11 ᠰᠠᠷ᠎ᠠ ᠶᠢᠨ 12 ᠤᠨ ᠡᠳᠦᠷ᠂ ᠨᠠᠢᠮᠠᠨ ᠬᠤᠰᠢᠭᠤ ᠳᠤᠮᠳᠠᠳᠤ ᠤᠯᠤᠰ ᠤᠨ ᠤᠮᠠᠷᠠᠲᠤ ᠶᠢᠨ ᠵᠢᠪᠡᠷᠡᠬᠦ | ᠥᠬᠡᠶ ᠪᠣᠯᠣᠳ ᠤᠨ ᠠᠵᠤ ᠦᠢᠯᠡᠰ ᠤᠨ ᠲᠤᠰᠬᠠᠶ ᠰᠡᠳᠦᠪᠲᠦ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠬᠤᠷᠠᠯ ᠢ | ᠠᠮᠵᠢᠯᠲᠠ ᠲᠠᠢ ᠡᠷᠭᠢᠯᠡᠵᠦ᠂ ᠱᠠᠨᠳᠦ᠋ᠩ᠂ ᠭᠢᠷᠢᠨ᠂ ᠵᠢᠶᠠᠩᠰᠦ᠂ ᠯᠢᠶᠣᠤᠨᠢᠩ᠂ ᠱᠠᠩᠬᠠᠶ᠂ ᠡᠾᠧᠪᠸᠢ᠂ | ᠭᠤᠸᠠᠩᠳᠦ᠋ᠩ ᠵᠡᠷᠭᠡ ᠮᠤᠵᠢ ᠬᠤᠲᠠ᠂ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠭᠠᠳᠠᠨᠠᠬᠢ 40 ᠭᠠᠷᠤᠶ ᠠᠵᠤ | ᠠᠬᠤᠶᠢᠯᠠᠯ ᠤᠨ ᠪᠦᠯᠦᠭᠯᠡᠯ ᠢ ᠤᠷᠢᠵᠤ ᠪᠠᠯᠠ ᠣᠷᠣᠭᠤᠯᠤᠨ ᠬᠠᠮᠲᠤᠷᠠᠯᠴᠠᠬᠤ ᠲᠤᠬᠠᠶ ᠵᠥᠪᠳᠡᠨ ᠶᠠᠷᠢᠯᠴᠠᠵᠤ᠂ | ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠰᠦᠪᠡᠭᠴᠢᠯᠡᠪᠡ᠃ ᠲᠣᠰ ᠡᠳᠦᠷ᠂ ᠨᠡᠶᠢᠲᠡ 5 ᠲᠥᠷᠥᠯ ᠵᠦᠢᠯ | ᠭᠡᠷ᠎ᠡ ᠲᠣᠭᠲᠠᠵᠤ᠂ ᠵᠢᠪᠡᠷᠡᠬᠦ ᠥᠬᠡᠶ ᠪᠣᠯᠣᠳ ᠤᠨ ᠠᠵᠤ ᠦᠢᠯᠡᠰ ᠤᠨ ᠪᠤᠵᠠᠭᠠᠶᠢᠷᠠᠯ ᠪᠠ ᠨᠠᠢᠮᠠᠨ ᠬᠤᠰᠢᠭᠤᠨ ᠤ | ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ ᠲᠦᠩᠯᠢᠶᠣᠤ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠰᠢᠤᠸᠠᠨ ᠳ᠋ᠦᠩ ᠱᠧᠩ᠂ | ᠬᠤᠰᠢᠭᠤᠨ ᠤ ᠤᠳᠤᠷᠢᠳᠤᠯᠭ᠎ᠠ ᠸᠠᠩ ᠭᠠᠩ᠂ ᠪᠦᠦ ᠯᠢᠶᠠᠨ ᠱᠠᠨ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ | ᠲᠣᠪᠴᠢᠶ᠎ᠠ᠂ ᠬᠤᠲᠠ ᠶᠢᠨ ᠡᠨᠧᠷᠭᠢ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠵᠢᠴᠢ ᠬᠤᠰᠢᠭᠤᠨ ᠤ ᠳᠥᠷᠪᠡᠨ | ᠪᠠᠶᠢᠭᠤᠯᠭ᠎ᠠ ᠶᠢᠨ ᠤᠳᠤᠷᠢᠳᠤᠯᠭ᠎ᠠ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ | ᠲᠠᠨᠢᠯᠴᠠᠭᠤᠯᠬᠤ ᠬᠤᠷᠠᠯ ᠳᠤ ᠣᠷᠣᠯᠴᠠᠪᠠ᠃ | | | |