ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠠᠢᠮᠠᠨ ᠬᠤᠰᠢᠭᠤᠨ ᠤ 2023 ᠣᠨ ᠤ ᠲᠠᠷᠢᠶᠠᠯᠠᠩ ᠤᠨ ᠲᠠᠷᠢᠮᠠᠯ ᠤᠨ ᠦᠢᠯᠡᠰ ᠤᠨ ᠳᠠᠭᠠᠳᠬᠠᠯ ᠢ ᠪᠠᠶᠢᠴᠠᠭᠠᠨ ᠰᠢᠨᠵᠢᠵᠦ ᠬᠤᠬᠢᠷᠠᠯ ᠤᠨ ᠬᠡᠮᠵᠢᠶ᠎ᠡ ᠶᠢ ᠲᠣᠭᠲᠠᠭᠠᠬᠤ ᠠᠵᠢᠯ ᠤᠨ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/10/20
ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠯᠢᠦ ᠬᠤᠤ ᠲᠠᠷᠢᠶᠠᠯᠠᠩ ᠤᠨ ᠲᠠᠯᠠᠪᠠᠶ ᠶᠢᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠵᠥᠪᠯᠡᠯ ᠠᠯᠪᠠᠨ ᠭᠡᠷ ᠲᠣᠪᠴᠢᠶ᠎ᠠ᠂ ᠨᠠᠢᠮᠠᠨ ᠳᠤ ᠰᠠᠭᠤᠭ᠎ᠠ ᠲᠣᠭᠤᠷᠢᠭ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ  ᠨᠢᠭᠡᠴᠢ᠄      ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠨᠠᠢᠮᠠᠨ ᠬᠤᠰᠢᠭᠤᠨ ᠤ 2023 ᠣᠨ ᠤ ᠲᠠᠷᠢᠶᠠᠯᠠᠩ ᠤᠨ ᠲᠠᠷᠢᠮᠠᠯ ᠤᠨ ᠦᠢᠯᠡᠰ ᠤᠨ ᠳᠠᠭᠠᠳᠬᠠᠯ ᠤᠨ ᠪᠠᠶᠢᠴᠠᠭᠠᠨ ᠰᠢᠨᠵᠢᠵᠦ ᠬᠤᠬᠢᠷᠠᠯ ᠤᠨ ᠬᠡᠮᠵᠢᠶ᠎ᠡ ᠶᠢ ᠲᠣᠭᠲᠠᠭᠠᠬᠤ ᠠᠵᠢᠯ ᠤᠨ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠵᠢᠷᠤᠮᠯᠠᠨ ᠬᠡᠷᠡᠭᠵᠢᠭᠦᠯᠲᠦᠭᠡᠢ᠃                                                2023 ᠣᠨ ᠤ 9 ᠰᠠᠷ᠎ᠠ ᠶᠢᠨ 15 ᠤ ᠡᠳᠦᠷ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ᠨᠠᠢᠮᠠᠨ ᠬᠤᠰᠢᠭᠤᠨ ᠤ 2023 ᠣᠨ ᠤ ᠲᠠᠷᠢᠶᠠᠯᠠᠩ ᠤᠨ ᠲᠠᠷᠢᠮᠠᠯ ᠤᠨ ᠦᠢᠯᠡᠰ ᠤᠨ ᠳᠠᠭᠠᠳᠬᠠᠯ ᠤᠨ ᠬᠤᠬᠢᠷᠠᠯ ᠤᠨ ᠬᠡᠮᠵᠢᠶ᠎ᠡ ᠶᠢ ᠪᠠᠶᠢᠴᠠᠭᠠᠨ ᠰᠢᠨᠵᠢᠵᠦ ᠬᠤᠬᠢᠷᠠᠯ ᠤᠨ ᠬᠡᠮᠵᠢᠶ᠎ᠡ ᠶᠢ ᠲᠤᠭᠲᠠᠭᠠᠬᠤ ᠠᠵᠢᠯ ᠤᠨ ᠲᠦᠰᠦᠯ     ︽ᠲᠥᠪ ᠤᠨ ᠡᠳ᠋ ᠤᠨ ᠵᠠᠰᠠᠭ ᠤᠨ ᠲᠠᠷᠢᠶᠠᠯᠠᠩ ᠤᠨ ᠳᠠᠭᠠᠳᠬᠠᠯ ᠤᠨ ᠵᠠᠷᠤᠳᠠᠯ ᠤᠨ ᠨᠥᠬᠦᠪᠥᠷᠢ ᠶᠢᠨ ᠬᠠᠮᠢᠶᠠᠷᠤᠯᠲᠠ ᠶᠢᠨ ᠠᠷᠭ᠎ᠠ︾ ︵ᠡᠳ᠋ ᠮᠥᠩᠭᠦ  ﹇2021﹈130 ᠳ᠋ᠤᠭᠠᠷ ᠲᠣᠭᠠᠲᠤ︶᠂ ︽ᠡᠳ᠋ ᠤᠨ ᠵᠠᠰᠠᠭ ᠤᠨ ᠶᠠᠮᠤᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ︿ᠭᠤᠷᠪᠠᠨ ᠶᠡᠭᠡ ᠠᠮᠤ ᠪᠤᠳᠠᠭᠠᠨ ᠤ ᠲᠠᠷᠢᠮᠠᠯ ᠤᠨ ᠪᠦᠷᠢᠨ ᠥᠪᠡᠷ ᠤᠨ ᠥᠷᠲᠡᠭ ᠤᠨ ᠳᠠᠭᠠᠳᠬᠠᠯ ᠪᠠ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠢ ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠬᠦ ᠲᠤᠬᠠᠶ ᠮᠡᠳᠡᠭᠳᠡᠯ﹀︾ ︵ᠡᠳ᠋ ᠮᠥᠩᠭᠦ  ﹇2021﹈ 49 ᠳ᠋ᠦᠭᠡᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠠᠷᠢᠶᠠᠯᠠᠩ ᠤᠨ ᠳᠠᠭᠠᠳᠬᠠᠯ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠠᠵᠢᠯ ᠤᠨ ᠲᠥᠰᠦᠯ︾ ︵ᠥᠪᠥᠷ ᠡᠳ᠋ ᠮᠥᠩᠭᠦ ﹇2020﹈ 1247 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠨ ᠶᠡᠭᠡ ᠠᠮᠤ ᠪᠤᠳᠠᠭᠠᠨ ᠤ ᠲᠠᠷᠢᠮᠠᠯ ᠤᠨ ᠪᠦᠷᠢᠨ ᠥᠪᠡᠷ ᠤᠨ ᠥᠷᠲᠡᠭ ᠤᠨ ᠳᠠᠭᠠᠳᠬᠠᠯ ᠤᠨ ᠬᠡᠷᠡᠭᠵᠢᠭᠦᠯᠬᠦ ᠲᠥᠰᠦᠯ︾ ︵ᠥᠪᠥᠷ ᠡᠳ᠋ ᠮᠥᠩᠭᠦ  ﹇2021﹈ 1025 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠳᠠᠭᠠᠳᠬᠠᠯ ᠤᠨ ᠵᠠᠷᠤᠳᠠᠯ ᠳᠤ ᠨᠥᠬᠦᠪᠥᠷᠢ ᠥᠭᠬᠦ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠡᠳ᠋ ᠮᠥᠩᠭᠦᠨ ᠲᠣᠭᠲᠠᠭᠠᠯ  ﹇2023﹈2 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ ᠶᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠲᠠᠷᠢᠶᠠᠯᠠᠩ ᠤᠨ ᠳᠠᠭᠠᠳᠬᠠᠯ ᠤᠨ ᠵᠠᠷᠤᠳᠠᠯ ᠳᠤ ᠨᠥᠬᠦᠪᠥᠷᠢ ᠥᠭᠬᠦ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠡᠳ᠋ ᠮᠥᠩᠭᠦ  ﹇2023﹈ 562 ᠳ᠋ᠤᠭᠠᠷ ᠲᠣᠭᠠᠲᠤ︶᠂ ︽ᠲᠦᠩᠯᠢᠶᠣᠤ ᠬᠤᠲᠠ ᠶᠢᠨ 2023 ᠣᠨ ᠤ ᠲᠠᠷᠢᠶᠠᠯᠠᠩ ᠤᠨ ᠳᠠᠭᠠᠳᠬᠠᠯ ᠤᠨ ᠵᠠᠷᠤᠳᠠᠯ ᠳᠤ ᠨᠥᠬᠦᠪᠥᠷᠢ ᠥᠭᠬᠦ ᠬᠡᠷᠡᠭᠵᠢᠭᠦᠯᠬᠦ ᠲᠥᠰᠦᠯ︾ ︵ᠡᠳ᠋ ᠤᠨ ᠶᠠᠪᠤᠳᠠᠯ ᠤᠨ ᠮᠥᠩᠭᠦ  ﹇2023﹈ 87 ᠳ᠋ᠤᠭᠠᠷ ᠲᠣᠭᠠᠲᠤ︶ ᠵᠢᠴᠢ ︽ᠨᠠᠢᠮᠠᠨ ᠬᠤᠰᠢᠭᠤᠨ ᠤ 2023 ᠣᠨ ᠤ ᠲᠠᠷᠢᠶᠠᠯᠠᠩ ᠤᠨ ᠲᠠᠷᠢᠮᠠᠯ ᠤᠨ ᠦᠢᠯᠡᠰ ᠤᠨ ᠳᠠᠭᠠᠳᠬᠠᠯ ᠤᠨ ᠨᠥᠬᠦᠪᠥᠷᠢ ᠶᠢ ᠬᠡᠷᠡᠭᠵᠢᠭᠦᠯᠬᠦ ᠲᠥᠰᠦᠯ︾ ︵ᠥᠪᠥᠷ ᠵᠠᠰᠠᠭ ᠠᠯᠪᠠᠨ ᠥᠰᠥᠭ  ﹇2023﹈50 ᠳ᠋ᠤᠭᠠᠷ ᠲᠣᠭᠠᠲᠤ︶ ᠤᠨ ᠱᠠᠭᠠᠷᠳᠠᠯᠭ᠎ᠠ᠂ 2023 ᠣᠨ ᠤ ᠪᠥᠬᠦ ᠬᠤᠰᠢᠭᠤᠨ ᠤ ᠲᠠᠷᠢᠶᠠᠯᠠᠩ ᠤᠨ ᠲᠠᠷᠢᠮᠠᠯ ᠤᠨ  ᠦᠢᠯᠡᠰ ᠤᠨ ᠳᠠᠭᠠᠳᠬᠠᠯ ᠤᠨ ᠪᠠᠶᠢᠴᠠᠭᠠᠨ ᠰᠢᠨᠵᠢᠵᠦ ᠬᠤᠬᠢᠷᠠᠯ ᠤᠨ ᠬᠡᠮᠵᠢᠶ᠎ᠡ ᠶᠢ ᠲᠣᠭᠲᠠᠭᠠᠬᠤ ᠠᠵᠢᠯ ᠢ ᠦᠨᠡᠨ ᠬᠦ ᠰᠠᠶᠢᠲᠤᠷ ᠠᠳᠬᠤᠬᠤ ᠶᠢᠨ ᠲᠥᠯᠥᠭᠡ᠂ ᠲᠣᠰ ᠲᠥᠰᠦᠯ ᠢ ᠲᠣᠭᠲᠠᠭᠠᠪᠠ᠃      ᠨᠢᠭᠡ᠂ ᠪᠠᠶᠢᠴᠠᠭᠠᠨ ᠰᠢᠨᠵᠢᠵᠦ ᠬᠤᠬᠢᠷᠠᠯ  ᠤᠨ ᠬᠡᠮᠵᠢᠶ᠎ᠡ  ᠶᠢ ᠲᠣᠭᠲᠠᠭᠠᠬᠤ ᠴᠠᠭ      2023 ᠣᠨ ᠤ 9 ᠰᠠᠷ᠎ᠠ ᠶᠢᠨ 16 ᠤ ᠡᠳᠦᠷ — 2023 ᠣᠨ ᠤ 10 ᠰᠠᠷ᠎ᠠ ᠶᠢᠨ14 ᠤ ᠡᠳᠦᠷ      ᠬᠤᠶᠠᠷ᠂ ᠪᠠᠶᠢᠴᠠᠭᠠᠨ ᠰᠢᠨᠵᠢᠵᠦ ᠬᠤᠬᠢᠷᠠᠯ ᠤᠨ ᠬᠡᠮᠵᠢᠶ᠎ᠡ ᠶᠢ ᠲᠣᠭᠲᠠᠭᠠᠬᠤ ᠬᠦᠷᠢᠶ᠎ᠡ ᠬᠡᠪᠴᠢᠶ᠎ᠡ      ᠪᠥᠬᠦ ᠬᠤᠰᠢᠭᠤᠨ ᠤ 14 ᠰᠤᠮᠤ ᠰᠢᠶᠠᠩ ᠪᠠᠯᠭᠠᠰᠤ᠂ 1 ᠤᠯᠤᠰ ᠤᠨ ᠥᠮᠴᠢᠯᠡᠯᠲᠦ ᠲᠠᠷᠢᠶᠠᠯᠠᠩ ᠤᠨ ᠲᠠᠯᠠᠪᠠᠶ᠂ 363 ᠭᠠᠴᠠᠭ᠎ᠠ ᠲᠣᠰᠬᠤᠨ ︵8 ᠤᠯᠤᠰ ᠤᠨ ᠥᠮᠴᠢᠯᠡᠯᠲᠦ ᠲᠠᠷᠢᠶᠠᠯᠠᠩ ᠤᠨ ᠲᠠᠯᠠᠪᠠᠶ ᠶᠢᠨ ᠬᠤᠪᠢᠶᠠᠷᠢ ᠲᠠᠯᠠᠪᠠᠶ ᠪᠠᠭᠲᠠᠨ᠎ᠠ︶᠂ 2 ᠲᠠᠷᠢᠶᠠᠯᠠᠩ ᠮᠠᠯᠵᠢᠯ ᠤᠨ ᠲᠠᠯᠠᠪᠠᠶ᠂ 9 ᠣᠶ ᠰᠢᠭᠤᠢ ᠶᠢᠨ ᠲᠠᠯᠠᠪᠠᠶ ︵ᠴᠢᠬᠢ ᠮᠣᠳᠣᠨ ᠤ ᠬᠦᠷᠢᠶᠡᠯᠡᠩ︶᠂ 5 ᠤᠰᠤᠨ ᠴᠥᠭᠦᠷᠥᠮ᠂ 6 ᠥᠷᠲᠡᠭᠡ ︵ᠭᠠᠵᠠᠷ︶᠃ ᠲᠠᠷᠢᠮᠠᠯ ᠤᠨ ᠦᠢᠯᠡᠰ ᠤᠨ ᠳᠠᠭᠠᠳᠬᠠᠯ ᠤᠨ 77405 ᠡᠷᠦᠬᠡ ᠲᠠᠷᠢᠶᠠᠴᠢᠨ ᠡᠷᠦᠬᠡ ᠶᠢᠨ ᠳᠠᠭᠠᠳᠬᠠᠭᠤᠯᠤᠭᠰᠠᠨ ᠡᠷᠳᠡᠨᠢ ᠰᠢᠰᠢ 277378.9 ᠮᠦ᠂ ᠤᠰᠤᠨ ᠲᠤᠲᠤᠷᠭ᠎ᠠ 30731.3 ᠮᠦ᠂ ᠰᠢᠷ᠎ᠠ ᠪᠤᠷᠴᠠᠭ 43715 ᠮᠦ᠂ ᠨᠡᠷᠡᠨ ᠬᠤᠸᠠᠷ 12067 ᠮᠦ᠂ ᠰᠢᠬᠢᠷ ᠯᠤᠤᠪᠠᠩ 1277.6 ᠮᠦ᠂ ᠪᠤᠭᠤᠳᠠᠢ 130.5 ᠮᠦ᠂ ᠲᠥᠮᠥᠰᠥ 4464 ᠮᠦ ᠲᠠᠷᠢᠮᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠢᠨᠵᠢᠨ᠎ᠡ︔ ᠬᠥᠮᠥᠨ ᠤ ᠬᠦᠴᠦᠨ ᠪᠠᠷ ᠡᠰᠡᠷᠭᠦᠴᠡᠬᠦ ᠶᠢᠨ ᠠᠷᠭ᠎ᠠ ᠦᠭᠡᠢ ᠪᠠᠶᠢᠭᠠᠯᠢ ᠶᠢᠨ ᠭᠠᠮᠰᠢᠭ ᠲᠤ ᠤᠴᠠᠷᠠᠭᠰᠠᠨ ᠠᠴᠠ ᠪᠣᠯᠵᠤ ᠳᠠᠭᠠᠳᠬᠠᠭᠤᠯᠤᠭᠰᠠᠨ ᠲᠠᠷᠢᠮᠠᠯ ᠤᠨ ᠤᠨᠠᠯᠲᠠ ᠶᠢ ᠬᠠᠰᠤᠭᠳᠠᠭᠤᠯᠤᠭᠰᠠᠨ ᠬᠤᠬᠢᠷᠠᠯ ᠤᠨ ᠪᠠᠶᠢᠳᠠᠯ ᠢ ᠪᠠᠶᠢᠴᠠᠭᠠᠨ  ᠰᠢᠨᠵᠢᠨ᠎ᠡ᠃ ︵ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠲᠤ ᠬᠠᠷᠢᠶᠠᠯᠠᠭᠳᠠᠬᠤ ᠲᠠᠷᠢᠶᠠᠯᠠᠩ ᠮᠠᠯ ᠠᠵᠤ ᠠᠬᠤᠢ ᠣᠶ ᠰᠢᠭᠤᠢ ᠶᠢᠨ ᠲᠠᠯᠠᠪᠠᠶ᠂ ᠤᠰᠤᠨ ᠴᠥᠭᠦᠷᠥᠮ ᠤᠨ ᠲᠠᠷᠢᠮᠠᠯ ᠤᠨ ᠦᠢᠯᠡᠰ ᠤᠨ ᠳᠠᠭᠠᠳᠬᠠᠯ ᠤᠨ ᠪᠠᠶᠢᠴᠠᠭᠠᠨ ᠰᠢᠨᠵᠢᠵᠦ ᠬᠤᠬᠢᠷᠠᠯ ᠤᠨ ᠬᠡᠮᠵᠢᠶ᠎ᠡ ᠶᠢ ᠲᠣᠭᠲᠠᠭᠠᠬᠤ ᠶᠢ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠳᠤ ᠬᠠᠷᠢᠶᠠᠯᠠᠭᠳᠠᠬᠤ ᠰᠤᠮᠤ ᠰᠢᠶᠠᠩ ᠪᠠᠯᠭᠠᠰᠤ ᠳᠤ ᠵᠡᠷᠭᠡᠪᠡᠷ ᠶᠠᠪᠤᠭᠳᠠᠭᠤᠯᠤᠨ᠎ᠠ︶᠃      ᠭᠤᠷᠪᠠ᠂ ᠬᠤᠬᠢᠷᠠᠯ ᠤᠨ ᠬᠡᠮᠵᠢᠶ᠎ᠡ ᠶᠢ ᠪᠠᠶᠢᠴᠠᠭᠠᠨ ᠰᠢᠨᠵᠢᠵᠦ ᠲᠣᠭᠲᠠᠭᠠᠬᠤ ᠪᠠᠷᠢᠮᠵᠢᠶ᠎ᠠ      ᠪᠠᠶᠢᠴᠠᠭᠠᠨ ᠰᠢᠨᠵᠢᠵᠦ ᠬᠤᠬᠢᠷᠠᠯ ᠢ ᠲᠣᠭᠲᠠᠭᠠᠬᠤ ᠪᠠᠷᠢᠮᠵᠢᠶ᠎ᠠ ᠨᠢ ᠳᠠᠭᠠᠳᠬᠠᠭᠤᠯᠤᠭᠰᠠᠨ ᠲᠠᠷᠢᠮᠠᠯ ︵ᠡᠷᠳᠡᠨᠢ ᠰᠢᠰᠢ᠂ ᠤᠰᠤᠨ ᠲᠤᠲᠤᠷᠭ᠎ᠠ᠂ ᠰᠢᠷ᠎ᠠ ᠪᠤᠷᠴᠠᠭ᠂ ᠨᠡᠷᠡᠨ ᠬᠤᠸᠠᠷ᠂ ᠰᠢᠬᠢᠷ ᠯᠤᠤᠪᠠᠩ᠂ ᠪᠤᠭᠤᠳᠠᠢ᠂ ᠲᠥᠮᠥᠰᠥ︶ ᠤᠨ ᠰᠠᠯᠬᠢᠨ ᠤ ᠭᠠᠮᠰᠢᠭ᠂ ᠰᠢᠷᠦᠭᠦᠨ ᠪᠣᠷᠣᠭᠠᠨ᠂ ᠦᠶᠡᠷ ᠤᠰᠤᠲᠤᠯ᠂ ᠮᠥᠨᠳᠥᠷ ᠤᠨ ᠭᠠᠮᠰᠢᠭ ᠤᠨ ᠬᠤᠬᠢᠷᠠᠯ ᠤᠨ ᠬᠡᠮᠵᠢᠶ᠎ᠡ ᠨᠢ 20%  ᠠᠴᠠ ᠳᠡᠭᠡᠭᠰᠢ 70%  ᠠᠴᠠ ᠳᠣᠷᠣᠭᠰᠢ ︵ᠤᠨᠠᠯᠲᠠ ᠨᠢ 2 ᠬᠤᠪᠢ  ᠠᠴᠠ ᠳᠡᠭᠡᠭᠰᠢ 7 ᠬᠤᠪᠢ  ᠠᠴᠠ ᠳᠣᠷᠣᠭᠰᠢ︶ ᠪᠠ ᠬᠥᠯᠳᠡᠯ ᠤᠨ ᠭᠠᠮᠰᠢᠭ᠂ ᠭᠠᠩ ᠤᠨ ᠭᠠᠮᠰᠢᠭ ᠬᠢᠭᠡᠳ ᠡᠪᠡᠳᠴᠢᠨ ᠬᠤᠷᠣᠬᠠᠢ ᠬᠤᠯᠤᠭᠠᠨ᠎ᠠ ᠶᠢᠨ ᠭᠠᠮᠰᠢᠭ ᠤᠨ ᠬᠤᠬᠢᠷᠠᠯ ᠤᠨ ᠬᠡᠮᠵᠢᠶ᠎ᠡ ᠨᠢ 30%  ᠠᠴᠠ ᠳᠡᠭᠡᠭᠰᠢ 70%  ᠠᠴᠠ ᠳᠣᠷᠣᠭᠰᠢ ︵ᠤᠨᠠᠯᠲᠠ ᠨᠢ 3 ᠬᠤᠪᠢ  ᠠᠴᠠ ᠳᠡᠭᠡᠭᠰᠢ 7 ᠬᠤᠪᠢ  ᠠᠴᠠ ᠳᠣᠷᠣᠭᠰᠢ︶ ᠪᠠᠶᠢᠪᠠᠯ᠂ ᠭᠠᠮᠰᠢᠭᠳᠠᠭᠰᠠᠨ ᠬᠤᠬᠢᠷᠠᠯ  ᠤᠨ 7 ᠬᠤᠪᠢ ᠠᠴᠠ ᠳᠡᠭᠡᠭᠰᠢ ︵7 ᠬᠤᠪᠢ ᠶᠢ ᠪᠠᠭᠲᠠᠭᠠᠨ᠎ᠠ︶ ᠭᠠᠮᠰᠢᠭᠳᠠᠭᠰᠠᠨ ᠲᠠᠯᠠᠪᠠᠢ ᠶᠢ ᠪᠠᠶᠢᠴᠠᠭᠠᠨ ᠰᠢᠨᠵᠢᠬᠦ ᠳᠤᠭᠤᠶᠢᠯᠠᠩ ᠠᠴᠠ ᠲᠤᠬᠠᠢ ᠶᠢᠨ ᠭᠠᠵᠠᠷ ᠲᠤᠨᠢ ᠬᠦᠷᠴᠦ ᠠᠩᠬ᠎ᠠ ᠠᠯᠬᠤᠮ ᠮᠠᠭᠠᠳᠯᠠᠵᠤ᠂ ᠨᠤᠲᠠᠯᠠᠭᠰᠠᠨ ᠤ ᠲᠠᠷᠠᠭ᠎ᠠ ᠲᠤᠰᠬᠠᠢ ᠮᠡᠷᠭᠡᠵᠢᠯᠲᠡᠨ ᠤ ᠳᠤᠭᠤᠶᠢᠯᠠᠩ ᠢᠶᠠᠷ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠯᠭᠡᠬᠦ ᠪᠠᠷ ᠭᠤᠶᠤᠴᠢᠯᠠᠨ᠎ᠠ᠃ ᠪᠠᠶᠢᠴᠠᠭᠠᠨ ᠰᠢᠨᠵᠢᠵᠦ ᠬᠤᠬᠢᠷᠠᠯ ᠤᠨ ᠬᠡᠮᠵᠢᠶ᠎ᠡ ᠶᠢ ᠲᠣᠭᠲᠠᠭᠠᠬᠤ ᠠᠵᠢᠯ ᠢ ᠲᠠᠷᠢᠮᠠᠯ ᠤᠨ ᠦᠢᠯᠡᠰ ᠤᠨ ᠳᠠᠭᠠᠳᠬᠠᠯ  ᠤᠨ ᠪᠠᠶᠢᠴᠠᠭᠠᠨ ᠰᠢᠨᠵᠢᠵᠦ ᠬᠤᠬᠢᠷᠠᠯ ᠤᠨ ᠬᠡᠮᠵᠢᠶ᠎ᠡ ᠶᠢ ᠲᠣᠭᠲᠠᠭᠠᠨ ᠲᠥᠯᠥᠬᠦ ᠠᠵᠢᠯ ᠤᠨ ᠲᠣᠭᠲᠠᠭᠠᠯ ᠪᠣᠯᠣᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠶᠠᠪᠤᠭᠳᠠᠭᠤᠯᠵᠤ᠂ ᠤᠨᠠᠯᠲᠠ ᠶᠢ ᠤᠨᠤᠯ ᠢᠶᠠᠷ ᠬᠡᠮᠵᠢᠬᠦ ᠠᠵᠢᠯ ᠢ ᠲᠠᠷᠢᠶᠠᠯᠠᠩ ᠤᠨ  ᠶᠠᠮᠤᠨ ᠤ ᠤᠨᠠᠯᠲᠠ ᠶᠢ ᠤᠨᠤᠯ ᠢᠶᠠᠷ ᠬᠡᠮᠵᠢᠬᠦ ᠲᠡᠰ ᠳᠠᠷᠠᠭᠠᠯᠠᠯ ᠢ ᠴᠢᠩᠭ᠎ᠠ ᠵᠢᠷᠤᠮᠯᠠᠨ ᠶᠠᠪᠤᠭᠳᠠᠭᠤᠯᠵᠤ᠂ ᠲᠠᠷᠢᠮᠠᠯ ᠤᠨ ᠵᠦᠢᠯ  ᠤᠨ ᠪᠣᠳᠠᠲᠠᠢ ᠬᠤᠬᠢᠷᠠᠯ ᠤᠨ ᠬᠡᠮᠵᠢᠶ᠎ᠡ ᠶᠢ ᠦᠨᠳᠦᠰᠦᠯᠡᠨ ᠬᠤᠬᠢᠷᠠᠯ ᠤᠨ ᠬᠡᠮᠵᠢᠶ᠎ᠡ ᠶᠢ ᠲᠣᠭᠲᠠᠭᠠᠵᠤ᠂ ᠬᠤᠬᠢᠷᠠᠯ ᠤᠨ ᠪᠠᠷᠢᠮᠵᠢᠶ᠎ᠠ ᠳᠤ ᠬᠥᠷᠥᠭᠰᠡᠨ ᠦᠭᠡᠢ ᠭᠠᠵᠠᠷ ᠢ ᠲᠥᠯᠥᠵᠦ ᠥᠭᠬᠦ ᠦᠭᠡᠢ᠃      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠮᠠᠯ ᠤᠨ ᠦᠢᠯᠡᠰ ᠤᠨ ᠳᠠᠭᠠᠳᠬᠠᠯ ᠤᠨ  ᠳᠦᠷᠢᠮ︾ ᠤᠨ ᠬᠤᠷᠢᠨ ᠨᠢᠭᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠪᠡᠯ᠂ ᠪᠥᠬᠦ ᠬᠤᠬᠢᠷᠠᠯ ᠪᠤᠶᠤ ᠬᠡᠰᠡᠭ ᠬᠤᠬᠢᠷᠠᠯ ᠭᠠᠷᠤᠭᠰᠠᠨ ᠪᠠᠶᠢᠪᠠᠯ᠂ ᠳᠠᠭᠠᠳᠬᠠᠭᠰᠠᠨ ᠲᠠᠯᠠᠪᠠᠶ ᠨᠢ ᠪᠣᠳᠠᠲᠠᠢ ᠳᠠᠷᠢᠭᠰᠠᠨ ᠲᠠᠯᠠᠪᠠᠶ  ᠠᠴᠠ ᠪᠠᠭ᠎ᠠ ᠪᠠᠶᠢᠪᠠᠯ ᠂ ᠳᠠᠭᠠᠳᠬᠠᠭᠰᠠᠨ ᠲᠠᠯᠠᠪᠠᠶ ᠬᠢᠭᠡᠳ ᠪᠣᠳᠠᠲᠠᠢ ᠳᠠᠷᠢᠭᠰᠠᠨ ᠲᠠᠯᠠᠪᠠᠶ ᠶᠢᠨ ᠬᠠᠷᠢᠴᠠᠯ ᠢᠶᠠᠷ ᠲᠥᠯᠥᠪᠦᠷᠢ ᠶᠢᠨ ᠵᠣᠭᠤᠰ ᠤᠨ ᠲᠤᠭ᠎ᠠ ᠶᠢ ᠪᠤᠳᠤᠨ᠎ᠠ᠃ ᠳᠠᠭᠠᠳᠬᠠᠭᠰᠠᠨ ᠲᠠᠯᠠᠪᠠᠢ ᠨᠢ ᠪᠣᠳᠠᠲᠠᠢ ᠳᠠᠷᠢᠭᠰᠠᠨ ᠲᠠᠯᠠᠪᠠᠢ ᠠᠴᠠ ᠶᠡᠭᠡ ᠪᠠᠶᠢᠪᠠᠯ᠂ ᠪᠣᠳᠠᠲᠠᠢ ᠬᠤᠬᠢᠷᠠᠭᠰᠠᠨ ᠲᠠᠯᠠᠪᠠᠢ ᠪᠠᠷ ᠲᠥᠯᠥᠪᠦᠷᠢ ᠶᠢᠨ ᠵᠣᠭᠤᠰ ᠤᠨ ᠲᠤᠭ᠎ᠠ ᠶᠢ ᠪᠤᠳᠤᠨ᠎ᠠ᠃      ᠳᠥᠷᠪᠡ᠂ ᠬᠤᠬᠢᠷᠠᠯ ᠤᠨ ᠬᠡᠮᠵᠢᠶ᠎ᠡ ᠶᠢ ᠪᠠᠶᠢᠴᠠᠭᠠᠨ ᠰᠢᠨᠵᠢᠵᠦ ᠲᠣᠭᠲᠠᠭᠠᠬᠤ ᠠᠷᠭ᠎ᠠ      ᠬᠤᠰᠢᠭᠤᠨ ᠤ ᠲᠠᠷᠢᠶᠠᠯᠠᠩ ᠮᠠᠯᠵᠢᠯ ᠤᠨ ᠰᠢᠨᠵᠢᠯᠡᠬᠦ ᠤᠬᠠᠭᠠᠨ ᠤ ᠲᠣᠪᠴᠢᠶ᠎ᠠ ᠲᠠᠷᠢᠶᠠᠯᠠᠩ ᠤᠨ ᠲᠤᠰᠬᠠᠢ ᠮᠡᠷᠭᠡᠵᠢᠯᠲᠡᠨ ᠵᠢᠴᠢ ᠬᠠᠮᠢᠶ᠎ᠠ ᠪᠦᠬᠦᠢ ᠬᠥᠮᠥᠰ ᠢ ᠨᠢᠭᠡᠳᠦᠯᠲᠡᠢ ᠲᠠᠲᠠᠵᠤ ᠬᠡᠷᠡᠭᠯᠡᠬᠦ ᠶᠢ ᠬᠠᠷᠢᠭᠤᠴᠠᠵᠤ᠂ ᠲᠠᠷᠢᠮᠠᠯ ᠤᠨ ᠦᠢᠯᠡᠰ ᠤᠨ ᠳᠠᠭᠠᠳᠬᠠᠯ ᠤᠨ ᠪᠠᠶᠢᠴᠠᠭᠠᠨ ᠰᠢᠨᠵᠢᠵᠦ ᠬᠤᠬᠢᠷᠠᠯ ᠢ ᠲᠣᠭᠲᠠᠭᠠᠬᠤ ᠠᠵᠢᠯ ᠤᠨ ᠳᠤᠭᠤᠶᠢᠯᠠᠩ ︵ᠨᠡᠷᠡᠰ  ᠢ ᠠᠷᠤ᢭ ᠲᠤᠨᠢ ᠳᠠᠭᠠᠯᠳᠤᠭᠤᠯᠪᠠ︶ ᠪᠠᠶᠢᠭᠤᠯᠵᠤ᠂ ᠡᠯ᠎ᠡ ᠠᠵᠢᠯᠯᠠᠬᠤ ᠳᠤᠭᠤᠶᠢᠯᠠᠩ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠨᠥᠬᠦᠪᠦᠷᠢ ᠥᠭᠬᠦ ᠲᠠᠷᠢᠮᠠᠯ ᠤᠨ ᠦᠢᠯᠡᠰ ᠤᠨ ᠳᠠᠭᠠᠳᠬᠠᠯ  ᠤᠨ ᠪᠠᠶᠢᠴᠠᠭᠠᠨ ᠰᠢᠨᠵᠢᠵᠦ ᠬᠤᠬᠢᠷᠠᠯ ᠢ ᠲᠣᠭᠲᠠᠭᠠᠬᠤ ᠲᠥᠯᠥᠪᠦᠷᠢ ᠶᠢᠨ ᠠᠵᠢᠯ ᠤᠨ ᠲᠣᠭᠲᠠᠭᠠᠯ︾ ᠢ ᠬᠢᠨᠠᠮᠠᠭᠠᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠭᠠᠷᠤᠯᠲᠠ ᠶᠢ ᠨᠢᠳᠦ ᠪᠠᠷ ᠵᠢᠱᠢᠵᠦ ᠬᠤᠬᠢᠷᠠᠯ ᠢ ᠲᠣᠭᠲᠠᠭᠠᠬᠤ᠂ ᠤᠨᠠᠯᠲᠠ ᠶᠢ ᠤᠨᠤᠯ ᠢᠶᠠᠷ ᠬᠡᠮᠵᠢᠵᠦ ᠬᠤᠬᠢᠷᠠᠯ ᠢ ᠲᠣᠭᠲᠠᠭᠠᠬᠤ ᠵᠢᠴᠢ ᠴᠠᠭ ᠠᠭᠤᠷ ᠤᠨ ᠵᠢᠭᠠᠯᠲᠠ ᠲᠤᠭ᠎ᠠ ᠶᠢ ᠬᠠᠷᠢᠯᠴᠠᠨ ᠤᠶᠠᠯᠳᠤᠭᠤᠯᠬᠤ ᠠᠷᠭ᠎ᠠ ᠪᠠᠷ ᠬᠤᠬᠢᠷᠠᠯ ᠢ ᠲᠤᠭᠲᠠᠭᠠᠨ᠎ᠠ᠃ ᠪᠠᠶᠢᠴᠠᠭᠠᠨ ᠰᠢᠨᠵᠢᠬᠦ ᠳᠤᠭᠤᠶᠢᠯᠠᠩ ᠨᠢ ᠪᠣᠶ ᠪᠦᠬᠦᠢ ᠳᠠᠭᠠᠳᠬᠠᠭᠤᠯᠤᠭᠰᠠᠨ ᠲᠠᠷᠢᠮᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠢᠨᠵᠢᠵᠦ᠂ ᠭᠠᠮᠰᠢᠭᠳᠠᠭᠰᠠᠨ ᠭᠠᠵᠠᠷ ᠤᠨ ᠨᠡᠷᠡᠶᠢᠳᠦᠯ᠂ ᠭᠠᠮᠰᠢᠭ ᠡᠭᠦᠰᠦᠭᠰᠡᠨ ᠴᠠᠭ ᠬᠤᠭᠤᠴᠠᠭ᠎ᠠ᠂ ᠭᠠᠮᠰᠢᠭᠳᠠᠭᠰᠠᠨ ᠲᠠᠷᠢᠮᠠᠯ ᠤᠨ ᠲᠥᠷᠥᠯ ᠵᠦᠢᠯ ᠵᠢᠴᠢ ᠬᠤᠬᠢᠷᠠᠯ ᠤᠨ ᠬᠡᠮᠵᠢᠶ᠎ᠡ ᠶᠢ ᠨᠤᠲᠠᠯᠠᠨ ᠲᠣᠭᠲᠠᠭᠠᠵᠤ᠂ ᠵᠠᠷᠴᠢᠮ ᠳᠡᠭᠡᠷ᠎ᠡ ᠪᠠᠨ ᠬᠤᠬᠢᠷᠠᠭᠳᠠᠭᠰᠠᠨ ᠭᠠᠵᠠᠷ ᠢ ᠰᠤᠭᠤᠴᠢᠨ ᠪᠠᠶᠢᠴᠠᠭᠠᠬᠤ ᠳᠤ ᠭᠤᠷᠪᠠ ᠬᠡᠰᠡᠭ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ︽ᠨᠠᠢᠮᠠᠨ ᠬᠤᠰᠢᠭᠤᠨ ᠤ 2023 ᠣᠨ ᠤ ᠲᠠᠷᠢᠮᠠᠯ ᠤᠨ ᠦᠢᠯᠡᠰ ᠤᠨ ᠳᠠᠭᠠᠳᠬᠠᠯ ᠤᠨ ᠤᠨᠠᠯᠲᠠ ᠶᠢ ᠬᠡᠮᠵᠢᠬᠦ ᠬᠦᠰᠦᠨᠦᠭᠲᠦ︾ ︽ᠨᠠᠢᠮᠠᠨ ᠬᠤᠰᠢᠭᠤᠨ ᠤ 2023 ᠣᠨ ᠤ ᠲᠠᠷᠢᠮᠠᠯ ᠤᠨ ᠦᠢᠯᠡᠰ ᠤᠨ ᠳᠠᠭᠠᠳᠬᠠᠯ ᠤᠨ ᠪᠠᠶᠢᠴᠠᠭᠠᠨ ᠰᠢᠨᠵᠢᠵᠦ ᠬᠤᠬᠢᠷᠠᠯ ᠢ ᠲᠣᠭᠲᠠᠭᠠᠭᠰᠠᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ︾ ᠶᠢ ᠲᠠᠭᠯᠠᠨ᠎ᠠ᠃ ᠭᠠᠷᠤᠯᠲᠠ ᠢ ᠬᠡᠮᠵᠢᠨ ᠪᠠᠶᠢᠴᠠᠭᠠᠬᠤ ᠦᠯᠢᠭᠡᠷ ᠤᠨ ᠤᠭᠤᠲᠠ ᠢ ᠪᠢᠲᠡᠭᠦᠮᠵᠢᠯᠡᠬᠦ  ᠳᠤ ᠭᠠᠴᠠᠭ᠎ᠠ ᠲᠣᠰᠬᠤᠨ᠂ ᠰᠤᠮᠤ ᠰᠢᠶᠠᠩ ᠪᠠᠯᠭᠠᠰᠤ ︵ᠲᠠᠯᠠᠪᠠᠢ︶ ᠶᠢᠨ ᠠᠵᠢᠯᠲᠠᠳ ᠪᠣᠯᠣᠨ ᠪᠠᠶᠢᠴᠠᠭᠠᠨ ᠰᠢᠨᠵᠢᠬᠦ ᠠᠵᠢᠯ ᠤᠨ ᠳᠤᠭᠤᠶᠢᠯᠠᠩ ᠤᠨ ᠪᠦᠷᠢᠯᠳᠦᠭᠦᠨ ᠨᠠᠷ ᠭᠠᠷ  ᠤᠨ ᠦᠰᠦᠭ ᠵᠢᠷᠤᠵᠤ ᠨᠤᠲᠠᠯᠠᠬᠤ ᠶᠢᠨ ᠬᠠᠮᠲᠤ ᠪᠠᠶᠢᠴᠠᠭᠠᠨ ᠰᠢᠨᠵᠢᠵᠦ ᠭᠠᠷᠤᠯᠲᠠ ᠶᠢ ᠬᠡᠮᠵᠢᠨ ᠪᠠᠶᠢᠴᠠᠭᠠᠬᠤ ᠠᠵᠢᠯᠲᠠᠳ ᠰᠤᠮᠤ ᠰᠢᠶᠠᠩ ᠪᠠᠯᠭᠠᠰᠤ ︵ᠲᠠᠯᠠᠪᠠᠢ︶ ᠶᠢᠨ ᠵᠠᠰᠠᠭ  ᠤᠨ ᠣᠷᠳᠣᠨ ᠤ ᠠᠵᠢᠯᠲᠠᠳ ᠲᠠᠢ ᠬᠠᠮᠲᠤᠷᠠᠨ ᠦᠯᠢᠭᠡᠷ ᠢ ᠵᠢᠩᠯᠡᠵᠦ᠂ ᠦᠯᠢᠭᠡᠷ ᠤᠨ ᠤᠭᠤᠲᠠ ᠳᠡᠭᠡᠷ᠎ᠡ ᠰᠠᠶᠢᠲᠤᠷ ᠲᠡᠮᠳᠡᠭᠯᠡᠯ ᠬᠢᠬᠦ ᠶᠢᠨ ᠬᠠᠮᠲᠤ ᠳᠠᠭᠠᠳᠬᠠᠯ ᠤᠨ ᠺᠣᠮᠫᠠᠨᠢ ᠳᠤ ᠲᠤᠰᠢᠶᠠᠵᠤ ᠬᠠᠳᠠᠭᠠᠯᠠᠭᠤᠯᠤᠨ᠎ᠠ᠃ ᠨᠢᠭᠡᠨᠲᠡ ᠬᠢᠨᠠᠨ ᠲᠣᠭᠲᠠᠭᠠᠭᠰᠠᠨ ᠬᠤᠬᠢᠷᠠᠯ ᠢ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠠᠴᠠ ᠬᠠᠷᠢᠭᠤᠴᠠᠨ ᠡᠷᠦᠬᠡ ᠳᠤ ᠨᠠᠶᠢᠳᠠᠪᠤᠷᠢᠵᠢᠭᠤᠯᠵᠤ᠂ ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶ ᠠᠴᠠ ᠰᠢᠰᠲ᠋ᠧᠮ ᠳᠤ ᠲᠥᠪᠯᠡᠷᠡᠭᠦᠯᠦᠨ ᠣᠷᠣᠭᠤᠯᠤᠭᠰᠠᠨ ᠤ ᠳᠠᠷᠠᠭ᠎ᠠ᠂ ᠡᠯ᠎ᠡ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠳᠤ ᠲᠤᠯᠤᠭᠠᠨ ᠡᠳᠦᠷ ᠵᠠᠷᠯᠠᠨ ᠨᠡᠶᠢᠲᠡᠯᠡᠵᠦ᠂ ᠥᠷᠭᠡᠨ ᠣᠯᠠᠨ ᠮᠠᠯᠵᠢᠬᠤ ᠲᠠᠷᠢᠶᠠᠯᠠᠬᠤ ᠡᠷᠦᠬᠡ ᠶᠢᠨ ᠬᠢᠨᠠᠯᠲᠠ ᠲᠠᠯᠪᠢᠬᠤ ᠶᠢ ᠬᠦᠯᠢᠶᠡᠨ᠎ᠡ᠃ ᠢᠯᠡ ᠨᠡᠶᠢᠲᠡᠯᠡᠬᠦ ᠳᠤ ᠣᠨᠳᠣᠣ ᠰᠠᠨᠠᠯ ᠦᠭᠡᠢ ᠪᠣᠯ ᠭᠠᠴᠠᠭ᠎ᠠ ᠲᠣᠰᠬᠤᠨ ᠤ ᠵᠥᠪᠯᠡᠯ ᠤᠨ ᠭᠤᠣᠯ ᠬᠠᠷᠢᠭᠤᠴᠠᠯᠭᠠᠲᠠᠨ ᠵᠢᠴᠢ ᠲᠣᠰᠬᠤᠨ ᠤ ᠠᠷᠠᠳ ᠤᠨ ᠲᠥᠯᠥᠭᠡᠯᠡᠭᠴᠢ ᠠᠴᠠ ᠭᠠᠷ ᠤᠨ ᠥᠰᠥᠭ ᠵᠢᠷᠤᠵᠤ ᠨᠤᠲᠠᠯᠠᠭᠰᠠᠨ ᠤ ᠳᠠᠷᠠᠭ᠎ᠠ᠂ ᠳᠤᠮᠳᠠᠳᠤ ᠶᠢᠨ ᠬᠠᠮᠲᠤᠷᠠᠭᠰᠠᠨ ᠡᠳ᠋ ᠤᠨ ᠶᠠᠪᠤᠳᠠᠯ ᠤᠨ ᠳᠠᠭᠠᠳᠬᠠᠯ ᠤᠨ ᠺᠣᠮᠫᠠᠨᠢ ᠪᠣᠯᠣᠨ ᠳ᠋ᠠ ᠳ᠋ᠢ ᠡᠳ᠋ ᠬᠥᠷᠥᠩᠭᠡ ᠶᠢᠨ ᠳᠠᠭᠠᠳᠬᠠᠯ ᠤᠨ ᠺᠣᠮᠫᠠᠨᠢ ᠳᠤ ᠮᠡᠳᠡᠭᠦᠯᠵᠦ ᠲᠥᠯᠥᠪᠦᠷᠢ ᠶᠢᠨ ᠦᠨᠳᠦᠰᠦᠯᠡᠯ ᠪᠣᠯᠭᠠᠨ᠎ᠠ᠃      ᠲᠠᠪᠤ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠠᠷ ᠨᠢᠭᠡᠳᠦᠭᠡᠷ ᠳᠡᠳ᠋ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠠᠮᠢᠶ᠎ᠠ ᠪᠦᠬᠦᠢ ᠲᠥᠪ᠂ ᠠᠯᠪᠠᠨ ᠭᠡᠷ ᠤᠨ ᠬᠠᠷᠢᠭᠤᠴᠠᠯᠭᠠᠲᠠᠨ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠢᠶᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ᠂ ᠡᠯ᠎ᠡ ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ ᠪᠠᠷ ᠪᠦᠷᠢᠯᠳᠦᠭᠦᠨ ᠪᠣᠯᠭᠠᠭᠰᠠᠨ ᠪᠠᠶᠢᠴᠠᠭᠠᠨ ᠰᠢᠨᠵᠢᠵᠦ ᠬᠤᠬᠢᠷᠠᠯ ᠤᠨ ᠬᠡᠮᠵᠢᠶ᠎ᠡ ᠶᠢ ᠲᠣᠭᠲᠠᠭᠠᠬᠤ ᠠᠵᠢᠯ ᠤᠨ ᠳᠤᠭᠤᠶᠢᠯᠠᠩ ᠢ ᠪᠠᠶᠢᠭᠤᠯᠤᠨ᠎ᠠ᠃ ᠬᠤᠰᠢᠭᠤᠨ ᠤ ᠰᠢᠭᠤᠳ ᠲᠣᠮᠢᠯᠠᠭᠰᠠᠨ ᠠᠵᠢᠯᠲᠠᠳ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠪᠠᠶᠢᠴᠠᠭᠠᠨ ᠰᠢᠨᠵᠢᠵᠦ ᠬᠤᠬᠢᠷᠠᠯ ᠤᠨ ᠬᠡᠮᠵᠢᠶ᠎ᠡ ᠶᠢ ᠲᠣᠭᠲᠠᠭᠠᠬᠤ ᠠᠵᠢᠯ ᠢ ᠨᠢᠭᠲᠠ ᠬᠠᠮᠵᠢᠯᠴᠠᠨ ᠰᠠᠶᠢᠲᠤᠷ ᠬᠢᠵᠦ᠂ ᠪᠠᠶᠢᠴᠠᠭᠠᠨ ᠰᠢᠨᠵᠢᠬᠦ ᠬᠤᠭᠤᠴᠠᠭᠠᠨ ᠳᠤ ᠠᠷᠭ᠎ᠠ ᠵᠠᠯᠢ ᠬᠡᠷᠡᠭᠯᠡᠨ ᠠᠮᠢᠨ ᠳᠠᠭᠠᠨ ᠲᠠᠲᠠᠵᠤ ᠪᠣᠯᠬᠤ ᠦᠭᠡᠢ ᠪᠥᠭᠡᠳ ᠬᠠᠮᠢᠶ᠎ᠠ ᠪᠦᠬᠦᠢ ᠭᠡᠷᠡᠴᠢᠯᠡᠯ ᠤᠨ ᠲᠠᠩᠰᠠ ᠡᠪᠬᠡᠮᠡᠯ ᠤᠨ ᠮᠠᠲ᠋ᠧᠷᠢᠶᠠᠯ ᠢ ᠨᠠᠷᠢᠨ ᠨᠢᠮᠪᠠᠢ ᠴᠤᠭᠯᠠᠭᠤᠯᠬᠤ ᠬᠡᠷᠡᠭᠲᠡᠢ᠃    ︵ᠬᠤᠶᠠᠷ︶ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠎ᠠ᠃ ᠪᠠᠶᠢᠴᠠᠭᠠᠨ ᠰᠢᠨᠵᠢᠵᠦ ᠬᠤᠬᠢᠷᠠᠯ ᠤᠨ ᠬᠡᠮᠵᠢᠶ᠎ᠡ ᠶᠢ ᠲᠣᠭᠲᠠᠭᠠᠬᠤ ᠠᠵᠢᠯ ᠳᠤ ᠳᠤᠭᠤᠶᠢᠯᠠᠩ ᠤᠨ ᠳᠠᠷᠤᠭ᠎ᠠ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠠᠵᠢᠯᠯᠠᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢ ᠵᠣᠬᠢᠴᠠᠭᠤᠯᠤᠨ ᠬᠠᠮᠵᠢᠯᠴᠠᠵᠤ᠂ ᠬᠠᠷᠢᠯᠴᠠᠨ ᠬᠢᠨᠠᠯᠲᠠ ᠲᠠᠯᠪᠢᠵᠤ᠂ ᠪᠠᠶᠢᠴᠠᠭᠠᠨ ᠰᠢᠨᠵᠢᠬᠦ ᠠᠷᠭ᠎ᠠ ᠶᠢ ᠴᠢᠩᠭ᠎ᠠ ᠬᠡᠷᠡᠭᠵᠢᠭᠦᠯᠵᠦ᠂ ᠪᠤᠰᠤᠳᠴᠢ᠂ ᠡᠷᠬᠡ ᠲᠡᠭᠰᠢ᠂ ᠭᠤᠣᠯᠴᠢ ᠪᠠᠶᠢᠬᠤ ᠬᠡᠷᠡᠭᠲᠡᠶ᠃ ᠴᠠᠭ ᠠᠭᠤᠷ ᠤᠨ ᠰᠠᠯᠠᠭ᠎ᠠ ᠮᠥᠴᠢᠷ ᠠᠴᠠ ᠳᠠᠭᠠᠳᠬᠠᠯ ᠤᠨ ᠺᠣᠮᠫᠠᠨᠢ ᠵᠢᠴᠢ ᠪᠠᠶᠢᠴᠠᠭᠠᠨ ᠰᠢᠨᠵᠢᠬᠦ ᠳᠤᠭᠤᠶᠢᠯᠠᠩ ᠳᠤ ᠲᠠᠷᠢᠮᠠᠯ ᠤᠨ ᠤᠷᠭᠤᠯᠲᠠ ᠶᠢᠨ ᠤᠯᠠᠷᠢᠯ ᠤᠨ ᠴᠠᠭ ᠠᠭᠤᠷ ᠤᠨ ᠮᠠᠲ᠋ᠧᠷᠢᠶᠠᠯ ᠬᠠᠩᠭᠠᠬᠤ ᠶᠢ ᠬᠠᠷᠢᠭᠤᠴᠠᠨ᠎ᠠ︔ ᠣᠶ ᠰᠢᠭᠤᠶ ᠨᠤᠲᠤᠭ ᠪᠡᠯᠴᠢᠭᠡᠷ᠂ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠬᠠᠷᠢᠶ᠎ᠠ ᠣᠷᠣᠨ ᠤ ᠪᠠᠨ ᠳᠣᠲᠣᠷᠠᠬᠢ ᠳᠠᠭᠠᠳᠬᠠᠭᠤᠯᠤᠭᠰᠠᠨ ᠡᠷᠦᠬᠡ ᠶᠢᠨ ᠠᠵᠢᠯ ᠢ ᠵᠣᠬᠢᠴᠠᠭᠤᠯᠬᠤ ᠶᠢ ᠬᠠᠷᠢᠭᠤᠴᠠᠨ ᠲᠣᠬᠢᠷᠠᠭᠤᠯᠬᠤ ᠬᠡᠷᠡᠭᠲᠡᠶ︔ ᠤᠯᠤᠰ ᠤᠨ ᠪᠠᠶᠢᠴᠠᠭᠠᠯᠲᠠ ᠶᠢᠨ ᠠᠩᠭᠢ ᠨᠢ ᠣᠷᠣᠨ ᠪᠦᠰᠡ᠂ ᠲᠥᠷᠥᠯ ᠵᠦᠢᠯ ᠤᠨ ᠶᠣᠰᠣᠭᠠᠷ ᠬᠠᠮᠢᠶ᠎ᠠ ᠪᠦᠬᠦᠢ ᠭᠠᠷᠤᠯᠲᠠ ᠶᠢᠨ ᠲᠤᠭ᠎ᠠ ᠪᠠᠷᠢᠮᠲᠠ ᠬᠠᠩᠭᠠᠬᠤ ᠶᠢ ᠬᠠᠷᠢᠭᠤᠴᠠᠨ᠎ᠠ︔ ᠡᠳ᠋ ᠤᠨ ᠵᠠᠰᠠᠭ ᠤᠨ ᠰᠠᠯᠠᠭ᠎ᠠ ᠮᠥᠴᠢᠷ ᠲᠥᠯᠥᠪᠦᠷᠢ ᠥᠭᠬᠦ ᠪᠠᠷᠢᠮᠵᠢᠶ᠎ᠠ ᠵᠢᠴᠢ ᠠᠮᠵᠢᠯᠲᠠ ᠪᠦᠲᠦᠮᠵᠢ ᠶᠢ ᠰᠢᠯᠭᠠᠨ ᠲᠣᠭᠲᠠᠭᠠᠬᠤ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠬᠤᠬᠢᠷᠠᠯ ᠤᠨ  ᠬᠡᠮᠵᠢᠶ᠎ᠡ ᠶᠢ ᠪᠠᠶᠢᠴᠠᠭᠠᠨ ᠲᠣᠭᠲᠠᠭᠠᠬᠤ ᠠᠵᠢᠯ ᠳᠠᠭᠤᠰᠤᠭᠰᠠᠨ ᠤ ᠲᠠᠷᠠᠭ᠎ᠠ᠂ ᠠᠵᠢᠯᠯᠠᠬᠤ ᠳᠤᠭᠤᠶᠢᠯᠠᠩ ᠨᠢ ᠪᠠᠶᠢᠭ᠎ᠠ ᠰᠤᠮᠤ ᠰᠢᠶᠠᠩ ᠪᠠᠯᠭᠠᠰᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠳᠤ ᠬᠤᠬᠢᠷᠠᠯ ᠤᠨ ᠬᠡᠮᠵᠢᠶ᠎ᠡ ᠶᠢ ᠪᠠᠶᠢᠴᠠᠭᠠᠨ ᠰᠢᠨᠵᠢᠵᠦ ᠲᠣᠭᠲᠠᠭᠠᠭᠰᠠᠨ ᠪᠠᠶᠢᠳᠠᠯ ᠢᠶᠠᠨ ᠨᠢᠭᠡᠳᠦᠯᠲᠡᠢ ᠬᠠᠷᠢᠭᠤ ᠲᠤᠰᠬᠠᠵᠤ᠂ ᠲᠣᠰᠬᠤᠨ ᠳᠠᠷᠠᠭᠠᠯᠠᠨ ᠠᠩᠬ᠎ᠠ ᠠᠯᠬᠤᠮ ᠬᠤᠬᠢᠷᠠᠯ ᠤᠨ  ᠬᠡᠮᠵᠢᠶ᠎ᠡ ᠶᠢ ᠲᠣᠭᠲᠠᠭᠠᠬᠤ ᠪᠠᠷᠢᠮᠵᠢᠶ᠎ᠠ ᠭᠠᠷᠭᠠᠬᠤ ᠶᠢᠨ ᠬᠠᠮᠲᠤ ᠦᠷ᠎ᠡ ᠳ᠋ᠦᠩ ᠢᠶᠠᠨ ᠳᠡᠭᠡᠭᠰᠢ ᠬᠤᠰᠢᠭᠤᠨ ᠤ ᠲᠠᠷᠢᠶᠠᠯᠠᠩ ᠤᠨ ᠳᠠᠭᠠᠳᠬᠠᠯ ᠤᠨ ᠵᠠᠷᠤᠳᠠᠯ ᠲᠤ ᠨᠥᠬᠦᠪᠥᠷᠢ ᠥᠭᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠬᠤᠷᠢᠶᠠᠩᠭᠤᠶᠢᠯᠠᠨ ᠬᠢᠨᠠᠨ ᠬᠠᠷᠭᠤᠭᠤᠯᠵᠤ᠂ ᠬᠠᠮᠤᠭ ᠡᠴᠦᠰ ᠲᠤ ᠪᠥᠬᠦ ᠬᠤᠰᠢᠭᠤᠨ ᠤ ᠲᠥᠯᠥᠪᠦᠷᠢ ᠥᠭᠬᠦ ᠪᠠᠷᠢᠮᠵᠢᠶ᠎ᠠ ᠶᠢ ᠲᠣᠭᠲᠠᠭᠠᠬᠤ ᠬᠡᠷᠡᠭᠲᠡᠢ᠃      ︵ᠭᠤᠷᠪᠠ︶ ᠬᠢᠨᠠᠮᠠᠭᠠᠢ ᠳ᠋ᠦᠩᠨᠡᠨ ᠳᠠᠩᠰᠠᠯᠠᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶ ᠨᠢ ᠪᠠᠶᠢᠴᠠᠭᠠᠨ ᠰᠢᠨᠵᠢᠵᠦ ᠬᠤᠬᠢᠷᠠᠯ ᠤᠨ ᠬᠡᠮᠵᠢᠶ᠎ᠡ ᠶᠢ ᠲᠣᠭᠲᠠᠭᠠᠬᠤ ᠠᠵᠢᠯ ᠢ ᠪᠡᠶᠡᠯᠡᠭᠦᠯᠦᠭᠰᠡᠨ ᠤ ᠳᠠᠷᠠᠭ᠎ᠠ᠂ ᠬᠤᠷᠢᠶᠠᠩᠭᠤᠶᠢᠯᠠᠬᠤ ᠠᠵᠢᠯ ᠢ ᠴᠠᠭ ᠲᠤᠬᠠᠢ ᠳᠤᠨᠢ ᠰᠠᠶᠢᠲᠤᠷ ᠬᠢᠵᠦ᠂ ︽ᠨᠠᠢᠮᠠᠨ ᠬᠤᠰᠢᠭᠤᠨ ᠤ 2023 ᠣᠨ ᠤ ᠲᠠᠷᠢᠮᠠᠯ ᠤᠨ ᠦᠢᠯᠡᠰ ᠤᠨ ᠳᠠᠭᠠᠳᠬᠠᠯ ᠤᠨ ᠪᠠᠶᠢᠴᠠᠭᠠᠨ ᠰᠢᠨᠵᠢᠵᠦ ᠬᠤᠬᠢᠷᠠᠯ ᠤᠨ ᠬᠡᠮᠵᠢᠶ᠎ᠡ ᠶᠢ ᠲᠣᠭᠲᠠᠭᠠᠭᠰᠠᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ︾ ᠶᠢ ᠲᠠᠭᠯᠠᠵᠤ᠂ ᠬᠤᠰᠢᠭᠤᠨ ᠤ ᠳᠠᠭᠠᠳᠬᠠᠯ ᠤᠨ ᠺᠣᠮᠫᠠᠨᠢ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ᠃ 

名单.docx

 

 
ᠢᠷᠡᠯᠲᠡ᠄ ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号