠭᠵᠢᠭᠦᠯᠦᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃ | | | | |