ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠢᠷᠭᠤᠳᠤᠭᠠᠷ ᠪᠦᠯᠦᠭ ᠤᠨ ᠨᠠᠢᠮᠠᠨ ᠬᠤᠰᠢᠭᠤᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠨᠡᠷᠡᠰ ᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/11/10
ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠯᠢᠦ ᠬᠤᠤ ᠲᠠᠷᠢᠶᠠᠯᠠᠩ ᠤᠨ ᠲᠠᠯᠠᠪᠠᠶ ᠶᠢᠨ ᠬᠠᠮᠢᠶᠠᠷᠤᠯᠲᠠ ᠶᠢᠨ ᠵᠥᠪᠯᠡᠯ᠂ ᠲᠠᠴᠢᠨᠲᠠᠯ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠬᠡᠷ ᠲᠣᠪᠴᠢᠶ᠎ᠠ᠄       ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠂ ᠳᠤᠮᠳᠠᠳᠤ ᠶᠢᠨ ᠦᠨᠳᠦᠰᠦᠲᠡᠨ ᠤ ᠰᠢᠯᠢᠳᠡᠭ ᠰᠣᠶᠣᠯ ᠤᠨ ᠥᠪ ᠬᠥᠷᠥᠩᠭᠡ ᠶᠢ ᠤᠯᠠᠮᠵᠢᠯᠠᠨ ᠵᠠᠯᠭᠠᠮᠵᠢᠯᠠᠵᠤ᠂ ᠰᠣᠶᠣᠯ ᠤᠨ ᠬᠥᠭᠵᠢᠯ ᠮᠠᠨᠳᠤᠯ ᠵᠢᠴᠢ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ  ᠨᠡᠮᠡᠷᠢᠯᠡᠬᠦ ᠶᠢᠨ ᠲᠥᠯᠥᠭᠡ ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠨᠠᠢᠮᠠᠨ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠤᠨ ᠪᠣᠳᠠᠲᠤ  ᠪᠠᠶᠢᠳᠠᠯ ᠳᠤ ᠰᠠᠭᠤᠷᠢᠯᠠᠵᠤ᠂ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠬᠤ ᠵᠠᠷᠴᠢᠮ ᠶᠣᠰᠣᠭᠠᠷ᠂ ᠨᠠᠷᠢᠨ ᠬᠢᠨᠠᠮᠠᠭᠠᠶ ᠪᠠᠶᠢᠴᠠᠭᠠᠵᠤ ᠰᠢᠯᠢᠨ ᠰᠣᠩᠭᠤᠵᠤ ᠨᠤᠲᠠᠯᠠᠵᠤ ᠰᠤᠳᠤᠯᠬᠤ ᠪᠠᠷ ᠳᠠᠮᠵᠢᠨ᠂ ︽ᠬᠠᠳᠠᠭᠠᠭᠰᠠᠨ ᠭᠠᠶᠢᠮᠤ ᠬᠢᠬᠦ ᠮᠡᠷᠭᠡᠵᠢᠯ︾ ᠵᠡᠷᠭᠡ 7 ᠲᠥᠷᠥᠯ ᠵᠦᠢᠯ ᠢ ᠨᠠᠢᠮᠠᠨ ᠬᠤᠰᠢᠭᠤᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠵᠢᠷᠭᠤᠳᠤᠭᠠᠷ ᠪᠦᠯᠦᠭ ᠤᠨ ᠨᠡᠷᠡᠰ ᠤᠨ ᠵᠢᠭᠰᠠᠭᠠᠯᠲᠠ ᠳᠤ ᠣᠷᠣᠭᠤᠯᠬᠤ ᠪᠠᠷ ᠲᠣᠭᠲᠠᠪᠠ᠂ ᠤᠳᠤ ᠨᠡᠶᠢᠲᠡᠯᠡᠶ᠎ᠡ᠃

docx

docx

                           2023 ᠤᠨ ᠤ7 ᠰᠠᠷ᠎ᠠ ᠶᠢᠨ7 ᠤ ᠡᠳᠦᠷ

 ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ

 
ᠢᠷᠡᠯᠲᠡ᠄ ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号