ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠯᠢᠦ ᠬᠤᠤ ᠲᠠᠷᠢᠶᠠᠯᠠᠩ ᠤᠨ ᠲᠠᠯᠠᠪᠠᠶ ᠶᠢᠨ | ᠬᠠᠮᠢᠶᠠᠷᠤᠯᠲᠠ ᠶᠢᠨ ᠵᠥᠪᠯᠡᠯ᠂ ᠳᠠᠴᠢᠨᠲᠠᠯ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠰᠢᠭᠤᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠄ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠡᠮᠴᠢᠯᠡᠭᠡ ᠶᠢᠨ ᠪᠠᠲᠤᠯᠠᠭ᠎ᠠ ᠶᠢᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠪᠦᠬᠦ ᠠᠷᠠᠳ ᠢ ᠬᠠᠮᠤᠷᠤᠭᠰᠠᠨ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠭᠰᠡᠨ᠂ ᠡᠷᠬᠡ | ᠲᠡᠭᠰᠢ ᠨᠢᠭᠡᠳᠦᠯᠲᠡᠢ᠂ ᠠᠮᠤᠷ ᠲᠦᠪᠰᠢᠨ ᠪᠥᠭᠡᠳ ᠵᠢᠷᠤᠮᠵᠢᠭᠤᠨ᠂ ᠦᠷᠭᠦᠯᠵᠢᠯᠡᠬᠦ ᠣᠯᠠᠨ ᠳᠡᠰ ᠳᠠᠪᠬᠤᠷᠭ᠎ᠠ ᠶᠢᠨ | ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ᠋ᠢᠨ ᠲᠦᠯᠦᠭᠡ᠂ ᠲᠦᠩᠯᠢᠶᠣᠣ ᠬᠤᠲᠠ ᠶᠢᠨ ᠡᠮᠴᠢᠯᠡᠭᠡ | ᠶᠢᠨ ᠪᠠᠲᠤᠯᠠᠭ᠎ᠠ ᠶᠢᠨ ᠲᠣᠪᠴᠢᠶ᠎ᠠ᠂ ᠲᠦᠩᠯᠢᠶᠣᠣ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠤᠯᠤᠰ ᠤᠨ | ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠲᠦᠩᠯᠢᠶᠣᠣ ᠬᠤᠲᠠ ᠶᠢᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠶᠢᠨ ︽ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ | ᠤᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ︵ᠲᠦᠩᠯᠢᠶᠤᠤ ᠡᠮᠴᠢᠯᠡᠭᠡ ᠶᠢᠨ ᠪᠠᠲᠤᠯᠠᠭ᠎ᠠ ᠠᠯᠪᠠᠨ | ᠲᠠᠷᠬᠠᠭᠠᠭᠰᠠᠨ ﹇2023﹈ 85 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ | ᠦᠨᠳᠦᠰᠦᠯᠡᠨ᠂ ᠡᠳᠦᠭᠡ ᠮᠠᠨ ᠤ ᠬᠤᠰᠢᠭᠤᠨ ᠤ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠠᠵᠢᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠳᠣᠣᠷᠠᠬᠢ | ᠮᠡᠲᠦ ᠮᠡᠳᠡᠭᠳᠡᠶ᠎ᠡ᠄ | ᠨᠢᠭᠡ᠂ ᠪᠡᠯᠡ ᠴᠤᠭᠯᠠᠭᠤᠯᠬᠤ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ | 2024 ᠣᠨ ᠳᠤ ᠥᠪᠡᠷᠲᠡᠭᠡᠨ ᠵᠠᠰᠠᠬᠤ ᠣᠷᠣᠨ ᠪᠣᠯᠣᠨ ᠲᠦᠩᠯᠢᠶᠣᠣ ᠬᠤᠲᠠ ᠶᠢᠨ ᠵᠢᠯᠤᠭᠤᠳᠬᠤ ᠰᠠᠨᠠᠯ | ᠶᠣᠰᠣᠭᠠᠷ᠂ ᠮᠠᠨ ᠤ ᠬᠤᠰᠢᠭᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠤᠨ ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢ 400 ᠲᠥᠭᠦᠷᠢᠭ ᠢᠶᠠᠷ ᠲᠣᠭᠲᠠᠭᠠᠪᠠ᠃ | ᠣᠨᠴᠠ ᠬᠦᠴᠢᠷᠳᠡᠯ ᠲᠠᠢ ᠬᠥᠮᠥᠰ᠂ ᠥᠨᠥᠴᠢᠨ ᠬᠡᠦᠬᠡᠳ ︵ᠪᠣᠳᠠᠲᠤ ᠬᠡᠷᠡᠭ ᠳᠡᠭᠡᠷ᠎ᠡ ᠪᠠᠨ ᠠᠰᠠᠷᠠᠨ ᠲᠡᠵᠢᠭᠡᠭᠰᠡᠨ | ᠦᠭᠡᠢ ᠬᠡᠦᠬᠡᠳ ᠢ ᠪᠠᠭᠲᠠᠭᠠᠨ᠎ᠠ︶ ᠲᠤ ᠪᠦᠬᠦ ᠲᠣᠭᠠᠨ ᠤ ᠲᠤᠰᠠᠯᠠᠮᠵᠢ ᠦᠵᠡᠭᠦᠯᠵᠦ᠂ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ᠂ ᠳᠠᠬᠢᠨ ᠶᠠᠳᠠᠭᠤᠷᠠᠭᠰᠠᠨ ᠬᠥᠮᠥᠨ ᠠᠮᠠ᠂ ᠠᠰᠠᠷᠠᠨ ᠬᠠᠷᠠᠭᠠᠯᠵᠠᠬᠤ | ᠡᠲᠡᠭᠡᠳ᠂ ᠵᠡᠮᠳᠡᠭ ᠤᠨ ᠬᠡᠮᠵᠢᠶ᠎ᠡ ᠨᠢ 1-2 ᠲᠠᠰ ᠤᠨ ᠨᠠᠰᠤᠨ ᠳᠤ ᠭᠦᠷᠦᠭᠰᠡᠳ ᠪᠠ ᠦᠨᠡᠮᠯᠡᠯ ᠲᠠᠢ ᠨᠠᠰᠤᠨ ᠳᠤ | ᠥᠯᠥ ᠭᠦᠷᠦᠭᠰᠡᠳ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠵᠠᠬ᠎ᠠ ᠬᠢᠵᠠᠭᠠᠷ ᠤᠨ ᠭᠡᠷ | ᠪᠦᠯᠢ ᠶᠢᠨ ᠪᠦᠬᠦᠯᠢ 60 ᠨᠠᠰᠤ ᠵᠢᠴᠢ ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠠ ᠨᠠᠰᠤᠨ ᠳᠤ ᠥᠯᠥ | ᠭᠦᠷᠦᠭᠰᠡᠳ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠬᠡᠪᠴᠢᠶᠡᠨ ᠳᠤ ᠣᠷᠣᠭᠤᠯᠤᠭᠰᠠᠨ | ᠶᠠᠳᠠᠭᠤ ᠠᠴᠠ ᠠᠩᠭᠢᠵᠢᠷᠠᠭᠰᠠᠨ ᠲᠣᠭᠲᠠᠭᠤᠨ ᠪᠤᠰᠤ ᠡᠷᠦᠬᠡ᠂ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠡᠷᠦᠬᠡ | ᠪᠠ ᠭᠡᠨᠡᠳᠲᠡ ᠶᠢᠨ ᠬᠦᠨᠳᠦ ᠨᠣᠴᠢᠲᠠᠢ ᠬᠦᠴᠢᠷᠳᠡᠯ ᠲᠠᠢ ᠡᠷᠦᠬᠡ᠂ ᠬᠥᠮᠥᠨ ᠪᠦᠷᠢ ᠳᠤ ᠳᠤᠮᠳᠠᠴᠢ ᠪᠠᠷ 180 | ᠲᠥᠭᠦᠷᠢᠭ ᠠᠴᠠ ᠳᠣᠣᠷ᠎ᠠ ᠦᠭᠡᠢ ᠪᠠᠷᠢᠮᠵᠢᠶ᠎ᠠ ︵ᠬᠤᠪᠢ ᠬᠥᠮᠥᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢᠨ | 45%︶ ᠪᠠᠷ ᠲᠣᠭᠲᠠᠭᠰᠠᠨ ᠲᠣᠭᠠᠨ ᠤ ᠲᠤᠰᠠᠯᠠᠮᠵᠢ ᠣᠯᠭᠤᠨ᠎ᠠ᠃ 2024 ᠣᠨ ᠤ ᠬᠦᠨᠳᠦ ᠡᠪᠡᠳᠴᠢᠨ ᠤ | ᠳᠠᠭᠠᠳᠬᠠᠯ ᠤᠨ ᠪᠣᠳᠠᠲᠠᠢ ᠪᠡᠯᠡ ᠴᠤᠭᠯᠠᠭᠤᠯᠬᠤ ᠪᠠᠷᠢᠮᠵᠢᠶ᠎ᠠ ᠶᠢ ᠲᠦᠩᠯᠢᠶᠣᠣ ᠬᠤᠲᠠ ᠶᠢᠨ ᠡᠮᠴᠢᠯᠡᠭᠡᠨ ᠤ | ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠪᠣᠳᠠᠲᠠᠢ ᠪᠠᠶᠢᠳᠠᠯ ᠢᠶᠠᠨ ᠦᠨᠳᠦᠰᠦᠯᠡᠨ ᠬᠥᠳᠡᠯᠦᠩᠭᠦᠢ ᠪᠠᠷ ᠲᠣᠬᠢᠷᠠᠭᠤᠯᠵᠤ | ᠂ ᠪᠠᠲᠤᠯᠠᠭ᠎ᠠ ᠶᠢᠨ ᠬᠦᠴᠦᠨ ᠴᠢᠳᠠᠪᠤᠷᠢ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ | ᠬᠤᠶᠠᠷ᠂ ᠣᠯᠭᠤᠮᠵᠢ ᠶᠢᠨ ᠪᠠᠲᠤᠯᠠᠭ᠎ᠠ ᠶᠢᠨ ᠲᠦᠪᠰᠢᠨ ᠢ ᠪᠠᠬᠢᠵᠢᠭᠦᠯᠦᠨ᠎ᠡ | ᠣᠯᠭᠤᠮᠵᠢ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ | ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠡᠮᠨᠡᠯᠭᠡ ᠳᠤ ᠰᠠᠭᠤᠬᠤ ᠬᠠᠷᠠᠭᠠᠯᠵᠠᠯ ᠤᠨ ᠬᠢᠷᠢ | ᠲᠦᠪᠰᠢᠨ ᠢ ᠪᠠᠬᠢᠵᠢᠭᠦᠯᠵᠦ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠰᠠᠭᠤᠷᠢ ᠮᠥᠩᠭᠦ ᠶᠢᠨ | ᠲᠤᠭᠠᠴᠠᠭ᠎ᠠ ᠬᠢᠬᠦ ᠬᠠᠷᠢᠴᠠᠯ ᠢ 70% ᠣᠷᠴᠢᠮ ᠳᠤ ᠲᠤᠭᠲᠠᠪᠤᠷᠢᠵᠢᠭᠤᠯᠤᠨ᠎ᠠ᠃ ᠲᠣᠭᠲᠠᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠵᠦᠢ ᠵᠣᠬᠢᠰᠲᠠᠢ᠂ ᠴᠢᠬᠤᠯᠠ ᠪᠦᠬᠦᠢ ᠡᠮᠴᠢᠯᠡᠭᠡᠨ ᠤ ᠦᠢᠯᠡᠴᠢᠯᠡᠭᠡ ᠬᠠᠩᠭᠠᠬᠤ ᠶᠢ ᠬᠥᠲᠥᠯᠥᠨ | ᠵᠢᠯᠤᠭᠤᠳᠴᠤ᠂ ᠬᠤᠶᠠᠳᠤᠭᠠᠷ᠂ ᠭᠤᠷᠪᠠᠳᠤᠭᠠᠷ ᠳᠡᠰ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠭᠠᠷᠴᠠᠭ | ᠠᠴᠠ ᠪᠤᠰᠤᠳ ᠵᠠᠷᠤᠳᠠᠯ ᠤᠨ ᠬᠡᠷᠡᠭᠯᠡᠬᠦ ᠬᠠᠷᠢᠴᠠᠯ ᠢ ᠴᠢᠩᠭ᠎ᠠ ᠬᠢᠵᠠᠭᠠᠷᠯᠠᠵᠤ᠂ ᠬᠤᠶᠠᠳᠤᠭᠠᠷ ᠳᠡᠰ ᠤᠨ ᠡᠮᠴᠢᠯᠡᠭᠡᠨ ᠤ | ᠪᠠᠶᠢᠭᠤᠯᠤᠮᠵᠢ ᠶᠢ 5% ᠠᠴᠠ ᠬᠡᠲᠦᠷᠡᠭᠦᠯᠵᠦ ᠪᠣᠯᠬᠤ ᠦᠭᠡᠢ᠂ ᠭᠤᠷᠪᠠᠳᠤᠭᠠᠷ ᠳᠡᠰ ᠤᠨ ᠡᠮᠴᠢᠯᠡᠭᠡᠨ ᠤ | ᠪᠠᠶᠢᠭᠤᠯᠤᠮᠵᠢ ᠶᠢ 10% ᠠᠴᠠ ᠬᠡᠲᠦᠷᠡᠭᠦᠯᠵᠦ ᠪᠣᠯᠬᠤ ᠦᠭᠡᠢ᠃ 2024 ᠣᠨ ᠤ ᠨᠢᠭᠡᠳᠦᠭᠡᠷ ᠤᠯᠠᠷᠢᠯ ᠠᠴᠠ | ᠡᠬᠢᠯᠡᠨ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠪᠠᠷ ᠭᠤᠣᠯ ᠪᠣᠯᠭᠠᠭᠰᠠᠨ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢ ᠨᠢᠭᠡᠳᠦᠯᠲᠡᠢ ᠲᠥᠯᠥᠪᠯᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ | ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠭᠦᠳᠡᠨ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ | ᠬᠥᠩᠭᠡᠯᠡᠨ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠦᠨᠳᠦᠰᠦᠨ ᠱᠠᠲᠤᠨ ᠳᠤ ᠡᠮᠨᠡᠭᠦᠯᠵᠦ᠂ | ᠪᠣᠳᠠᠲᠠᠢ ᠪᠠᠲᠤᠯᠠᠭ᠎ᠠ ᠶᠢᠨ ᠪᠠᠷᠢᠮᠵᠢᠶ᠎ᠠ ᠪᠠ ᠬᠠᠮᠢᠶ᠎ᠠ ᠪᠦᠬᠦᠢ ᠨᠠᠷᠢᠨ ᠳᠦᠷᠢᠮ ᠢ ᠳᠡᠭᠡᠳᠦ ᠱᠠᠲᠤᠨ ᠤ ᠰᠠᠯᠠᠭ᠎ᠠ | ᠮᠥᠴᠢᠷ ᠤᠨ ᠲᠣᠬᠢᠷᠠᠭᠤᠯᠤᠯᠲᠠ ᠲᠠᠢ ᠤᠶᠠᠯᠳᠤᠭᠤᠯᠤᠨ ᠳᠣᠷᠣᠭᠰᠢ ᠲᠠᠷᠬᠠᠭᠠᠨ᠎ᠠ᠃ ᠡᠭᠦᠳᠡᠨ ᠡᠮᠨᠡᠯᠭᠡ ᠶᠢᠨ ᠤᠳᠠᠭᠠᠨ | ᠴᠢᠨᠠᠷᠲᠠᠢ ᠣᠨᠴᠠ ᠡᠪᠡᠳᠴᠢᠨ ᠤ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠶᠢ ᠵᠢᠷᠤᠮᠵᠢᠭᠤᠯᠤᠨ᠂ | ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ︽ᠬᠤᠶᠠᠷ ᠡᠪᠡᠳᠴᠢᠨ︾ ᠤ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠪᠠ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ ᠲᠥᠷᠥ ᠶᠢᠨ | ᠪᠣᠳᠣᠯᠭ᠎ᠠ ᠶᠢᠨ ᠵᠣᠯᠭᠠᠭᠤᠯᠤᠯᠲᠠ ᠶᠢ ᠰᠠᠶᠢᠲᠤᠷ ᠬᠢᠵᠦ᠂ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠭᠠᠨ᠎ᠠ᠃ | ᠭᠤᠷᠪᠠ᠂ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠪᠦᠷᠬᠦᠴᠡ ᠶᠢ ᠥᠷᠭᠡᠳᠬᠡᠨ᠎ᠡ | ︵ᠨᠢᠭᠡ︶ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠎ᠠ | ᠵᠠᠰᠠᠭ ᠤᠨ ᠣᠷᠳᠣᠨ ᠢᠶᠠᠷ ᠭᠤᠣᠯᠯᠠᠭᠤᠯᠬᠤ ᠶᠢ ᠪᠠᠷᠢᠮᠲᠠᠯᠠᠨ᠂ ᠪᠥᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠬᠠᠷᠠᠯᠲᠠ ᠡᠭᠦᠷᠭᠡ ᠪᠠᠨ ᠲᠣᠳᠣᠷᠬᠠᠶᠢᠯᠠᠨ᠂ ᠬᠠᠷᠢᠶ᠎ᠠ | ᠣᠷᠣᠨ ᠤ ᠪᠠᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ | ᠰᠢᠮᠳᠠᠭᠤᠯᠤᠨ ᠪᠠᠶᠢᠴᠠᠭᠠᠬᠤ ᠪᠠ ᠬᠢᠨᠠᠨ ᠰᠢᠯᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ | ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠠᠵᠢᠯ ᠢ ᠨᠠᠶᠢᠳᠠᠪᠤᠷᠢᠵᠢᠭᠤᠯᠤᠨ᠎ᠠ᠃ ᠳᠠᠭᠠᠳᠬᠠᠯ ᠳᠤ | ᠣᠷᠣᠯᠴᠠᠬᠤ ᠡᠭᠦᠷᠭᠡ ᠶᠢ ᠰᠤᠮᠤ ᠰᠢᠶᠠᠩ ᠪᠠᠯᠭᠠᠰᠤ ᠲᠠᠯᠠᠪᠠᠶ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ | ᠨᠡᠶᠢᠭᠡᠮ ᠲᠣᠭᠤᠷᠢᠭ︶ ᠳᠤ ᠬᠤᠪᠢᠶᠠᠷᠢᠯᠠᠨ ᠨᠠᠶᠢᠳᠠᠪᠤᠷᠢᠵᠢᠭᠤᠯᠬᠤ ᠶᠢ ᠪᠠᠲᠤᠯᠠᠵᠤ᠂ ᠬᠠᠷᠢᠭᠤᠴᠠᠯᠭ᠎ᠠ ᠶᠢ ᠬᠥᠮᠥᠨ | ᠳᠤᠨᠢ ᠬᠦᠷᠲᠡᠯ᠎ᠡ᠂ ᠦᠢᠯᠡᠴᠢᠯᠡᠭᠡ ᠶᠢ ᠭᠡᠷ ᠲᠤᠨᠢ ᠬᠦᠷᠲᠡᠯ᠎ᠡ ᠭᠦᠢᠴᠡᠳᠬᠡᠵᠦ᠂ ᠰᠦᠢᠳᠬᠡᠯ ᠲᠤᠰᠢᠶᠠᠬᠤ | ᠳᠠᠶᠢᠴᠢᠯᠠᠯᠲᠠ ᠶᠢᠨ ᠠᠵᠢᠯ ᠢ ᠨᠠᠷᠢᠯᠢᠭ ᠪᠥᠭᠡᠳ ᠪᠣᠳᠠᠲᠠᠢ ᠪᠠᠷ ᠬᠢᠬᠦ ᠬᠡᠷᠡᠭᠲᠡᠢ᠃ | ᠨᠠᠢᠮᠠᠨ ᠬᠤᠰᠢᠭᠤ ᠥᠩᠭᠡᠷᠡᠭᠰᠡᠨ ᠵᠢᠯ ᠤᠳ ᠤᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ᠂ | ᠪᠠᠶᠢᠩᠭᠤ ᠰᠠᠭᠤᠭ᠎ᠠ ᠬᠥᠮᠥᠨ ᠠᠮᠠ ᠶᠢᠨ ᠲᠤᠭ᠎ᠠ᠂ ᠬᠥᠮᠥᠨ ᠠᠮᠠ ᠶᠢᠨ ᠠᠶᠠᠨᠳᠠᠭᠠᠨ ᠨᠡᠮᠡᠭᠳᠡᠬᠦ ᠨᠣᠷᠮ᠎ᠠ ᠵᠡᠷᠭᠡ | ᠬᠦᠴᠦᠨ ᠵᠦᠢᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠡᠯ᠎ᠡ ᠰᠤᠮᠤ ᠰᠢᠶᠠᠩ ᠪᠠᠯᠭᠠᠰᠤ ᠲᠠᠯᠠᠪᠠᠶ ︵ᠵᠡᠭᠡᠯᠢ | ᠭᠤᠳᠤᠮᠵᠢ︶ ᠶᠢᠨ 2024 ᠣᠨ ᠤ ᠳᠠᠭᠠᠳᠬᠠᠯ ᠳᠤ ᠣᠷᠣᠯᠴᠠᠬᠤ ᠪᠣᠳᠠᠲᠠᠢ ᠡᠭᠦᠷᠭᠡ ᠶᠢ ᠲᠣᠭᠲᠠᠭᠠᠭᠰᠠᠨ ᠪᠥᠭᠡᠳ | ᠵᠠᠭᠤᠨ ᠤ ᠵᠠᠭᠤ ᠪᠠᠷ ᠪᠡᠶᠡᠯᠡᠭᠦᠯᠬᠦ ᠶᠢ ᠱᠠᠭᠠᠷᠳᠠᠪᠠ᠃ ᠢᠯᠠᠩᠭᠤᠶ᠎ᠠ ᠣᠷᠣᠯᠭ᠎ᠠ ᠪᠠᠭ᠎ᠠ ᠬᠥᠮᠥᠨ ᠠᠮᠠ ᠶᠢᠨ | ᠳᠠᠭᠠᠳᠬᠠᠯ ᠳᠤ ᠣᠷᠣᠯᠴᠠᠬᠤ ᠠᠵᠢᠯ ᠢ ᠭᠤᠣᠯᠳᠠᠯᠭ᠎ᠠ ᠲᠠᠢ ᠠᠩᠬᠠᠷᠴᠤ᠂ ᠣᠨᠴᠠ ᠬᠦᠴᠢᠷᠳᠡᠯᠲᠡᠢ ᠬᠥᠮᠥᠰ᠂ | ᠥᠨᠥᠴᠢᠨ ᠬᠡᠦᠬᠡᠳ ︵ᠪᠣᠳᠠᠲᠠᠢ ᠬᠡᠷᠡᠭ ᠳᠡᠭᠡᠷ᠎ᠡ ᠪᠠᠨ ᠠᠰᠠᠷᠠᠨ ᠲᠡᠵᠢᠭᠡᠭᠰᠡᠨ ᠦᠭᠡᠢ ᠬᠡᠦᠬᠡᠳ ᠪᠠᠭᠲᠠᠨ᠎ᠠ︶᠂ | ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠬᠢᠨᠠᠨ ᠬᠡᠮᠵᠢᠬᠦ ᠬᠡᠪᠴᠢᠶᠡᠨ ᠳᠤ ᠣᠷᠣᠭᠤᠯᠤᠭᠰᠠᠨ ᠬᠥᠳᠡᠭᠡ ᠲᠣᠰᠬᠤᠨ ᠤ ᠳᠠᠬᠢᠨ ᠶᠠᠳᠠᠭᠤᠷᠠᠭᠰᠠᠨ ᠬᠥᠮᠥᠨ ᠠᠮᠠ᠂ | ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ︵ᠶᠠᠳᠠᠭᠤ ᠠᠴᠠ ᠠᠩᠭᠢᠵᠢᠷᠠᠭᠤᠯᠬᠤ ᠳᠤ ᠲᠥᠷᠥ ᠶᠢᠨ | ᠪᠣᠳᠣᠯᠭ᠎ᠠ ᠶᠢ ᠭᠥᠷᠳᠡᠬᠦ ᠦᠭᠡᠢ ᠬᠥᠮᠥᠨ ᠠᠮᠠ ᠪᠠᠭᠲᠠᠨ᠎ᠠ︶᠂ ᠬᠦᠨᠳᠦ ᠵᠡᠮᠳᠡᠭ ᠬᠥᠮᠥᠰ ︵ᠦᠨᠡᠮᠯᠡᠯ ᠲᠠᠢ | ᠨᠠᠰᠤᠨ ᠳᠤ ᠥᠯᠥ ᠬᠦᠷᠬᠦ ᠵᠡᠮᠳᠡᠭᠴᠦᠳ ᠪᠠᠭᠲᠠᠨ᠎ᠠ︶᠂ ᠠᠰᠠᠷᠠᠨ ᠬᠠᠷᠠᠭᠠᠯᠵᠠᠬᠤ ᠬᠥᠮᠥᠰ ᠵᠡᠷᠭᠡ ᠬᠥᠮᠥᠰ ᠤᠨ | ᠳᠠᠭᠠᠳᠬᠠᠯ ᠳᠤ ᠣᠷᠣᠯᠴᠠᠬᠤ ᠶᠢ ᠬᠥᠳᠡᠯᠦᠩᠭᠦᠢ ᠪᠠᠷ ᠦᠭᠡᠶᠢᠰᠬᠡᠬᠦ ᠬᠡᠷᠡᠭᠲᠡᠢ᠃ | ︵ᠬᠤᠶᠠᠷ︶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠵᠤ᠂ ᠴᠠᠭ ᠲᠤᠬᠠᠢ ᠳᠤᠨᠢ | ᠲᠣᠬᠢᠷᠠᠭᠤᠯᠤᠨ ᠠᠬᠢᠭᠤᠯᠤᠨ᠎ᠠ | ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠠᠵᠢᠯ ᠤᠨ ᠤᠳᠤᠷᠢᠳᠬᠤ ᠳᠤᠭᠤᠶᠢᠯᠠᠩ ᠢ | ᠪᠠᠶᠢᠭᠤᠯᠵᠤ᠂ 2024 ᠣᠨ ᠤ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠠᠵᠢᠯ ᠢ ᠨᠢᠭᠡᠳᠦᠯᠲᠡᠢ | ᠲᠥᠯᠥᠪᠯᠡᠨ ᠲᠣᠬᠢᠷᠠᠭᠤᠯᠬᠤ ᠶᠢ ᠬᠠᠷᠢᠭᠤᠴᠠᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠲᠥᠪᠯᠡᠷᠡᠭᠦᠯᠦᠨ | ᠰᠦᠢᠳᠬᠡᠯ ᠲᠤᠰᠢᠶᠠᠬᠤ ᠬᠤᠭᠤᠴᠠᠭᠠᠨ ᠳᠤ᠂ ᠳᠠᠭᠠᠳᠬᠠᠯ ᠳᠤ ᠣᠷᠣᠯᠴᠠᠭᠰᠠᠨ ᠭᠠᠷᠠᠭ ᠤᠨ ᠲᠣᠬᠢᠷᠠᠭᠤᠯᠤᠯᠲᠠ᠂ | ᠰᠠᠷ᠎ᠠ ᠶᠢᠨ ᠨᠡᠶᠢᠲᠡᠯᠡᠨ ᠮᠡᠳᠡᠭᠳᠡᠬᠦ ᠳᠦᠷᠢᠮ ᠢ ᠨᠠᠶᠢᠳᠠᠪᠤᠷᠢᠵᠢᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ᠲᠠᠯᠠᠪᠠᠶ ︵ | ᠵᠡᠭᠡᠯᠢ ᠭᠤᠳᠤᠮᠵᠢ︶ ᠨᠢ ᠠᠵᠢᠯ ᠤᠨ ᠲᠤᠰᠬᠠᠢ ᠠᠩᠭᠢ ᠪᠠᠶᠢᠭᠤᠯᠵᠤ᠂ ᠭᠠᠷᠠᠭ ᠤᠨ ᠲᠣᠬᠢᠷᠠᠭᠤᠯᠤᠯᠲᠠ ᠶᠢᠨ ᠲᠤᠭ᠎ᠠ | ᠪᠠᠷᠢᠮᠲᠠ ᠪᠠᠷ ᠰᠠᠭᠤᠷᠢ ᠪᠣᠯᠭᠠᠵᠤ᠂ ᠬᠤᠣᠰ ᠭᠠᠷᠠᠭ ᠪᠤᠯᠭᠠᠨ ᠤ ᠭᠠᠷᠠᠭ ᠤᠨ ᠲᠠᠪᠤᠨ ᠳᠤ ᠳᠠᠭᠠᠳᠬᠠᠯ ᠳᠤ | ᠣᠷᠣᠯᠴᠠᠭᠰᠠᠨ ᠦᠭᠡᠢ ᠬᠥᠮᠥᠰ ᠤᠨ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠬᠤᠰᠢᠭᠤᠨ ᠤ ᠡᠮᠴᠢᠯᠡᠭᠡ ᠶᠢᠨ | ᠪᠠᠲᠤᠯᠠᠭ᠎ᠠ ᠶᠢᠨ ᠲᠥᠪ ᠲᠤ ᠬᠠᠷᠢᠭᠤ ᠲᠤᠰᠬᠠᠬᠤ ᠬᠡᠷᠡᠭᠲᠡᠢ︔ ᠰᠠᠷ᠎ᠠ ᠪᠦᠷᠢ ᠶᠢᠨ 25 ᠤ ᠡᠳᠦᠷ ᠠᠴᠠ ᠡᠮᠦᠨ᠎ᠡ | ᠬᠤᠰᠢᠭᠤᠨ ᠤ ᠵᠠᠰᠠᠭ ᠤᠨ ᠣᠷᠳᠣᠨ ᠳᠤ ᠳᠠᠭᠠᠳᠬᠠᠯ ᠳᠤ ᠣᠷᠣᠯᠴᠠᠭᠰᠠᠨ ᠠᠬᠢᠴᠠ ᠶᠢᠨ ᠪᠠᠶᠢᠳᠠᠯ ᠢᠶᠠᠨ ᠬᠠᠷᠢᠭᠤ | ᠮᠡᠳᠡᠭᠦᠯᠵᠦ᠂ ᠡᠯ᠎ᠡ ᠰᠤᠮᠤ ᠰᠢᠶᠠᠩ ᠪᠠᠯᠭᠠᠰᠤ ᠲᠠᠯᠠᠪᠠᠶ ︵ᠵᠡᠭᠡᠯᠢ ᠭᠤᠳᠤᠮᠵᠢ︶ ᠬᠠᠷᠢᠭᠤᠴᠠᠯᠭ᠎ᠠ ᠪᠠᠨ | ᠪᠣᠳᠠᠲᠠᠶᠢᠵᠢᠭᠤᠯᠵᠤ᠂ ᠳᠠᠭᠠᠳᠬᠠᠯ ᠳᠤ ᠤᠷᠤᠯᠴᠠᠭ᠎ᠠ ᠦᠭᠡᠢ ᠬᠥᠮᠥᠰ ᠤᠨ ᠳᠠᠭᠠᠳᠬᠠᠯ ᠳᠤ ᠣᠷᠣᠯᠴᠠᠬᠤ | ᠳᠠᠶᠢᠴᠢᠯᠠᠯᠲᠠ ᠶᠢ ᠴᠢᠩᠭᠠᠳᠬᠠᠨ᠂ ᠬᠡᠪᠴᠢᠶ᠎ᠡ ᠶᠢ ᠥᠷᠭᠡᠳᠬᠡᠬᠦ ᠳᠠᠯᠳᠠ ᠬᠦᠴᠦᠨ ᠢ ᠭᠦᠨᠵᠡᠭᠡᠢ ᠠᠭᠤᠳᠠᠯᠤᠨ᠎ᠠ᠃ | ᠬᠡᠦᠬᠡᠳ᠂ ᠨᠢᠯᠬ᠎ᠠ ᠬᠡᠦᠬᠡᠳ ᠪᠠ ᠨᠡᠭᠦᠳᠡᠯ ᠬᠥᠮᠥᠨ ᠠᠮᠠ ᠵᠡᠷᠭᠡ ᠭᠤᠣᠯᠳᠠᠯᠭ᠎ᠠ ᠲᠠᠢ ᠬᠥᠮᠥᠰ᠂ | ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠭ ᠣᠨᠣᠴᠠᠲᠠᠢ ᠪᠠᠷ ᠳᠠᠭᠠᠳᠬᠠᠯ ᠳᠤ | ᠣᠷᠣᠯᠴᠠᠬᠤ ᠬᠡᠪᠴᠢᠶ᠎ᠡ ᠶᠢ ᠥᠷᠭᠡᠳᠬᠡᠨ᠎ᠡ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠬᠠᠷᠢᠶᠠᠲᠤ ᠣᠷᠣᠨ ᠤ | ᠰᠣᠷᠣᠭᠴᠢ ᠶᠢᠨ ᠳᠠᠭᠠᠳᠬᠠᠯ ᠳᠤ ᠣᠷᠣᠯᠴᠠᠬᠤ ᠠᠵᠢᠯ ᠢ ᠰᠠᠶᠢᠲᠤᠷ ᠬᠢᠵᠦ᠂ ᠰᠣᠷᠣᠭᠴᠢ ᠶᠢᠨ ᠰᠤᠷᠤᠯᠭ᠎ᠠ ᠡᠬᠢᠯᠡᠬᠦ | ᠠᠵᠠ ᠲᠣᠬᠢᠶᠠᠯ ᠲᠠᠢ ᠪᠦᠲᠦᠮᠵᠢᠲᠡᠶ ᠤᠶᠠᠯᠳᠤᠭᠤᠯᠤᠨ᠂ ᠰᠤᠷᠭᠠᠭᠤᠯᠢ ᠳᠠᠷᠠᠭᠠᠯᠠᠨ ᠤᠬᠠᠭᠤᠯᠤᠨ ᠳᠠᠶᠢᠴᠢᠯᠠᠵᠤ᠂ | ᠰᠣᠷᠣᠭᠴᠢ ᠶᠢᠨ ᠳᠠᠭᠠᠳᠬᠠᠯ ᠳᠤ ᠤᠷᠤᠯᠴᠠᠬᠤ ᠶᠣᠰᠣᠲᠠᠢ ᠪᠦᠬᠦᠨ ᠢ ᠳᠠᠭᠠᠳᠬᠠᠯ ᠳᠤ ᠤᠷᠤᠯᠴᠠᠭᠤᠯᠬᠤ ᠶᠢ | ᠪᠠᠲᠤᠯᠠᠬᠤ ᠬᠡᠷᠡᠭᠲᠡᠢ᠃ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠷᠭ᠎ᠠ ᠮᠠᠶ᠋ᠢᠭ ᠲᠤ ᠰᠢᠨ᠎ᠡ ᠶᠢ | ᠡᠭᠦᠳᠴᠦ᠂ ᠰᠦᠯᠵᠢᠶᠡᠨ ᠳᠡᠭᠡᠷᠡᠬᠢ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ᠰᠦᠯᠵᠢᠶᠡᠨ ᠭᠠᠳᠠᠨᠠᠬᠢ | ︽ᠨᠢᠭᠡ ᠲᠢᠩᠬᠢᠮ ᠬᠠᠮᠲᠤᠷᠠᠨ ᠭᠦᠢᠴᠡᠳᠬᠡᠬᠦ︾ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡ ᠶᠢ | ᠢᠳᠡᠪᠬᠢᠲᠡᠢ ᠪᠠᠷ ᠠᠬᠢᠭᠤᠯᠵᠤ᠂ ᠣᠯᠠᠨ ᠠᠷᠭ᠎ᠠ ᠵᠠᠮ ᠢᠶᠠᠷ ᠠᠷᠠᠳ ᠤᠨ ᠳᠠᠭᠠᠳᠬᠠᠯ ᠳᠤ ᠣᠷᠣᠯᠴᠠᠵᠤ ᠰᠦᠢᠳᠬᠡᠯ | ᠲᠤᠰᠢᠶᠠᠬᠤ ᠳᠤ ᠲᠥᠬᠦᠮ ᠦᠵᠡᠭᠦᠯᠬᠦ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠬᠠᠩᠭᠠᠨ᠎ᠠ᠃ ᠬᠤᠰᠢᠭᠤᠨ ᠤ | ᠵᠠᠰᠠᠭ ᠤᠨ ᠣᠷᠳᠣᠨ ᠣᠨ ᠤ ᠳᠠᠭᠠᠳᠬᠠᠯ ᠳᠤ ᠣᠷᠣᠯᠴᠠᠭᠰᠠᠨ ᠬᠡᠪᠴᠢᠶ᠎ᠡ ᠶᠢ ᠥᠷᠭᠡᠳᠬᠡᠭᠰᠡᠨ ᠠᠵᠢᠯ ᠤᠨ ᠦᠷ᠎ᠡ | ᠪᠦᠲᠦᠭᠡᠯ ᠢ ᠣᠨ ᠤ ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠤᠨ᠎ᠠ᠃ | ︵ᠭᠤᠷᠪᠠ︶ ᠰᠦᠢᠳᠬᠡᠯ ᠲᠤᠰᠢᠶᠠᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠲᠣᠭᠲᠠᠭᠰᠠᠨ ᠴᠠᠭ ᠲᠠᠭᠠᠨ | ᠳᠠᠭᠠᠳᠬᠠᠯ ᠳᠤ ᠣᠷᠣᠯᠴᠠᠬᠤ ᠶᠢ ᠪᠠᠲᠤᠯᠠᠨ᠎ᠠ | 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠲᠥᠪᠯᠡᠷᠡᠭᠦᠯᠦᠨ ᠰᠦᠢᠳᠬᠡᠯ ᠲᠤᠰᠢᠶᠠᠬᠤ | ᠬᠤᠭᠤᠴᠠᠭ᠎ᠠ ᠨᠢ 2023 ᠣᠨ ᠤ 9 ᠰᠠᠷ᠎ᠠ ᠶᠢᠨ 1 ᠤ ᠡᠳᠦᠷ ᠠᠴᠠ 2024 ᠣᠨ ᠤ 2 ᠰᠠᠷ᠎ᠠ ᠶᠢᠨ 29 ᠤ | ᠡᠳᠦᠷ ᠪᠣᠯᠲᠠᠯ᠎ᠠ᠂ ᠰᠦᠢᠳᠬᠡᠯ ᠲᠤᠰᠢᠶᠠᠬᠤ ᠴᠠᠭ ᠤᠨ ᠬᠢᠵᠠᠭᠠᠷ ᠢ ᠴᠢᠩᠭ᠎ᠠ ᠵᠢᠷᠤᠮᠵᠢᠭᠤᠯᠤᠨ᠎ᠠ᠃ ᠲᠠᠩᠰᠠᠨ ᠳᠤ | ᠪᠠᠶᠢᠭ᠎ᠠ ᠣᠨᠴᠠ ᠬᠦᠴᠢᠷᠳᠡᠯᠲᠡᠢ ᠬᠠᠮᠲᠤᠯᠢᠭ ᠢ 12 ᠰᠠᠷ᠎ᠠ ᠶᠢᠨ ᠰᠡᠭᠦᠯᠴᠢ ᠠᠴᠠ ᠡᠮᠦᠨ᠎ᠡ 100% ᠪᠠᠷ | ᠳᠠᠭᠠᠳᠬᠠᠯ ᠳᠤ ᠣᠷᠣᠭᠤᠯᠬᠤ ᠶᠢ ᠪᠡᠶᠡᠯᠡᠭᠦᠯᠦᠨ᠎ᠡ᠃ ᠳᠠᠭᠠᠳᠬᠠᠯ ᠳᠤ ᠤᠷᠤᠯᠴᠠᠬᠤ ᠰᠠᠭᠠᠳ ᠦᠭᠡᠢ ᠨᠡᠪᠲᠡᠷᠡᠬᠦ ᠵᠠᠮ ᠢ | ᠵᠥᠪᠬᠡᠨ ᠰᠢᠨ᠎ᠡ ᠪᠠᠷ ᠨᠡᠮᠡᠭᠳᠡᠭᠰᠡᠨ ᠬᠥᠳᠡᠯᠦᠩᠭᠦᠢ ᠬᠥᠮᠥᠰ ᠲᠤ ᠬᠠᠨᠳᠤᠭᠤᠯᠤᠨ ᠨᠡᠭᠡᠭᠡᠨ᠎ᠡ᠃ ᠠᠵᠢᠯᠲᠠᠨ ᠠᠵᠢᠯᠴᠢᠨ | ᠪᠣᠯᠣᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠤᠭᠤᠷᠣᠨᠳᠤ ᠰᠢᠯᠵᠢᠭᠦᠯᠦᠨ ᠵᠠᠯᠭᠠᠭᠤᠯᠬᠤ | ᠬᠥᠮᠥᠰ ᠢ ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠡᠮᠴᠢᠯᠡᠭᠡ ᠶᠢᠨ | ᠪᠠᠲᠤᠯᠠᠭ᠎ᠠ ᠶᠢᠨ ᠲᠣᠪᠴᠢᠶ᠎ᠠ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠶᠠᠪᠤᠳᠠᠯ ᠵᠡᠷᠭᠡ | ᠰᠠᠯᠠᠭ᠎ᠠ ᠮᠥᠴᠢᠷ ᠲᠠᠢ ᠤᠷᠢᠳᠴᠢᠯᠠᠨ ᠵᠣᠯᠭᠠᠭᠤᠯᠵᠤ᠂ ᠲᠤᠰᠠᠯᠠᠬᠤ ᠴᠢᠬᠤᠯᠠᠲᠠᠢ ᠳᠠᠭᠠᠳᠬᠠᠯ ᠳᠤ ᠣᠷᠣᠯᠴᠠᠭᠰᠠᠳ | ᠤᠨ ᠮᠡᠳᠡᠭᠡ ᠵᠠᠩᠭᠢ ᠶᠢ ᠰᠢᠨᠡᠳᠬᠡᠵᠦ᠂ ᠳᠠᠭᠠᠳᠬᠠᠯ ᠳᠤ ᠣᠷᠣᠯᠴᠠᠬᠤ ᠬᠥᠳᠡᠯᠦᠩᠭᠦᠢ ᠬᠠᠮᠢᠶᠠᠷᠤᠯᠲᠠ ᠶᠢᠨ ᠡᠬᠡ | ᠲᠠᠩᠰᠠ ᠶᠢ ᠪᠠᠶᠢᠭᠤᠯᠵᠤ᠂ ︽ᠲᠦᠩᠯᠢᠶᠣᠣ ᠬᠤᠲᠠ ᠶᠢᠨ ᠬᠦᠨᠳᠦ ᠣᠨᠴᠠ ᠶᠡᠭᠡ ᠡᠪᠡᠳᠴᠢᠨ ᠡᠮᠭᠡᠭ ᠤᠨ | ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ ᠳᠦᠷᠢᠮ ᠢ ᠪᠦᠷᠢᠨᠰᠢᠭᠦᠯᠬᠦ ᠬᠡᠷᠡᠭᠵᠢᠭᠦᠯᠬᠦ ᠲᠥᠰᠥᠯ︾ ︵ | ᠲᠦᠩᠯᠢᠶᠤᠤ ᠵᠠᠰᠠᠭ ᠠᠯᠪᠠᠨ ᠥᠰᠥᠭ ﹇2022﹈ 143 ᠳ᠋ᠤᠭᠠᠷ ᠲᠣᠭᠠᠲᠤ︶ ᠲᠠᠬᠢ ︽ᠬᠡᠨ ᠮᠠᠭᠠᠳᠯᠠᠨ | ᠲᠣᠭᠲᠠᠭᠠᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠣᠷᠣᠯᠭ᠎ᠠ ᠪᠠᠭ᠎ᠠ ᠬᠥᠮᠥᠨ ᠠᠮᠠ ᠪᠦᠬᠦᠨ ᠢᠶᠠᠷ ᠢᠶᠠᠨ | ᠳᠠᠭᠠᠳᠬᠠᠯ ᠳᠤ ᠣᠷᠣᠯᠴᠠᠬᠤ ᠶᠢ ᠪᠠᠲᠤᠯᠠᠨ᠎ᠠ᠃ | ︵ᠳᠥᠷᠪᠡ︶ ᠵᠠᠯᠭᠠᠭ᠎ᠠ ᠪᠠᠷ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ ᠬᠡᠯᠪᠡᠶᠢᠯᠭᠡᠬᠦ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠬᠤ ᠦᠵᠡᠯ ᠤᠬᠠᠮᠰᠠᠷ ᠢ | ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | 1. ᠵᠠᠯᠭᠠᠭ᠎ᠠ ᠪᠠᠷ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠳ ᠤᠨ ᠡᠮᠨᠡᠯᠭᠡ ᠳᠤ ᠰᠠᠭᠤᠭᠰᠠᠨ | ᠵᠠᠷᠤᠳᠠᠯ ᠤᠨ ᠲᠠᠩᠰᠠ ᠲᠠᠶᠢᠯᠬᠤ ᠬᠠᠷᠢᠴᠠᠯ ᠢ ᠳᠡᠭᠡᠭᠰᠢᠯᠡᠭᠦᠯᠦᠨ᠎ᠡ᠃ 2024 ᠣᠨ ᠠᠴᠠ ᠡᠬᠢᠯᠡᠨ᠂ ᠲᠣᠰ | ᠬᠠᠷᠢᠶ᠎ᠠ ᠣᠷᠣᠨ ᠤ ᠬᠡᠪᠴᠢᠶᠡᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ | ᠳᠠᠭᠠᠳᠬᠠᠯ ᠳᠤ ᠵᠠᠯᠭᠠᠭ᠎ᠠ ᠪᠠᠷ ᠣᠷᠣᠯᠴᠠᠭᠰᠠᠨ ᠡᠪᠡᠳᠴᠢᠲᠡᠨ ᠳᠤ᠂ ᠲᠥᠷᠥ ᠶᠢᠨ ᠪᠣᠳᠣᠯᠭ᠎ᠠ ᠶᠢᠨ ᠬᠡᠪᠴᠢᠶᠡᠨ | ᠳᠣᠲᠣᠷᠠᠬᠢ ᠡᠮᠨᠡᠯᠭᠡ ᠳᠤ ᠰᠠᠭᠤᠭᠰᠠᠨ ᠵᠠᠷᠤᠳᠠᠯ ᠢ ᠤᠤᠯ ᠤᠨ ᠲᠠᠩᠰᠠ ᠲᠠᠶᠢᠯᠬᠤ ᠬᠠᠷᠢᠴᠠᠯ ᠤᠨ ᠰᠠᠭᠤᠷᠢᠨ ᠳᠡᠭᠡᠷ᠎ᠡ | ᠬᠡᠯᠪᠡᠶᠢᠯᠭᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠂ ᠪᠣᠳᠠᠲᠠᠢ ᠬᠡᠯᠪᠡᠶᠢᠯᠭᠡᠬᠦ ᠪᠠᠷᠢᠮᠵᠢᠶ᠎ᠠ ᠨᠢ ᠳᠣᠣᠷᠠᠬᠢ ᠮᠡᠲᠦ | ᠄ | 2022 ᠣᠨ ᠤ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠠᠴᠠ ᠡᠬᠢᠯᠡᠨ ᠪᠤᠳᠤᠵᠤ᠂ | ᠵᠠᠯᠭᠠᠭ᠎ᠠ ᠪᠠᠷ 3 ᠵᠢᠯ ︵3 ᠵᠢᠯ ᠪᠠᠭᠲᠠᠨ᠎ᠠ︶ ᠠᠴᠠ ᠳᠡᠭᠡᠭᠰᠢ 5 ᠵᠢᠯ ᠬᠦᠷᠬᠦ ᠦᠭᠡᠢ ᠮᠥᠷᠲᠡᠭᠡᠨ ᠬᠡᠪ ᠤᠨ | ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠪᠠᠶᠢᠳᠠᠯ ᠳᠤ ᠨᠡᠶᠢᠴᠡᠭᠰᠡᠨ ᠪᠠᠶᠢᠪᠠᠯ᠂ ᠲᠣᠭᠲᠠᠭᠰᠠᠨ | ᠡᠮᠴᠢᠯᠡᠭᠡᠨ ᠤ ᠪᠠᠶᠢᠭᠤᠯᠤᠮᠵᠢ ᠶᠢᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠡᠮᠨᠡᠯᠭᠡ ᠳᠤ ᠰᠠᠭᠤᠭᠰᠠᠨ | ᠵᠠᠷᠤᠳᠠᠯ ᠤᠨ ᠲᠠᠩᠰᠠ ᠲᠠᠶᠢᠯᠬᠤ ᠬᠠᠷᠢᠴᠠᠯ ᠢ 1% ᠪᠠᠷ ᠳᠡᠭᠡᠭᠰᠢᠯᠡᠭᠦᠯᠦᠨ᠎ᠡ︔ ᠵᠠᠯᠭᠠᠭ᠎ᠠ ᠪᠠᠷ 5 ᠵᠢᠯ ︵5 ᠵᠢᠯ | ᠪᠠᠭᠲᠠᠨ᠎ᠠ︶ ᠠᠴᠠ ᠳᠡᠭᠡᠭᠰᠢ ᠳᠠᠭᠠᠳᠬᠠᠯ ᠳᠤ ᠣᠷᠣᠯᠴᠠᠭᠰᠠᠨ ᠪᠥᠭᠡᠳ ᠬᠡᠪ ᠤᠨ ᠳᠠᠭᠠᠳᠬᠠᠯ ᠳᠤ ᠣᠷᠣᠯᠴᠠᠵᠤ | ᠰᠦᠢᠳᠬᠡᠯ ᠲᠤᠰᠢᠶᠠᠬᠤ ᠪᠠᠶᠢᠳᠠᠯ ᠳᠤ ᠨᠡᠶᠢᠴᠡᠭᠰᠡᠨ ᠪᠠᠶᠢᠪᠠᠯ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ | ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷ᠎ᠠ ᠡᠮᠨᠡᠯᠭᠡ ᠳᠤ ᠰᠠᠭᠤᠭᠰᠠᠨ ᠵᠠᠷᠤᠳᠠᠯ ᠤᠨ ᠲᠠᠩᠰᠠ ᠲᠠᠶᠢᠯᠬᠤ | ᠬᠠᠷᠢᠴᠠᠯ ᠢ 2% ᠢᠶᠠᠷ ᠳᠡᠭᠡᠭᠰᠢᠯᠡᠭᠦᠯᠦᠨ᠎ᠡ᠃ | ᠬᠦᠨᠳᠦ ᠡᠪᠡᠳᠴᠢᠨ ᠤ ᠳᠠᠭᠠᠳᠬᠠᠯ᠂ ᠡᠪᠡᠳᠴᠢᠲᠡᠨ ᠤ ᠣᠷᠣ ᠶᠢᠨ ᠡᠳᠦᠷ ᠢᠶᠠᠷ ᠵᠠᠷᠤᠳᠠᠯ ᠲᠤᠰᠢᠶᠠᠬᠤ᠂ | ᠴᠢᠰᠤ ᠨᠡᠪᠴᠢᠭᠦᠯᠦᠨ ᠢᠯᠭᠠᠷᠠᠭᠤᠯᠬᠤ᠂ ᠡᠳᠦᠷ ᠤᠨ ᠮᠡᠰᠡ ᠵᠠᠰᠠᠯ ᠬᠢᠬᠦ᠂ ᠡᠭᠦᠳᠡᠨ ᠡᠮᠨᠡᠯᠭᠡ ᠶᠢᠨ ᠤᠳᠠᠭᠠᠨ | ᠴᠢᠨᠠᠷᠲᠠᠢ ᠡᠪᠡᠳᠴᠢᠨ ᠵᠡᠷᠭᠡ ᠪᠣᠶ ᠪᠦᠬᠦᠢ ᠲᠠᠩᠰᠠ ᠲᠠᠶᠢᠯᠬᠤ ᠠᠷᠭ᠎ᠠ ᠮᠠᠶ᠋ᠢᠭ᠂ ᠲᠠᠩᠰᠠ ᠲᠠᠶᠢᠯᠬᠤ ᠬᠠᠷᠢᠴᠠᠯ ᠳᠤ | ᠣᠨᠴᠠᠭᠠᠶ ᠲᠣᠭᠲᠠᠭᠠᠯ ᠲᠠᠢ ᠪᠠᠶᠢᠪᠠᠯ᠂ ᠵᠠᠯᠭᠠᠭ᠎ᠠ ᠪᠠᠷ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ | ᠬᠡᠯᠪᠠᠶᠢᠯᠲᠡ ᠶᠢᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠪᠠᠭᠲᠠᠬᠤ ᠦᠭᠡᠢ᠃ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠰᠦᠢᠳᠬᠡᠯ | ᠲᠤᠰᠢᠶᠠᠬᠤ ᠪᠠᠨ ᠵᠣᠭᠰᠣᠭᠰᠠᠨ ᠤ ᠳᠠᠷᠠᠭ᠎ᠠ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠶᠢ ᠳᠠᠭᠢᠵᠤ | ᠭᠦᠢᠴᠡᠳᠬᠡᠭᠰᠡᠨ ᠪᠠᠶᠢᠪᠠᠯ᠂ ᠦᠷᠭᠦᠯᠵᠢᠯᠡᠨ ᠳᠠᠭᠠᠳᠬᠠᠯ ᠳᠤ ᠣᠷᠣᠯᠴᠠᠭᠰᠠᠨ ᠵᠢᠯ ᠬᠤᠭᠤᠴᠠᠭ᠎ᠠ ᠶᠢ ᠳᠠᠭᠢᠵᠤ | ᠰᠢᠨ᠎ᠡ ᠪᠠᠷ ᠪᠤᠳᠤᠨ᠎ᠠ︔ ᠠᠵᠢᠯ ᠣᠯᠣᠭᠰᠠᠨ ᠵᠡᠷᠭᠡ ᠰᠢᠯᠲᠠᠭᠠᠨ ᠠᠴᠠ ᠪᠣᠯᠵᠤ ᠳᠤᠮᠳᠠ ᠠᠴᠠ ᠨᠢ ᠠᠵᠢᠯᠲᠠᠨ | ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠪᠥᠭᠡᠳ ᠴᠠᠭ ᠨᠢ ᠦᠷᠭᠦᠯᠵᠢᠯᠡᠭᠰᠡᠨ | ᠪᠠᠶᠢᠪᠠᠯ᠂ ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠭᠰᠠᠨ ᠵᠢᠯ ᠬᠤᠭᠤᠴᠠᠭ᠎ᠠ ᠶᠢ ᠰᠠᠭᠤᠭᠠᠯᠢ ᠠᠷᠠᠳ ᠤᠨ | ᠳᠠᠭᠠᠳᠬᠠᠯ ᠳᠤ ᠣᠷᠣᠯᠴᠠᠭᠰᠠᠨ ᠵᠢᠯ ᠬᠤᠭᠤᠴᠠᠭ᠎ᠠ ᠲᠠᠢ ᠦᠷᠭᠦᠯᠵᠢᠯᠡᠨ ᠪᠤᠳᠤᠵᠤ ᠪᠣᠯᠣᠨ᠎ᠠ᠃ | 2. ᠤᠬᠠᠭᠤᠯᠤᠨ ᠳᠠᠶᠢᠴᠢᠯᠠᠬᠤ ᠶᠢ ᠪᠥᠬᠦ ᠲᠠᠯ᠎ᠠ ᠪᠠᠷ ᠵᠣᠬᠢᠶᠠᠨ ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ | ᠲᠠᠶᠢᠯᠤᠮᠵᠢ ᠬᠢᠬᠦ ᠶᠢ ᠰᠠᠶᠢᠲᠤᠷ ᠬᠢᠵᠦ᠂ ᠣᠯᠠᠨ ᠲᠦᠮᠡᠨ ᠤ ᠳᠠᠭᠠᠳᠬᠠᠯ ᠳᠤ ᠣᠷᠣᠯᠴᠠᠬᠤ ᠢᠳᠡᠪᠬᠢᠵᠢᠯ ᠢ | ᠳᠡᠭᠡᠭᠰᠢᠯᠡᠭᠦᠯᠦᠨ᠎ᠡ᠃ ᠤᠬᠠᠭᠤᠯᠭ᠎ᠠ ᠶᠢᠨ ᠰᠠᠯᠠᠭ᠎ᠠ ᠮᠥᠴᠢᠷ ᠪᠠ ᠵᠠᠭᠤᠴᠢᠯᠠᠭᠤᠷ ᠯᠤᠭ᠎ᠠ ᠶᠢᠨ ᠬᠠᠮᠲᠤᠷᠠᠯᠴᠠᠭ᠎ᠠ ᠪᠠᠨ | ᠴᠢᠩᠭᠠᠳᠬᠠᠵᠤ᠂ ︽ᠬᠤᠶᠠᠷ ᠢ ᠲᠣᠭᠲᠠᠭᠠᠬᠤ︾ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠤᠬᠠᠭᠤᠯᠵᠤ ᠬᠥᠲᠥᠯᠥᠨ | ᠵᠢᠯᠤᠭᠤᠳᠬᠤ ᠶᠢ ᠰᠠᠶᠢᠲᠤᠷ ᠬᠢᠵᠦ᠂ ᠣᠬᠤᠷ ᠸᠢᠳᠢᠤ᠋ ᠵᠣᠬᠢᠶᠠᠬᠤ᠂ ᠤᠬᠠᠭᠤᠯᠭ᠎ᠠ ᠶᠢᠨ ᠬᠠᠭᠤᠳᠠᠰᠤ ᠳᠠᠷᠤᠮᠠᠯᠯᠠᠬᠤ | ᠵᠡᠷᠭᠡ ᠬᠢᠯᠪᠠᠷ ᠣᠶᠢᠯᠠᠭᠠᠮᠵᠢᠲᠠᠢ ᠠᠷᠭ᠎ᠠ ᠬᠡᠯᠪᠡᠷᠢ ᠪᠠᠷ ᠣᠯᠠᠨ ᠲᠠᠰ ᠳᠠᠪᠬᠤᠷᠭ᠎ᠠ ᠶᠢᠨ ᠤᠬᠠᠭᠤᠯᠭ᠎ᠠ ᠬᠢᠵᠦ᠂ ᠤᠳᠠᠯ | ᠦᠭᠡᠢ ᠥᠷᠨᠢᠭᠦᠯᠬᠦ ᠪᠠᠷ ᠪᠠᠶᠢᠭ᠎ᠠ ᠰᠠᠭᠤᠭᠠᠯᠢ ᠠᠷᠠᠳ ᠤᠨ ᠡᠭᠦᠳᠡᠨ ᠡᠮᠨᠡᠯᠭᠡ ᠶᠢᠨ ᠨᠢᠭᠡᠳᠦᠯᠲᠡᠢ ᠲᠥᠯᠥᠪᠯᠡᠬᠦ᠂ | ᠦᠷᠭᠦᠯᠵᠢᠯᠡᠨ ᠰᠦᠢᠳᠬᠡᠯ ᠲᠤᠰᠢᠶᠠᠬᠤ ᠳᠤ ᠬᠡᠯᠪᠡᠶᠢᠯᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ | ᠪᠣᠳᠠᠲᠠᠢ ᠪᠠᠷ ᠨᠠᠶᠢᠳᠠᠪᠤᠷᠢᠵᠢᠭᠤᠯᠵᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠡᠮ ᠡᠮᠨᠡᠯᠭᠡ ᠶᠢᠨ | ᠳᠠᠭᠠᠳᠬᠠᠯ ᠤᠨ ᠰᠦᠢᠳᠬᠡᠯ ᠲᠤᠰᠢᠶᠠᠬᠤ ᠵᠠᠷᠤᠳᠠᠯ ᠦᠷᠭᠦᠯᠵᠢᠯᠡᠨ ᠥᠰᠦᠭᠰᠡᠨ ᠠᠴᠠ ᠪᠤᠯᠪᠠᠴᠤ ᠲᠠᠩᠰᠠ ᠲᠠᠶᠢᠯᠬᠤ | ᠬᠠᠷᠢᠴᠠᠯ ᠨᠢ ᠬᠤᠪᠢᠷᠠᠯᠲᠠ ᠦᠭᠡᠢ᠂ ᠪᠡᠶ᠎ᠡ ᠮᠠᠬᠠᠪᠤᠳ ᠡᠷᠡᠭᠦᠯ ᠮᠡᠨᠳᠦ ᠪᠠᠷ ᠳᠠᠭᠠᠳᠬᠠᠯ ᠳᠤ ᠤᠷᠤᠯᠴᠠᠪᠠᠯ ︽ | ᠬᠤᠨᠵᠢᠭᠳᠠᠬᠤ︾ ᠵᠡᠷᠭᠡ ᠲᠠᠨᠢᠯᠲᠠ ᠶᠢᠨ ᠠᠳᠡᠭᠦᠷᠡᠯ ᠠᠴᠠ ᠭᠠᠷᠭᠠᠨ᠂ ᠣᠯᠠᠨ ᠲᠦᠮᠡᠨ ᠤ ᠳᠠᠭᠠᠳᠬᠠᠯ ᠳᠤ | ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠦᠨ᠎ᠡ᠃ | ᠳᠥᠷᠪᠡ᠂ ᠡᠮ ᠡᠮᠨᠡᠯᠭᠡ ᠶᠢᠨ ᠳᠠᠭᠠᠳᠬᠠᠯ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ | ᠪᠦᠲᠦᠭᠡᠯ ᠤᠨ ᠬᠠᠷᠢᠯᠴᠠᠬᠤ ᠴᠡᠭ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ | ︽ᠦᠨᠳᠦᠰᠦᠨ ᠡᠮᠴᠢᠯᠡᠭᠡᠨ ᠤ ᠪᠠᠲᠤᠯᠠᠭ᠎ᠠ ᠲᠠᠢ︾ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ | ᠰᠢᠯᠵᠢᠯᠲᠡ ᠶᠢᠨ ᠬᠤᠭᠤᠴᠠᠭᠠᠨ ᠳᠠᠬᠢ ᠡᠮ ᠡᠮᠨᠡᠯᠭᠡ ᠶᠢᠨ ᠳᠠᠭᠠᠳᠬᠠᠯ ᠤᠨ ᠶᠡᠷᠦᠩᠬᠡᠶᠢᠯᠡᠨ ᠬᠠᠪᠰᠤᠷᠤᠨ ᠲᠡᠳᠬᠦᠬᠦ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠥᠨ ᠠᠮᠠ | ᠪᠠ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠪᠠᠲᠤᠯᠠᠬᠤ ᠶᠣᠰᠣᠲᠠᠢ ᠶᠢ ᠨᠢ ᠪᠠᠲᠤᠯᠠᠬᠤ ᠶᠢ | ᠲᠣᠭᠲᠠᠭᠤᠨ ᠢᠶᠠᠷ ᠪᠡᠶᠡᠯᠡᠭᠦᠯᠦᠨ᠎ᠡ᠃ ᠨᠠᠢᠮᠠᠨ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠤᠯᠤᠰ ᠤᠨ | ᠬᠠᠷᠢᠯᠴᠠᠬᠤ ᠴᠡᠭ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠮᠠᠯᠵᠢᠬᠤ ᠲᠠᠷᠢᠶᠠᠯᠠᠬᠤ ᠣᠷᠣᠨ ᠤ | ᠣᠷᠣᠯᠭ᠎ᠠ ᠪᠠᠭᠠᠲᠠᠢ ᠬᠥᠮᠥᠨ ᠠᠮᠠ ᠶᠢᠨ ᠦᠨᠳᠦᠰᠦᠨ ᠡᠮ ᠡᠮᠡᠨᠡᠯᠭᠡ ᠶᠢᠨ ᠳᠠᠭᠠᠳᠬᠠᠯ ᠤᠨ ᠬᠡᠷᠡᠭᠴᠡᠭᠡ | ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ ᠵᠠᠷᠤᠳᠠᠯ ᠳᠤ ᠴᠢᠭᠯᠡᠭᠦᠯᠦᠨ ᠡᠪᠡᠳᠴᠢᠲᠡᠨ ᠤ | ᠲᠦᠭᠰᠢᠭᠦᠷᠢ ᠶᠢ ᠨᠠᠮᠳᠠᠭᠤᠯᠬᠤ ᠶᠢ ᠡᠭᠦᠷᠭᠡᠯᠡᠵᠦ᠂ ᠭᠤᠯᠳᠤ ᠪᠠᠷ ᠡᠴᠦᠰ ᠲᠤᠨᠢ ᠲᠤᠯᠲᠠᠯ᠎ᠠ᠂ ᠬᠥᠨᠳᠡᠯᠡᠨ ᠢᠶᠠᠷ | ᠬᠢᠵᠠᠭᠠᠷ ᠬᠦᠷᠲᠡᠯ᠎ᠡ ᠶᠠᠪᠤᠭᠳᠠᠭᠤᠯᠬᠤ ᠵᠠᠷᠴᠢᠮ ᠶᠣᠰᠣᠭᠠᠷ᠂ ︽ᠳᠥᠷᠪᠡᠨ ᠱᠠᠲᠤ ᠪᠠᠷ ᠬᠤᠯᠪᠤᠭᠠᠯᠠᠨ ᠬᠥᠳᠡᠯᠦᠯᠴᠡᠬᠦ᠂ | ᠳᠠᠪᠬᠤᠷ ᠰᠡᠷᠡᠮᠵᠢᠯᠡᠭᠦᠯᠬᠦ︾ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ ᠬᠢᠨᠠᠨ | ᠬᠡᠮᠵᠢᠬᠦ ᠲᠣᠭᠲᠠᠴᠠ ᠶᠢ ᠪᠠᠶᠢᠭᠤᠯᠵᠤ᠂ ᠭᠤᠷᠪᠠᠨ ᠵᠦᠢᠯ ᠤᠨ ᠳᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ | ᠬᠦᠴᠦᠨ ᠴᠢᠳᠠᠪᠤᠷᠢ ᠶᠢ ᠴᠢᠩᠭᠠᠷᠠᠭᠤᠯᠤᠨ᠂ ᠡᠪᠡᠳᠴᠢᠨ ᠠᠴᠠ ᠪᠣᠯᠵᠤ ᠬᠡᠪᠴᠢᠶᠡᠵᠢᠭᠰᠡᠨ ᠴᠢᠨᠠᠷᠲᠠᠢ ᠳᠠᠬᠢᠨ | ᠶᠠᠳᠠᠭᠤᠷᠠᠬᠤ ᠬᠢᠵᠠᠭᠠᠷ ᠱᠤᠭᠤᠮ ᠢ ᠡᠷᠡᠰ ᠪᠠᠲᠤ ᠰᠠᠬᠢᠨ᠎ᠠ᠃ ᠬᠤᠲᠠ᠂ ᠬᠤᠰᠢᠭᠤ ᠰᠢᠶᠠᠨ᠂ ᠰᠢᠶᠠᠩ ᠪᠠᠯᠭᠠᠰᠤ᠂ | ᠭᠠᠴᠠᠭ᠎ᠠ ᠲᠣᠰᠬᠤᠨ ᠳᠥᠷᠪᠡᠨ ᠱᠠᠲᠤ ᠪᠠᠷ ᠢᠶᠠᠨ ᠬᠠᠮᠲᠤᠷᠠᠨ ᠬᠥᠳᠡᠯᠦᠯᠴᠡᠬᠦ ᠶᠢ ᠪᠠᠷᠢᠮᠲᠠᠯᠠᠵᠤ᠂ ᠡᠪᠡᠳᠴᠢᠨ ᠠᠴᠠ | ᠪᠣᠯᠵᠤ ᠶᠠᠳᠠᠭᠤᠷᠠᠬᠤ ᠲᠦᠭᠰᠢᠭᠦᠷᠢ ᠪᠠ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ ᠲᠦᠭᠰᠢᠭᠦᠷᠢ ᠶᠢ ᠬᠢᠨᠠᠨ | ᠬᠡᠮᠵᠢᠬᠦ ᠲᠣᠭᠲᠠᠴᠠ ᠶᠢ ᠲᠥᠷᠥᠯ ᠬᠤᠪᠢᠶᠠᠨ ᠪᠦᠷᠢᠨᠰᠢᠭᠦᠯᠵᠦ᠂ ᠶᠡᠭᠡ ᠲᠣᠭᠠᠨ ᠤ ᠵᠠᠷᠤᠳᠠᠯ ᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠶᠢ ᠰᠠᠶᠢᠲᠤᠷ ᠬᠢᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ | ᠬᠥᠮᠥᠨ ᠠᠮᠠ ᠪᠣᠯᠣᠨ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ︵ᠶᠠᠳᠠᠭᠤ ᠠᠴᠠ ᠠᠩᠭᠢᠵᠢᠷᠠᠭᠤᠯᠤᠭᠰᠠᠨ | ᠲᠥᠷᠥ ᠶᠢᠨ ᠪᠣᠳᠣᠯᠭ᠎ᠠ ᠶᠢ ᠥᠯᠥ ᠭᠥᠷᠳᠡᠬᠦ ᠬᠥᠮᠥᠰ ᠪᠠᠭᠲᠠᠨ᠎ᠠ︶ ᠶᠢᠨ ᠳᠣᠲᠣᠷᠠᠬᠢ ᠶᠡᠭᠡ ᠲᠣᠭᠠᠨ ᠤ ᠡᠮᠴᠢᠯᠡᠭᠡᠨ ᠤ | ᠵᠠᠷᠤᠳᠠᠯ ᠤᠨ ᠳᠠᠷᠤᠭᠠᠰᠤ ᠲᠠᠢ ᠡᠪᠡᠳᠴᠢᠲᠡᠨ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠨ᠎ᠡ᠃ ᠳᠠᠬᠢᠨ | ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠬᠢᠨᠠᠨ ᠬᠡᠮᠵᠢᠬᠦ ᠲᠠᠪᠴᠠᠩ᠂ ᠣᠷᠣᠯᠭ᠎ᠠ ᠪᠠᠭᠠᠲᠠᠢ ᠬᠥᠮᠥᠨ ᠠᠮᠠ ᠶᠢᠨ | ᠬᠥᠳᠡᠯᠦᠩᠭᠦᠢ ᠬᠢᠨᠠᠨ ᠬᠡᠮᠵᠢᠬᠦ ᠲᠠᠪᠴᠠᠩ ᠯᠤᠭ᠎ᠠ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠴᠢᠩᠭᠠᠳᠬᠠᠵᠤ᠂ | ᠶᠡᠭᠡ ᠲᠣᠭᠠᠨ ᠤ ᠡᠮᠴᠢᠯᠡᠭᠡᠨ ᠤ ᠵᠠᠷᠤᠳᠠᠯ ᠲᠠᠢ ᠡᠪᠡᠳᠴᠢᠲᠡᠨ ᠤ ᠬᠤᠪᠢ ᠬᠥᠮᠥᠨ ᠤ ᠮᠡᠳᠡᠭᠡ ᠵᠠᠩᠭᠢ ᠶᠢ ᠴᠠᠭ ᠲᠤᠬᠠᠢ | ᠳᠤᠨᠢ ᠬᠦᠷᠭᠡᠨ ᠥᠭᠴᠦ᠂ ᠬᠠᠷᠭᠤᠭᠤᠯᠤᠨ ᠪᠠᠶᠢᠴᠠᠭᠠᠵᠤ ᠮᠠᠭᠠᠳᠯᠠᠨ ᠲᠣᠭᠲᠠᠭᠠᠭᠰᠠᠨ ᠤ ᠳᠠᠷᠠᠭ᠎ᠠ ᠡᠮᠴᠢᠯᠡᠭᠡᠨ ᠤ | ᠠᠪᠤᠷᠠᠨ ᠲᠤᠰᠠᠯᠠᠬᠤ ᠨᠥᠬᠦᠴᠡᠯ ᠳᠤ ᠨᠡᠶᠢᠴᠡᠭᠰᠡᠨ ᠢ ᠨᠢ ᠴᠠᠭ ᠲᠤᠬᠠᠢ ᠳᠤᠨᠢ ᠡᠮᠴᠢᠯᠡᠭᠡᠨ ᠤ ᠠᠪᠤᠷᠠᠨ ᠲᠤᠰᠠᠯᠠᠬᠤ | ᠬᠡᠪᠴᠢᠶᠡᠨ ᠳᠤ ᠣᠷᠣᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠠᠨᠠᠭᠠᠴᠢᠯᠠᠭᠠᠲᠤ ᠴᠢᠨᠠᠷ ᠢ | ᠭᠦᠢᠴᠡᠳ ᠪᠠᠳᠠᠷᠠᠭᠤᠯᠤᠨ᠂ ᠪᠢᠲᠡᠭᠦᠦ ᠴᠠᠭᠠᠷᠢᠭᠲᠤ ᠬᠠᠮᠢᠶᠠᠷᠤᠯᠲᠠ ᠶᠢ ᠪᠣᠶ ᠪᠣᠯᠭᠠᠨ᠎ᠠ᠃ | ᠲᠠᠪᠤ᠂ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ DRG/DIP ᠲᠣᠭᠠᠴᠠᠭ᠎ᠠ ᠬᠢᠬᠦ ᠠᠷᠭ᠎ᠠ | ᠮᠠᠶ᠋ᠢᠭ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ︾ ᠶᠢᠨ ᠱᠠᠭᠠᠷᠳᠠᠯᠭ᠎ᠠ ᠶᠣᠰᠣᠭᠠᠷ | ᠂ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ 2023 | ᠣᠨ ᠳᠤ ᠨᠥᠬᠦᠴᠡᠯ ᠳᠤ ᠨᠡᠶᠢᠴᠡᠬᠦ ᠡᠮᠨᠡᠯᠭᠡ ᠳᠤ ᠰᠠᠭᠤᠬᠤ ᠦᠢᠯᠡᠴᠢᠯᠡᠭᠡ ᠥᠷᠨᠢᠭᠦᠯᠵᠦ ᠪᠠᠶᠢᠭ᠎ᠠ ᠪᠥᠬᠦ ᠡᠮᠴᠢᠯᠡᠭᠡᠨ ᠤ | ᠪᠠᠶᠢᠭᠤᠯᠤᠮᠵᠢ ᠶᠢ DIP ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠵᠤ᠂ ᠬᠠᠷᠢᠶ᠎ᠠ ᠭᠠᠵᠠᠷ ᠤᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ | ᠡᠮᠴᠢᠯᠡᠭᠡᠨ ᠤ ᠪᠠᠶᠢᠭᠤᠯᠤᠮᠵᠢ ᠶᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ ᠵᠠᠷᠤᠳᠠᠯ ᠢ ᠵᠦᠢ | ᠵᠣᠬᠢᠰᠲᠠᠢ ᠪᠠᠷ ᠬᠢᠵᠠᠭᠠᠷᠯᠠᠨ᠂ ᠣᠨᠣᠰᠢᠯᠠᠨ ᠡᠮᠨᠡᠬᠦ ᠶᠢ ᠵᠢᠷᠤᠮᠵᠢᠭᠤᠯᠤᠨ᠎ᠠ᠃ ᠬᠡᠯᠡᠯᠴᠡᠭᠡ ᠬᠢᠬᠦ ᠡᠮ ᠤᠨ ᠵᠦᠢᠯ ᠤᠨ ︽ | ᠬᠤᠣᠰ ᠨᠡᠪᠲᠡᠷᠡᠬᠦ ᠵᠠᠮ︾ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠰᠠᠶᠢᠲᠤᠷ ᠬᠢᠵᠦ᠂ ᠨᠥᠬᠦᠴᠡᠯ ᠳᠤ | ᠨᠡᠶᠢᠴᠡᠬᠦ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ | ᠪᠠᠶᠢᠭᠤᠯᠤᠮᠵᠢ ᠪᠣᠯᠣᠨ ᠲᠤᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠢ ︽ᠬᠤᠣᠰ ᠨᠡᠪᠲᠡᠷᠡᠬᠦ ᠵᠠᠮ︾ | ᠤᠨ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠵᠤ᠂ ᠵᠥᠪᠰᠢᠶᠡᠷᠡᠨ ᠣᠷᠣᠭᠤᠯᠬᠤ ᠪᠠ ᠪᠤᠴᠠᠭᠠᠨ ᠭᠠᠷᠭᠠᠬᠤ | ᠲᠣᠭᠲᠠᠴᠠ ᠶᠢ ᠨᠡᠶᠢᠲᠡᠯᠡᠨ᠎ᠡ᠃ | ᠵᠢᠷᠭᠤᠭ᠎ᠠ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠶᠢ ᠴᠢᠩᠭᠠᠳᠬᠠᠨ᠎ᠠ | ᠡᠮ ᠡᠮᠨᠡᠯᠭᠡ ᠶᠢᠨ ᠳᠠᠭᠠᠳᠬᠠᠯ ᠤᠨ ᠬᠦᠷᠢᠶᠡᠨ ᠳᠠᠬᠢ ᠮᠡᠬᠡᠯᠡᠨ ᠠᠪᠬᠤ ᠳᠤ ᠴᠣᠬᠢᠯᠲᠠ ᠥᠭᠬᠦ ᠲᠤᠰᠬᠠᠢ | ᠴᠡᠭᠴᠡᠯᠡᠨ ᠵᠠᠰᠠᠯᠲᠠ ᠶᠢ ᠭᠦᠨᠵᠡᠭᠡᠢ ᠥᠷᠨᠢᠭᠦᠯᠵᠦ᠂ ᠰᠠᠯᠠᠭ᠎ᠠ ᠮᠥᠴᠢᠷ ᠤᠨ ᠮᠡᠳᠡᠭᠡ ᠵᠠᠩᠭᠢ ᠲᠤᠭ᠎ᠠ ᠪᠠᠷᠢᠮᠲᠠ ᠶᠢ | ᠬᠠᠮᠲᠤ ᠪᠠᠷ ᠡᠳ᠋ᠯᠡᠬᠦ ᠪᠠ ᠬᠠᠮᠲᠤᠷᠠᠨ ᠬᠠᠤᠯᠢ ᠬᠡᠷᠡᠭᠵᠢᠭᠦᠯᠬᠦ ᠶᠢ ᠴᠢᠩᠭᠠᠳᠬᠠᠨ᠎ᠠ᠃ ᠨᠡᠶᠢᠲᠡᠯᠢᠭ ᠬᠡᠷᠡᠭ ᠤᠨ | ᠵᠢᠱᠢᠶ᠎ᠡ ᠶᠢ ᠢᠯᠡᠴᠢᠯᠡᠬᠦ ᠡᠷᠴᠢᠮ ᠢ ᠦᠷᠭᠦᠯᠵᠢᠯᠡᠨ ᠴᠢᠩᠭᠠᠷᠠᠭᠤᠯᠪᠠ᠃ ᠡᠮ ᠡᠮᠨᠡᠯᠭᠡ ᠶᠢᠨ ᠳᠠᠭᠠᠳᠬᠠᠯ ᠤᠨ ᠣᠶᠤᠨᠴᠢ | ᠬᠢᠨᠠᠯᠲᠠ ᠬᠠᠮᠢᠶᠠᠷᠤᠯᠲᠠ᠂ ᠢᠯᠡᠴᠢᠯᠡᠨ ᠮᠡᠳᠡᠭᠦᠯᠵᠦ ᠵᠠᠭᠠᠯᠳᠤᠬᠤ ᠬᠠᠮᠢᠶᠠᠷᠤᠯᠲᠠ᠂ ᠵᠠᠰᠠᠭ ᠵᠠᠬᠢᠷᠭᠠᠨ ᠤ ᠬᠢᠨᠠᠯᠲᠠ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ᠂ ᠠᠬᠤᠢ ᠲᠠᠯᠠᠪᠠᠶ ᠶᠢᠨ ᠬᠢᠨᠠᠨ ᠡᠵᠡᠮᠳᠡᠬᠦ ᠰᠢᠰᠲ᠋ᠧᠮ ᠤᠨ | ᠬᠡᠷᠡᠭᠯᠡᠯᠲᠡ ᠶᠢ ᠪᠥᠬᠦ ᠲᠠᠯ᠎ᠠ ᠪᠠᠷ ᠠᠬᠢᠭᠤᠯᠵᠤ᠂ ᠰᠠᠭᠤᠷᠢ ᠮᠥᠩᠭᠦ ᠶᠢᠨ ᠬᠡᠪᠰᠢᠭᠰᠡᠨ ᠬᠢᠨᠠᠯᠲᠠ ᠬᠠᠮᠢᠶᠠᠷᠤᠯᠲᠠ ᠶᠢ | ᠪᠣᠳᠠᠲᠠᠶᠢᠵᠢᠭᠤᠯᠤᠨ᠎ᠠ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠦᠨᠡᠯᠡᠯᠲᠡ ᠶᠢ ᠰᠠᠶᠢᠲᠤᠷ ᠬᠢᠨ᠎ᠡ᠃ ᠡᠮ ᠡᠮᠨᠡᠯᠭᠡ ᠶᠢᠨ ᠳᠠᠭᠠᠳᠬᠠᠯ ᠤᠨ ᠮᠡᠬᠡᠯᠡᠨ ᠬᠢᠬᠠᠬᠤ ᠶᠢ | ᠡᠰᠡᠷᠭᠦᠴᠡᠬᠦ ᠲᠣᠮᠣ ᠳ᠋ᠠᠶᠢᠲ᠋ᠠ ᠶᠢᠨ ᠬᠢᠨᠠᠯᠲᠠ ᠬᠠᠮᠢᠶᠠᠷᠤᠯᠲᠠ ᠶᠢᠨ ᠲᠤᠷᠰᠢᠯᠲᠠ ᠶᠢ ᠦᠷᠨᠢᠭᠦᠯᠦᠨ᠎ᠡ᠃ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠢᠨᠠᠨ ᠬᠠᠮᠢᠶᠠᠷᠬᠤ ᠬᠦᠷᠢᠶᠡᠨ ᠳᠠᠬᠢ ᠠᠷᠢᠭᠤᠨ ᠴᠢᠬᠡᠴᠢ | ᠰᠣᠶᠣᠯ ᠤᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠬᠦ ᠲᠠᠢ ᠤᠶᠠᠯᠳᠤᠭᠤᠯᠤᠨ᠂ ᠬᠢᠨᠠᠨ | ᠬᠠᠮᠢᠶᠠᠷᠬᠤ ᠡᠩᠨᠡᠭᠡ ᠪᠠ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠡᠮ | ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ | ᠰᠠᠭᠤᠷᠢ ᠮᠥᠩᠭᠦ ᠶᠢᠨ ᠲᠥᠰᠥᠪ ᠤᠨ ᠬᠠᠮᠢᠶᠠᠷᠤᠯᠲᠠ ᠶᠢ ᠴᠢᠩᠭᠠᠷᠠᠭᠤᠯᠤᠨ᠂ ᠡᠮᠴᠢᠯᠡᠭᠡ ᠶᠢᠨ ᠪᠠᠲᠤᠯᠠᠭ᠎ᠠ ᠶᠢᠨ | ᠰᠠᠯᠠᠭ᠎ᠠ ᠮᠥᠴᠢᠷ ᠤᠳ ᠲᠣᠭᠲᠠᠮᠠᠯ ᠬᠤᠭᠤᠴᠠᠭ᠎ᠠ ᠲᠠᠢ ᠪᠠᠷ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ | ᠠᠵᠢᠯᠯᠠᠭᠠᠨ ᠤ ᠵᠠᠳᠠᠯᠤᠯᠲᠠ ᠶᠢ ᠥᠷᠨᠢᠭᠦᠯᠵᠦ᠂ ᠲᠦᠭᠰᠢᠭᠦᠷᠢ ᠶᠢ ᠤᠷᠢᠳᠴᠢᠯᠠᠨ ᠲᠦᠰᠦᠭᠡᠯᠡᠨ ᠰᠢᠯᠭᠠᠨ ᠪᠠᠶᠢᠴᠠᠭᠠᠵᠤ | ᠂ ᠰᠠᠭᠤᠷᠢ ᠮᠦᠩᠭᠦ ᠶᠢᠨ ᠡᠷᠭᠢᠯᠲᠡ ᠶᠢᠨ ᠲᠦᠭᠰᠢᠭᠦᠷᠢ ᠶᠢ ᠰᠡᠷᠭᠡᠶᠢᠯᠡᠨ᠎ᠡ᠃ ᠡᠮ ᠡᠮᠨᠡᠯᠭᠡ ᠶᠢᠨ ᠳᠠᠭᠠᠳᠬᠠᠯ ᠤᠨ | ᠰᠠᠭᠤᠷᠢ ᠮᠥᠩᠭᠦ ᠶᠢᠨ ᠲᠥᠰᠥᠪ ᠤᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ | ᠬᠡᠷᠡᠭᠵᠢᠭᠦᠯᠵᠦ᠂ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠵᠦᠢ ᠵᠣᠬᠢᠰᠲᠠᠢ ᠲᠣᠭᠲᠠᠭᠠᠨ᠂ ᠠᠵᠢᠯ ᠤᠨ | ᠠᠮᠵᠢᠯᠲᠠ ᠪᠦᠲᠦᠮᠵᠢ ᠶᠢᠨ ᠠᠵᠢᠯᠯᠠᠭᠠᠨ ᠢ ᠬᠢᠨᠠᠨ ᠡᠵᠡᠮᠳᠡᠬᠦ ᠶᠢ ᠰᠠᠶᠢᠲᠤᠷ ᠬᠢᠵᠦ᠂ ᠲᠥᠰᠥᠪ ᠤᠨ ᠠᠵᠢᠯ ᠤᠨ | ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠣᠰᠣᠭᠠᠷ᠂ ᠰᠢᠨᠵᠢᠯᠡᠬᠦ ᠤᠬᠠᠭᠠᠨᠴᠢ ᠪᠠᠷ ᠠᠵᠢᠯ ᠤᠨ | ᠠᠮᠵᠢᠯᠲᠠ ᠪᠦᠲᠦᠮᠵᠢ ᠶᠢᠨ ᠦᠨᠡᠯᠡᠯᠲᠡ ᠶᠢ ᠥᠷᠨᠢᠭᠦᠯᠵᠦ᠂ ᠦᠷ᠎ᠡ ᠳ᠋ᠦᠩ ᠤᠨ ᠬᠡᠷᠡᠭᠯᠡᠯᠲᠡ ᠶᠢ ᠦᠨᠡᠨᠬᠦ | ᠴᠢᠩᠭᠠᠳᠬᠠᠨ᠂ ᠡᠮ ᠡᠮᠨᠡᠯᠭᠡ ᠶᠢᠨ ᠳᠠᠭᠠᠳᠬᠠᠯ ᠤᠨ ᠰᠢᠯᠵᠢᠭᠦᠯᠦᠨ ᠥᠭᠬᠦ ᠪᠡᠯᠡ ᠮᠥᠩᠭᠦ ᠶᠢᠨ ᠠᠵᠢᠯ ᠤᠨ ᠠᠮᠵᠢᠯᠲᠠ | ᠪᠦᠲᠦᠮᠵᠢ ᠶᠢᠨ ᠦᠨᠡᠯᠡᠯᠲᠡ ᠶᠢ ᠬᠦᠨᠵᠡᠭᠡᠢ ᠦᠷᠨᠢᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ | ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ | ᠳᠣᠯᠤᠭ᠎ᠠ᠂ ᠭᠠᠷᠲᠠᠨ ᠭᠦᠢᠴᠡᠳᠬᠡᠬᠦ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠦᠨ᠎ᠡ | ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠰᠢᠰᠲ᠋ᠧᠮᠵᠢ ᠶᠢ | ᠪᠦᠷᠢᠨᠰᠢᠭᠦᠯᠵᠦ᠂ ᠦᠢᠯᠡᠴᠢᠯᠡᠭᠡᠨ ᠢ ᠳᠣᠷᠣᠭᠰᠢ ᠪᠠᠭᠤᠯᠭᠠᠬᠤ ᠶᠢ ᠶᠡᠬᠡᠪᠡᠷ ᠠᠬᠢᠭᠤᠯᠤᠨ᠂ ᠦᠨᠳᠦᠰᠦᠨ ᠱᠠᠲᠤᠨ ᠤ | ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ︵ ᠴᠡᠭ︶ ᠶᠢᠨ ᠪᠦᠷᠬᠦᠴᠡ ᠶᠢᠨ ᠨᠣᠷᠮ᠎ᠠ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠥᠷᠲᠡᠭᠡ ︵ᠴᠡᠭ︶ ᠶᠢᠨ ᠠᠵᠢᠯᠲᠠᠨ ᠤ | ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠤᠨ᠂ ᠦᠨᠳᠦᠰᠦᠨ ᠱᠠᠲᠤᠨ ᠤ ᠡᠮ ᠡᠮᠨᠡᠯᠭᠡ ᠶᠢᠨ ᠳᠠᠭᠠᠳᠬᠠᠯ ᠤᠨ | ᠭᠠᠷᠲᠠᠨ ᠭᠦᠢᠴᠡᠳᠬᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠬᠠᠭᠤᠳᠠᠰᠤ ᠪᠠ | ᠠᠵᠢᠯᠯᠠᠭᠠᠨ ᠤ ᠵᠢᠷᠤᠮᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠷᠢᠮᠵᠢᠶᠠᠵᠢᠭᠤᠯᠤᠨ ᠵᠢᠷᠤᠮᠵᠢᠭᠤᠯᠬᠤ | ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠬᠤ ᠬᠠᠮᠢᠶᠠᠷᠤᠯᠲᠠ ᠶᠢᠨ ᠭᠠᠷᠲᠠᠨ ᠭᠦᠢᠴᠡᠳᠬᠡᠬᠦ ᠳᠦᠷᠢᠮ ᠢ ᠨᠠᠶᠢᠳᠠᠪᠤᠷᠢᠵᠢᠭᠤᠯᠵᠤ᠂ ᠳᠠᠭᠠᠳᠬᠠᠯ ᠳᠤ | ᠣᠷᠣᠯᠴᠠᠵᠤ ᠰᠦᠢᠳᠬᠡᠯ ᠲᠤᠰᠢᠶᠠᠬᠤ ᠶᠢ ᠳᠠᠶᠢᠴᠢᠯᠠᠬᠤ ᠠᠵᠢᠯ ᠢ ᠰᠠᠶᠢᠲᠤᠷ ᠬᠢᠵᠦ᠂ ᠤᠬᠠᠭᠤᠯᠬᠤ ᠠᠷᠭ᠎ᠠ | ᠮᠠᠶ᠋ᠢᠭ ᠤᠨ ᠰᠢᠨ᠎ᠡ ᠶᠢ ᠡᠭᠦᠳᠴᠦ᠂ ᠤᠬᠠᠭᠤᠯᠬᠤ ᠠᠷᠭ᠎ᠠ ᠵᠠᠮ ᠢ ᠥᠷᠭᠡᠳᠬᠡᠨ᠂ ᠣᠯᠠᠨ ᠲᠦᠮᠡᠨ ᠤ ᠳᠠᠭᠠᠳᠬᠠᠯ ᠳᠤ | ᠣᠷᠣᠯᠴᠠᠵᠤ ᠰᠦᠢᠳᠬᠡᠯ ᠲᠤᠰᠢᠶᠠᠬᠤ ᠢᠳᠡᠪᠬᠢᠵᠢᠯ ᠢ ᠳᠠᠶᠢᠴᠢᠯᠠᠬᠤ ᠬᠡᠷᠡᠭᠲᠡᠢ᠃ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠲᠤᠭ᠎ᠠ ᠪᠠᠷᠢᠮᠲᠠ ᠶᠢ ᠤᠯᠤᠰ ᠤᠨ ᠡᠮ ᠡᠮᠨᠡᠯᠭᠡ ᠶᠢᠨ | ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠳᠤ ᠳᠠᠮᠵᠢᠭᠤᠯᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ | ᠂ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠴᠡᠳᠭᠡᠬᠦ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢ | ᠬᠥᠮᠥᠷᠭᠡ ᠳᠤ ᠣᠷᠣᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠨ᠎ᠠ᠃ ᠳᠠᠬᠢᠨ ᠳᠠᠪᠲᠠᠨ | ᠳᠠᠭᠠᠳᠬᠠᠯ ᠳᠤ ᠣᠷᠣᠯᠴᠠᠬᠤ ᠬᠠᠷᠢᠮᠠᠬᠠᠶ ᠴᠣᠩᠬᠤ ᠶᠢᠨ ᠰᠠᠨᠠᠭᠤᠯᠬᠤ ᠴᠢᠳᠠᠮᠵᠢ ᠶᠢ ᠠᠰᠢᠭᠯᠠᠨ᠂ ᠳᠠᠭᠠᠳᠬᠠᠯ ᠳᠤ | ᠣᠷᠣᠯᠴᠠᠭᠰᠠᠳ ᠤᠨ ᠮᠤᠵᠢ ᠠᠯᠤᠰᠯᠠᠨ ᠰᠢᠯᠵᠢᠬᠦ᠂ ᠳᠠᠭᠠᠳᠬᠠᠯ ᠳᠤ ᠣᠷᠣᠯᠴᠠᠬᠤ ᠲᠥᠷᠥᠯ ᠵᠦᠢᠯ ᠢᠶᠠᠨ | ᠬᠤᠪᠢᠷᠠᠭᠤᠯᠬᠤ᠂ ᠣᠷᠣᠨ ᠪᠦᠰᠡ ᠠᠯᠤᠰᠯᠠᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠵᠡᠷᠭᠡ ᠮᠡᠳᠡᠭᠡ | ᠵᠠᠩᠭᠢ ᠶᠢ ᠬᠢᠨᠠᠨ ᠬᠠᠷᠭᠤᠭᠤᠯᠵᠤ᠂ ᠳᠠᠬᠢᠨ ᠳᠠᠪᠲᠠᠨ ᠳᠠᠭᠠᠳᠬᠠᠯ ᠳᠤ ᠣᠷᠣᠯᠴᠠᠬᠤ ᠶᠢ ᠤᠷᠢᠳᠴᠢᠯᠠᠨ ᠰᠡᠷᠭᠡᠶᠢᠯᠡᠬᠦ | ᠬᠡᠷᠡᠭᠲᠡᠶ᠃ ︽ᠲᠦᠷᠦᠭᠦ ᠨᠢᠭᠡ ᠶᠠᠪᠤᠳᠠᠯ︾ ᠢ ᠬᠠᠮᠲᠤᠷᠠᠨ ᠰᠢᠢᠳᠪᠦᠷᠢᠯᠡᠬᠦ ᠶᠢ ᠲᠦᠯᠬᠢᠨ ᠠᠬᠢᠭᠤᠯᠬᠤ ᠳᠤ | ᠢᠳᠡᠪᠬᠢᠲᠡᠶ ᠣᠷᠣᠯᠴᠠᠨ᠎ᠠ᠃ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠲᠡᠰᠦᠯᠦᠨ ᠪᠤᠳᠤᠬᠤ ᠶᠢ | ᠨᠠᠶᠢᠳᠠᠪᠤᠷᠢᠵᠢᠭᠤᠯᠵᠤ᠂ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠬᠤᠶᠠᠷ ᠲᠣᠭᠲᠠᠭᠠᠬᠤ ᠪᠠᠶᠢᠭᠤᠯᠤᠮᠵᠢ ᠶᠢᠨ | ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ | ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠦᠷᠭᠦᠯᠵᠢᠯᠡᠨ ᠰᠠᠶᠢᠲᠤᠷ ᠬᠢᠵᠦ᠂ ᠣᠷᠣᠨ ᠪᠦᠰᠡ ᠠᠯᠤᠰᠯᠠᠭᠰᠠᠨ | ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠴᠢᠩᠭᠠᠳᠬᠠᠨ᠂ ᠮᠤᠵᠢ ᠠᠯᠤᠰᠯᠠᠨ ᠬᠠᠮᠵᠢᠯᠴᠠᠬᠤ ᠲᠠᠪᠴᠠᠩ ᠢ | ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠵᠤ᠂ ᠡᠮᠨᠡᠯᠭᠡ ᠳᠤ ᠰᠠᠭᠤᠭᠰᠠᠨ ᠵᠠᠷᠤᠳᠠᠯ ᠢ ᠮᠤᠵᠢ ᠠᠯᠤᠰᠯᠠᠨ ᠰᠢᠭᠤᠳ | ᠲᠡᠰᠦᠯᠦᠨ ᠪᠤᠳᠤᠬᠤ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠴᠢᠰᠤᠨ ᠳᠠᠷᠤᠯᠲᠠ ᠥᠨᠳᠥᠷ ᠡᠪᠡᠳᠴᠢᠨ | ᠂ ᠰᠢᠬᠢᠷ ᠰᠢᠵᠢᠩ ᠡᠪᠡᠳᠴᠢᠨ ᠵᠡᠷᠭᠡ 5 ᠵᠦᠢᠯ ᠤᠨ ᠡᠪᠡᠳᠴᠢᠨ ᠤ ᠵᠠᠷᠤᠳᠠᠯ ᠢ ᠮᠤᠵᠢ ᠠᠯᠤᠰᠯᠠᠨ ᠰᠢᠭᠤᠳ | ᠳ᠋ᠦᠩᠨᠡᠨ ᠪᠤᠳᠤᠬᠤ ᠰᠢᠶᠠᠨ ᠤ ᠬᠡᠪᠴᠢᠶᠡᠨ ᠳᠤ ᠬᠦᠷᠴᠦ ᠳᠡᠶᠢᠯᠬᠦ ᠶᠢ ᠠᠬᠢᠭᠤᠯᠤᠨ᠎ᠠ᠃ ᠬᠤᠶᠠᠷ ᠲᠣᠭᠲᠠᠭᠠᠭᠰᠠᠨ | ᠪᠠᠶᠢᠭᠤᠯᠤᠮᠵᠢ ᠶᠢᠨ ᠵᠥᠪᠳᠡᠯᠴᠡᠨ ᠬᠠᠮᠢᠶᠠᠷᠬᠤ ᠶᠢ ᠴᠢᠩᠭᠠᠳᠬᠠᠵᠤ᠂ ᠵᠠᠷᠤᠳᠠᠯ ᠢ ᠬᠢᠨᠠᠨ ᠬᠡᠮᠵᠢᠬᠦ ᠪᠠ ᠬᠢᠨᠠᠨ | ᠬᠠᠷᠭᠤᠭᠤᠯᠵᠤ ᠳ᠋ᠦᠩᠨᠡᠨ ᠪᠤᠳᠤᠬᠤ ᠶᠢ ᠨᠠᠶᠢᠳᠠᠪᠤᠷᠢᠵᠢᠭᠤᠯᠤᠨ᠎ᠠ᠃ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ | ᠭᠦᠢᠴᠡᠳᠭᠡᠬᠦ ᠰᠢᠰᠲ᠋ᠧᠮ ᠤᠨ ᠵᠡᠪᠰᠡᠭ ᠤᠨ ᠡᠷᠳᠡᠮ ᠤᠨ ᠮᠥᠷᠦ᠋ᠢᠴᠡᠭᠡᠨ ᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ | ᠭᠠᠷᠲᠠᠨ ᠭᠦᠢᠴᠡᠳᠭᠡᠬᠦ ᠡᠩᠨᠡᠭᠡ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠭᠠᠷᠲᠠᠨᠭᠦ᠋ᠢᠴᠡᠳᠭᠡᠬᠦ ᠦᠢᠯᠡᠴᠢᠯᠡᠭᠡᠨ ᠤ | ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ | ᠨᠠᠢᠮᠠ᠂ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠪᠠ ᠲᠤᠭ᠎ᠠ ᠪᠠᠷᠢᠮᠲᠠ ᠶᠢᠨ | ᠬᠡᠷᠡᠭᠯᠡᠭᠡᠨ ᠢ ᠭᠦᠨᠵᠡᠭᠡᠶᠢᠷᠡᠭᠦᠯᠦᠨ᠎ᠡ᠃ ᠬᠡᠷᠡᠭᠯᠡᠭᠡᠨ ᠤ ᠪᠠᠶᠢᠳᠠᠯ ᠢ ᠭᠦᠨᠵᠡᠭᠡᠶ ᠠᠭᠤᠳᠠᠯᠵᠤ᠂ ᠲᠤᠬᠠᠶᠢᠯᠠᠭᠰᠠᠨ | ᠠᠵᠢᠯ ᠢᠶᠠᠷ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠤᠨ ᠬᠡᠷᠡᠭᠯᠡᠯᠲᠡ ᠪᠠ | ᠰᠢᠯᠢᠳᠡᠭᠵᠢᠭᠦᠯᠦᠨ ᠲᠡᠭᠦᠯᠳᠡᠷᠵᠢᠭᠦᠯᠬᠦ ᠶᠢ ᠠᠬᠢᠭᠤᠯᠬᠤ ᠬᠡᠷᠡᠭᠲᠡᠶ᠃ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ | ᠭᠡᠷᠡᠴᠢ ᠪᠠᠷᠢᠮᠲᠠ ᠶᠢ ᠳ᠋ᠦᠩᠨᠡᠨ ᠪᠤᠳᠤᠬᠤ᠂ ᠰᠢᠯᠵᠢᠮᠡᠯ ᠲᠣᠭᠠᠴᠠᠭ᠎ᠠ ᠬᠢᠬᠦ᠂ ᠡᠯᠧᠺᠲᠷᠣᠨ ᠵᠣᠷ ᠢ ᠡᠷᠭᠢᠯᠳᠦᠭᠦᠯᠬᠦ | ᠵᠡᠷᠭᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠡᠷᠡᠭᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢᠵᠢᠯᠲᠠ ᠶᠢᠨ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ | ᠰᠢᠨ᠎ᠡ ᠠᠮᠢ ᠠᠬᠤᠶ ᠶᠢ ᠲᠦᠷᠭᠡᠳᠬᠡᠨ ᠪᠠᠶᠢᠭᠤᠯᠤᠨ᠎ᠠ᠃ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ | ᠪᠠᠷᠢᠮᠲᠠ ᠶᠢᠨ ᠢᠳᠡᠪᠬᠢᠵᠢᠭᠦᠯᠬᠦ ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠭᠠᠷᠲᠠᠨ ᠭᠦᠢᠴᠡᠳᠭᠡᠬᠦ᠂ | ᠳ᠋ᠦᠩᠨᠡᠨ ᠪᠤᠳᠤᠬᠤ ᠵᠡᠷᠭᠡ ᠲᠤᠬᠠᠶᠢᠯᠠᠭᠰᠠᠨ ᠠᠵᠢᠯ ᠤᠨ ᠠᠬᠤᠶ ᠲᠠᠯᠠᠪᠠᠶ ᠳᠤ ᠡᠮ ᠡᠮᠨᠡᠯᠭᠡ ᠶᠢᠨ ᠳᠠᠭᠠᠳᠬᠠᠯ ᠤᠨ | ᠡᠯᠧᠺᠲᠷᠣᠨ ᠭᠡᠷᠡᠴᠢ ᠪᠠᠷᠢᠮᠲᠠ ᠶᠢ ᠬᠡᠷᠡᠭᠯᠡᠬᠦ ᠶᠢ ᠶᠡᠬᠡᠪᠡᠷ ᠳᠡᠯᠭᠡᠷᠡᠭᠦᠯᠦᠨ ᠬᠡᠷᠡᠭᠯᠡᠵᠦ᠂ ᠲᠣᠭᠲᠠᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠡᠯᠧᠺᠲᠷᠣᠨ ᠭᠡᠷᠡᠴᠢ ᠪᠠᠷᠢᠮᠲᠠ ᠶᠢᠨ ᠪᠥᠬᠦ ᠴᠤᠪᠤᠷᠠᠯ ᠤᠨ ᠬᠡᠷᠡᠭᠯᠡᠯᠲᠡ ᠶᠢ ᠭᠦᠨᠵᠡᠭᠡᠶ ᠠᠬᠢᠭᠤᠯᠤᠨ | ᠂ ᠡᠮᠴᠢᠯᠡᠭᠡᠨ ᠤ ᠪᠠᠶᠢᠭᠤᠯᠤᠮᠵᠢ ᠶᠢᠨ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠬᠡᠷᠡᠭᠯᠡᠬᠦ | ᠨᠣᠷᠮ᠎ᠠ ᠶᠢ ᠦᠨᠡᠨᠬᠦ ᠳᠡᠭᠡᠭᠰᠢᠯᠡᠭᠦᠯᠵᠦ᠂ ᠡᠯᠧᠺᠲᠷᠣᠨ ᠡᠮ ᠡᠮᠨᠡᠯᠭᠡ ᠶᠢᠨ ᠳᠠᠭᠠᠳᠬᠠᠯ ᠤᠨ ᠭᠡᠷᠡᠴᠢ ᠪᠠᠷᠢᠮᠲᠠ ᠶᠢ | ᠬᠠᠮᠤᠭ ᠤᠨ ᠶᠡᠭᠡ ᠲᠥᠬᠦᠮ ᠪᠣᠯᠭᠠᠬᠤ ᠬᠡᠷᠡᠭᠲᠡᠶ᠃ ᠡᠮ ᠡᠮᠨᠡᠯᠭᠡ ᠶᠢᠨ ᠳᠠᠭᠠᠳᠬᠠᠯ ᠤᠨ ᠲᠤᠭ᠎ᠠ ᠪᠠᠷᠢᠮᠲᠠ ᠶᠢᠨ | ᠰᠠᠭᠤᠷᠢ ᠲᠦᠷᠢᠮ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠡᠮ ᠡᠮᠨᠡᠯᠭᠡ ᠶᠢᠨ | ᠳᠠᠭᠠᠳᠬᠠᠯ ᠤᠨ ᠲᠤᠭ᠎ᠠ ᠪᠠᠷᠢᠮᠲᠠ ᠶᠢᠨ ᠬᠡᠷᠡᠭᠯᠡᠭᠡᠨ ᠤ ᠵᠠᠭᠪᠤᠷ ᠢ ᠵᠢᠷᠤᠮᠵᠢᠭᠤᠯᠤᠨ᠂ ᠡᠮ ᠡᠮᠨᠡᠯᠭᠡ ᠶᠢᠨ | ᠳᠠᠭᠠᠳᠬᠠᠯ ᠤᠨ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠤᠤᠷ᠎ᠠ᠂ ᠡᠮ | ᠡᠮᠨᠡᠯᠭᠡ ᠶᠢᠨ ᠳᠠᠭᠠᠳᠬᠠᠯ ᠤᠨ ᠲᠤᠭ᠎ᠠ ᠪᠠᠷᠢᠮᠲᠠ ᠶᠢᠨ ᠦᠨ᠎ᠡ ᠥᠷᠲᠡᠭ ᠢ ᠤᠯᠠᠮ ᠨᠢᠭᠡ ᠠᠯᠬᠤᠮ ᠠᠭᠤᠳᠠᠯᠵᠤ᠂ | ᠲᠤᠭ᠎ᠠ ᠪᠠᠷᠢᠮᠲᠠ ᠵᠢᠨᠬᠠᠮᠢᠶᠠᠷᠤᠯᠲᠠ᠂ ᠦᠢᠯᠡᠴᠢᠯᠡᠭᠡ᠂ ᠥᠭᠡᠷᠡᠴᠢᠯᠡᠯᠲᠡ ᠶᠢᠨ ᠴᠢᠳᠠᠪᠤᠷᠢ ᠶᠢ ᠴᠢᠩᠭᠠᠷᠠᠭᠤᠯᠤᠨ᠎ᠠ᠃ | ᠶᠢᠰᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠶ᠃ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠤᠷᠤᠯᠴᠠᠵᠤ ᠰᠦᠢᠳᠭᠡᠯ | ᠲᠤᠰᠢᠶᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ | ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠦᠨᠡᠨ ᠬᠦ | ᠪᠠᠲᠤᠯᠠᠬᠤ ᠬᠡᠷᠡᠭᠲᠡᠶ᠃ ︽ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠰᠠᠯᠠᠭ᠎ᠠ ᠮᠥᠴᠢᠷ ᠤᠳ ᠬᠠᠮᠵᠢᠯᠴᠠᠬᠤ᠂ | ᠨᠡᠶᠢᠭᠡᠮ ᠤᠨ ᠬᠢᠨ ᠣᠷᠣᠯᠴᠠᠬᠤ︾ ᠠᠵᠢᠯ ᠤᠨ ᠰᠡᠳᠬᠢᠴᠡ ᠶᠣᠰᠣᠭᠠᠷ᠂ ᠵᠠᠰᠠᠭ ᠤᠨ ᠣᠷᠳᠣᠨ ᠤ ᠵᠣᠬᠢᠴᠠᠭᠤᠯᠬᠤ | ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ | ᠳᠦᠷᠢᠮ ᠤᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠶ᠃ ᠰᠠᠯᠠᠭ᠎ᠠ ᠮᠥᠴᠢᠷ ᠤᠨ ᠬᠤᠯᠪᠣᠭᠠᠯᠠᠨ | ᠬᠥᠳᠡᠯᠦᠯᠴᠡᠬᠦ ᠶᠢ ᠴᠢᠩᠭᠠᠷᠠᠭᠤᠯᠵᠤ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠡᠮᠴᠢᠯᠡᠭᠡ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ | ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠬᠤ᠂ ᠣᠯᠭᠤᠮᠵᠢ ᠶᠢ ᠨᠠᠶᠢᠳᠠᠪᠤᠷᠢᠵᠢᠭᠤᠯᠬᠤ ᠪᠠ ᠬᠠᠮᠢᠶᠠᠷᠬᠤ ᠦᠢᠯᠡᠴᠢᠯᠡᠭᠡᠨ ᠤ ᠠᠵᠢᠯ ᠢ ᠰᠠᠶᠢᠲᠤᠷ | ᠠᠳᠬᠤᠨ ᠪᠣᠳᠠᠲᠠᠶ ᠠᠳᠬᠤᠬᠤ ᠬᠡᠷᠡᠭᠲᠡᠶ︔ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠰᠠᠭᠤᠭᠠᠯᠢ ᠠᠷᠠᠳ ᠤᠨ | ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠢᠳᠭᠡᠯ ᠲᠤᠰᠢᠶᠠᠬᠤ ᠠᠵᠢᠯ ᠢ ᠰᠠᠶᠢᠲᠤᠷ ᠬᠢᠵᠦ᠂ | ᠣᠯᠠᠨ ᠲᠦᠮᠡᠨ ᠤ ᠰᠦᠢᠳᠭᠡᠯ ᠲᠤᠰᠢᠶᠠᠬᠤ ᠳᠤ ᠲᠥᠬᠦᠮ ᠦᠵᠡᠭᠦᠯᠦᠨ᠂ ᠲᠤᠭ᠎ᠠ ᠪᠠᠷᠢᠮᠲᠠ ᠶᠢ ᠴᠠᠭ ᠲᠤᠬᠠᠶ ᠳᠤᠨᠢ | ᠬᠠᠮᠲᠤᠪᠠᠷ ᠭᠥᠷᠳᠡᠵᠦ᠂ ᠳᠠᠭᠠᠳᠬᠠᠯ ᠳᠤ ᠣᠷᠣᠯᠴᠠᠭᠰᠠᠳ ᠤᠨ ᠴᠠᠭ ᠲᠠᠭᠠᠨ ᠣᠯᠭᠤᠮᠵᠢ ᠭᠥᠷᠳᠡᠬᠦ ᠶᠢ ᠦᠨᠡᠨᠬᠦ | ᠪᠠᠲᠤᠯᠠᠬᠤ ᠬᠡᠷᠡᠭᠲᠡᠶ᠃ ᠡᠯ᠎ᠡ ᠰᠤᠮᠤ ᠰᠢᠶᠠᠩ ᠪᠠᠯᠭᠠᠰᠤ ᠶᠢᠨ ᠲᠠᠯᠠᠪᠠᠶ ︵ᠵᠡᠭᠡᠯᠢ ᠭᠤᠳᠤᠮᠵᠢ︶᠂ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ︶᠂ ᠰᠤᠷᠭᠠᠭᠤᠯᠢ ᠶᠢᠨ ᠲᠥᠪᠯᠡᠷᠡᠭᠦᠯᠦᠨ ᠣᠷᠣᠯᠠᠨ ᠬᠤᠷᠢᠶᠠᠵᠤ ᠣᠷᠣᠯᠠᠨ | ᠭᠦᠢᠴᠡᠳᠭᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠢᠶᠠᠷ ᠤᠬᠠᠭᠤᠯᠤᠨ ᠳᠠᠶᠢᠴᠢᠯᠠᠵᠤ᠂ | ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠠᠵᠢᠯ ᠢ ᠬᠠᠪᠰᠤᠷᠤᠨ ᠰᠠᠶᠢᠲᠤᠷ ᠬᠢᠬᠦ ᠬᠡᠷᠡᠭᠲᠡᠶ᠃ ᠡᠯ᠎ᠡ | ᠰᠠᠯᠠᠭ᠎ᠠ ᠮᠥᠴᠢᠷ ᠤᠨ ᠬᠤᠭᠤᠷᠣᠨᠳᠣ ᠪᠠᠨ ᠳᠠᠶᠢᠴᠢᠯᠠᠨ ᠪᠠᠶᠢᠷᠢᠯᠠᠭᠤᠯᠬᠤ᠂ ᠲᠥᠷᠥ ᠶᠢᠨ ᠪᠣᠳᠣᠯᠭ᠎ᠠ ᠶᠢ ᠤᠬᠠᠭᠤᠯᠬᠤ᠂ | ᠰᠦᠢᠳᠭᠡᠯ ᠲᠤᠰᠢᠶᠠᠬᠤ ᠶᠢ ᠬᠠᠪᠰᠤᠷᠤᠨ ᠵᠢᠯᠣᠭᠤᠳᠬᠤ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ | ᠬᠠᠮᠲᠤᠷᠠᠨ ᠥᠷᠨᠢᠭᠦᠯᠵᠦ᠂ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠬᠦ ᠪᠠ ᠮᠡᠳᠡᠭᠡ ᠵᠠᠩᠭᠢ ᠪᠠᠨ | ᠨᠡᠪᠲᠡᠷᠡᠯᠴᠡᠬᠦ ᠶᠢ ᠴᠢᠩᠭᠠᠳᠬᠠᠨ᠂ ᠣᠯᠠᠨ ᠲᠦᠮᠡᠨ ᠤ ᠠᠵᠢᠯ ᠢ ᠪᠣᠳᠠᠲᠠᠶ ᠪᠥᠭᠡᠳ ᠨᠠᠷᠢᠯᠢᠭ ᠬᠢᠵᠦ᠂ ᠣᠯᠠᠨ | ᠲᠦᠮᠡᠨ ᠤ ᠠᠩᠬᠠᠷᠴᠤ ᠪᠥᠬᠦᠶ ᠵᠦᠢᠯ ᠳᠤ ᠴᠢᠭᠯᠡᠭᠦᠯᠦᠨ᠂ ᠪᠠᠯᠠ ᠴᠤᠭᠯᠠᠭᠤᠯᠬᠤ ᠪᠠ ᠣᠯᠭᠤᠮᠵᠢ ᠶᠢᠨ ᠲᠥᠷᠥ ᠶᠢᠨ | ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠭᠤᠤᠯᠳᠠᠯᠭ᠎ᠠ ᠲᠠᠢ ᠰᠠᠶᠢᠲᠤᠷ ᠬᠢᠵᠦ᠂ ᠡᠮ ᠡᠮᠨᠡᠯᠭᠡ ᠶᠢᠨ | ᠳᠠᠭᠠᠳᠬᠠᠯ ᠤᠨ ᠬᠠᠷᠢᠯᠴᠠᠨ ᠬᠠᠪᠰᠤᠷᠤᠯᠴᠠᠵᠤ ᠬᠠᠮᠲᠤᠪᠠᠷ ᠲᠤᠰᠠᠯᠠᠬᠤ᠂ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠬᠦ᠂ | ᠬᠠᠮᠲᠤᠪᠠᠷ ᠪᠠᠶᠢᠭᠤᠯᠵᠤ ᠬᠠᠮᠲᠤᠪᠠᠷ ᠭᠥᠷᠳᠡᠬᠦ ᠣᠨᠣᠯᠵᠢᠬᠤᠨ ᠢ ᠲᠦᠭᠡᠮᠡᠯᠵᠢᠭᠦᠯᠦᠨ᠂ ᠣᠯᠠᠨ ᠲᠦᠮᠡᠨ ᠤ | ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠦᠵᠡᠯ ᠤᠬᠠᠮᠰᠠᠷ ᠢ ᠴᠢᠩᠭᠠᠷᠠᠭᠤᠯᠵᠤ᠂ ᠣᠯᠠᠨ ᠲᠦᠮᠡᠨ ᠤ | ᠵᠢᠱᠢᠯᠲᠡ ᠶᠢ ᠵᠦᠶ ᠵᠣᠬᠢᠰᠲᠠᠶ ᠬᠥᠲᠥᠯᠥᠨ ᠵᠢᠯᠣᠭᠤᠳᠬᠤ ᠬᠡᠷᠡᠭᠲᠡᠶ᠃ | | | | |