ᠨᠠᠢᠮᠠᠨ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠨᠠᠢᠮᠠᠨ ᠬᠤᠰᠢᠭᠤᠨ ᠤ ᠲᠤᠷᠰᠢᠯᠲᠠ ᠶᠢᠨ ᠳᠤᠮᠳᠠᠳᠤ ᠰᠤᠷᠭᠠᠭᠤᠯᠢ ᠳᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠣ ᠭᠠᠵᠠᠷ ᠲᠤ ᠪᠦᠲᠦᠭᠡᠨ ᠪᠠᠶᠢᠭᠤᠯᠬᠤ ᠶᠢ ᠬᠢᠨᠠᠨ ᠵᠥᠪᠰᠢᠶᠡᠷᠡᠬᠦ ᠶᠢ ᠭᠦᠢᠴᠡᠳᠬᠡᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2023/10/30
      ᠨᠠᠢᠮᠠᠨ ᠬᠤᠰᠢᠭᠤᠨ ᠤ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠬᠦᠷᠢᠶᠡᠨ ᠳᠤ ᠪᠠᠶᠢᠭ᠎ᠠ ᠨᠠᠢᠮᠠᠨ ᠬᠤᠰᠢᠭᠤᠨ ᠤ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠰᠢᠨ᠎ᠡ ᠪᠠᠷ ᠪᠠᠶᠢᠭᠤᠯᠤᠭᠰᠠᠨ ᠵᠢᠭᠠᠨ ᠰᠤᠷᠭᠠᠯᠲᠠ ᠶᠢᠨ ᠶᠡᠷᠦᠩᠬᠡᠶᠢᠯᠡᠭᠰᠡᠨ ᠠᠰᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ 3998.07 ᠲᠡᠭᠰᠢ ᠳᠦᠷᠪᠡᠯᠵᠢᠨ ᠮᠧᠲᠷ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠮᠢᠶ᠎ᠠ ᠪᠦᠬᠦᠢ ᠬᠠᠤᠯᠢ ᠲᠣᠭᠲᠠᠭᠠᠯ ᠢ ᠦᠨᠳᠦᠰᠦᠯᠡᠨ᠂ ︽ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠢᠮᠠᠨ ᠬᠤᠰᠢᠭᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠬᠠᠷᠢᠴᠠᠩᠭᠤᠢ ᠪᠠᠷ ᠲᠥᠪᠯᠡᠷᠡᠭᠦᠯᠬᠦ ᠥᠭᠡᠷᠡᠴᠢᠯᠡᠯᠲᠡ ᠶᠢᠨ ᠬᠤᠶᠠᠳᠤᠭᠠᠷ ᠪᠦᠯᠦᠭ ᠤᠨ ᠵᠦᠢᠯᠡᠰ ᠢ ᠬᠤᠪᠢᠶᠠᠷᠢᠯᠠᠨ ᠰᠢᠯᠵᠢᠭᠦᠯᠬᠦ ᠲᠤᠬᠠᠢ  ᠮᠡᠳᠡᠭᠳᠡᠯ︾ ︵ᠨᠠᠢᠮᠠᠨ ᠵᠠᠰᠠᠭ ᠲᠠᠷᠬᠠᠭᠠᠭᠰᠠᠨ ﹇2022﹈ 7 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠢ ᠨᠠᠢᠮᠠᠨ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠰᠤᠳᠤᠯᠤᠨ ᠲᠣᠭᠲᠠᠭᠠᠵᠤ᠂ ᠤᠨᠳᠤᠤ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ  ᠢ ᠬᠢᠨᠠᠨ ᠵᠥᠪᠰᠢᠶᠡᠷᠡᠪᠡ᠃       ᠵᠠᠷᠯᠠᠨ ᠨᠡᠶᠢᠲᠡᠯᠡᠬᠦ ᠴᠠᠭ᠄ 2023 ᠣᠨ ᠤ 10 ᠰᠠᠷ᠎ᠠ ᠶᠢᠨ 30 ᠤ ᠡᠳᠦᠷ — 2023 ᠣᠨ ᠤ 11 ᠰᠠᠷ᠎ᠠ ᠶᠢᠨ 1 ᠤ ᠡᠳᠦᠷ ︵3 ᠠᠵᠢᠯᠯᠠᠬᠤ ᠡᠳᠦᠷ︶      ᠨᠡᠶᠢᠭᠡᠮ ᠤᠨ ᠡᠯ᠎ᠡ ᠡᠲᠡᠭᠡᠳ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠢᠨᠠᠨ ᠵᠥᠪᠰᠢᠶᠡᠷᠡᠬᠦ ᠵᠦᠢᠯᠡᠰ ᠲᠤ ᠰᠠᠨᠠᠯ ᠪᠠ ᠰᠠᠨᠠᠭᠤᠯᠭ᠎ᠠ ᠳᠤᠷᠠᠳᠬᠤ ᠶᠢᠨ ᠬᠠᠮᠲᠤ ᠰᠠᠨᠠᠯ ᠪᠠ ᠰᠠᠨᠠᠭᠤᠯᠭ᠎ᠠ ᠪᠠᠨ ᠢᠯᠡ ᠨᠡᠶᠢᠲᠡᠯᠡᠬᠦ ᠬᠤᠭᠤᠴᠠᠭᠠᠨ ᠳᠤ ᠨᠠᠢᠮᠠᠨ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠠᠯᠪᠠᠨ ᠭᠡᠷ ᠲᠤ ᠪᠢᠴᠢᠭ ᠤᠨ ᠬᠡᠯᠪᠡᠷᠢ ᠪᠠᠷ ᠬᠠᠷᠢᠭᠤ ᠲᠤᠰᠬᠠᠵᠤ᠂ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠳᠤ ᠲᠥᠬᠦᠮ ᠦᠵᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ᠃      ᠰᠠᠨᠠᠯ ᠪᠠ ᠰᠠᠨᠠᠭᠤᠯᠭ᠎ᠠ ᠳᠤᠷᠠᠳᠬᠤ ᠤᠲᠠᠰᠤ᠄ 0475  — 4222599ᠬᠠᠶ᠋ᠢᠭ᠄ ᠨᠠᠢᠮᠠᠨ ᠬᠤᠰᠢᠭᠤᠨ ᠤ ᠯᠢᠶᠣᠤ ᠾᠧ ᠶᠡᠭᠡ ᠵᠡᠭᠡᠯᠢ ᠶᠢᠨ 5G ᠠᠵᠤ ᠦᠢᠯᠡᠰ ᠤᠨ ᠬᠦᠷᠢᠶᠡᠯᠡᠩ ᠤᠨ 1 ᠳ᠋ᠤᠭᠡᠷ ᠨᠣᠮᠧᠷᠲᠤ ᠠᠰᠠᠷ      ᠨᠠᠢᠮᠠᠨ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ                                        2023 ᠣᠨ ᠤ 10 ᠰᠠᠷ᠎ᠠ ᠶᠢᠨ 30 ᠤ ᠡᠳᠦᠷ 
 
ᠢᠷᠡᠯᠲᠡ᠄ ᠨᠠᠢᠮᠠᠨ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号