ᠣᠶᠢᠷ᠎ᠠ ᠳᠤ᠂ ᠨᠠᠢᠮᠠᠨ ᠬᠤᠰᠢᠭᠤ 2023 ᠣᠨ ᠤ ︽ᠳᠤᠯᠠᠭᠠᠨ ᠡᠪᠦᠯ ᠠᠵᠢᠯ ᠤᠨ ᠪᠠᠶᠢᠷᠢ ᠬᠦᠷᠭᠡᠵᠦ᠂ | ᠠᠵᠢᠯ ᠢᠶᠠᠷ ᠢᠷᠡᠭᠡᠳᠦᠶ ᠶᠢ ᠲᠠᠲᠠᠬᠤ︾ ᠲᠤᠰᠬᠠᠶ ᠠᠵᠢᠯᠲᠠᠨ ᠡᠯᠰᠡᠬᠦ ᠬᠤᠷᠠᠯ ᠡᠷᠭᠢᠯᠡᠵᠦ᠂ ᠪᠡᠭᠡᠵᠢᠩ᠂ ᠲᠢᠶᠠᠨᠵᠢᠨ᠂ | ᠶᠠᠨᠲᠠᠶ ᠵᠡᠷᠭᠡ ᠬᠤᠰᠢᠭᠤᠨ ᠤ ᠳᠣᠲᠣᠭᠠᠳᠤ ᠭᠠᠳᠠᠭᠠᠳᠤ ᠶᠢᠨ 20 ᠭᠠᠷᠤᠶ ᠠᠵᠤ ᠠᠬᠤᠶᠢᠯᠠᠯ ᠬᠤᠷᠠᠯ ᠳᠤ | ᠣᠷᠣᠯᠴᠠᠵᠤ᠂ 1600 ᠭᠠᠷᠤᠶ ᠠᠵᠢᠯ ᠤᠨ ᠪᠠᠶᠢᠷᠢ ᠬᠠᠩᠭᠠᠵᠤ᠂ ᠨᠢᠺᠧᠯ ᠲᠡᠮᠦᠷ᠂ ᠰᠢᠨ᠎ᠡ ᠮᠠᠲ᠋ᠧᠷᠢᠶᠠᠯ᠂ ᠲᠡᠵᠢᠭᠡᠨ | ᠦᠷᠡᠵᠢᠭᠦᠯᠬᠦ ᠦᠢᠯᠡᠰ᠂ ᠡᠯᠧᠺᠲᠷᠣᠨ ᠬᠤᠳᠠᠯᠳᠤᠭ᠎ᠠ᠂ ᠮᠠᠰᠢᠨ ᠲᠡᠷᠭᠡᠨ ᠤ ᠲᠣᠨᠤᠭ ᠲᠦᠬᠦᠭᠡᠷᠦᠮᠵᠢ᠂ ᠲᠠᠷᠢᠶᠠᠯᠠᠩ | ᠵᠡᠷᠭᠡ 15 ᠠᠵᠢᠯ ᠲᠥᠷᠥᠯ ᠤᠨ 32 ᠠᠵᠢᠯ ᠢ ᠬᠠᠮᠤᠷᠴᠠᠶ᠃ 1 ᠠᠴᠠ 10 ᠰᠠᠷ᠎ᠠ ᠪᠣᠯᠲᠠᠯ᠎ᠠ᠂ ᠨᠠᠢᠮᠠᠨ | ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ | ᠨᠡᠶᠢᠲᠡ 220 ᠭᠠᠷᠤᠶ ᠠᠵᠤ ᠠᠬᠤᠶᠢᠯᠠᠯ ᠢ ᠲᠠᠲᠠᠵᠤ 6100 ᠭᠠᠷᠤᠶ ᠠᠵᠢᠯ ᠤᠨ ᠪᠠᠶᠢᠷᠢ ᠬᠠᠩᠭᠠᠵᠤ᠂ 2500 | ᠭᠠᠷᠤᠶ ᠬᠥᠮᠦᠨ ᠠᠴᠠ ᠠᠰᠠᠭᠤᠨ ᠯᠠᠪᠯᠠᠵᠤ᠂ ᠠᠵᠢᠯ ᠣᠯᠭᠤᠵᠤ ᠦᠢᠯᠡᠰ ᠴᠣᠭᠴᠠᠯᠠᠬᠤ ᠬᠠᠷᠠᠭᠠᠯᠵᠠᠯ ᠤᠨ | ᠲᠥᠷᠥ ᠶᠢᠨ ᠪᠣᠳᠣᠯᠭ᠎ᠠ᠂ ᠠᠵᠢᠯᠲᠠᠨ ᠡᠯᠰᠡᠬᠦ ᠠᠯᠪᠠᠨ ᠵᠠᠷ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠢ 7200 ᠭᠠᠷᠤᠶ | ᠬᠤᠪᠢ ᠲᠠᠷᠬᠠᠭᠠᠵᠤ᠂ ᠲᠤᠬᠠᠶ ᠶᠢᠨ ᠲᠠᠯᠠᠪᠠᠢ ᠳᠤ 660 ᠬᠥᠮᠦᠨ ᠠᠵᠢᠯ ᠡᠷᠢᠬᠦ ᠰᠠᠨᠠᠭ᠎ᠠ ᠲᠠᠢ ᠪᠣᠯᠪᠠ᠃ | | | |