2019᠂ 2020 ᠪᠠ 2022 ᠣᠨ ᠤ ᠲᠥᠪ ᠤᠨ ᠡᠳ᠋ ᠤᠨ ᠵᠠᠰᠠᠭ ᠠᠴᠠ ᠲᠠᠷᠢᠶᠠᠴᠢᠳ ᠤᠨ ᠬᠤᠷᠰᠢᠶ᠎ᠠ ᠶᠢ ᠳᠡᠮᠵᠢᠬᠦ ᠲᠥᠷᠥᠯ ᠵᠦᠢᠯ ᠢ ᠬᠡᠷᠡᠭᠵᠢᠭᠦᠯᠬᠦ ᠭᠤᠤᠯ ᠴᠣᠭᠴᠠ ᠶᠢ ᠨᠥᠬᠦᠪᠥᠷᠢᠯᠡᠬᠦ ᠲᠤᠬᠠᠶ ᠵᠠᠷᠯᠠᠯ
ᠨᠡᠶᠢᠲᠡᠯᠡᠭᠰᠡᠨ ᠴᠠᠭ᠄
2023/11/13
      ᠮᠠᠨ ᠤ ᠬᠤᠰᠢᠭᠤ 2018 ᠣᠨ ᠠᠴᠠ 2022 ᠣᠨ ᠪᠣᠯᠲᠠᠯ᠎ᠠ ᠨᠡᠶᠢᠲᠡ 60 ᠬᠤᠷᠰᠢᠶ᠎ᠠ ᠲᠠᠢ ᠪᠠᠶᠢᠵᠤ᠂ ᠲᠥᠪ ᠤᠨ ᠡᠳ᠋ ᠤᠨ ᠵᠠᠰᠠᠭ ᠠᠴᠠ ᠲᠠᠷᠢᠶᠠᠴᠢᠨ ᠤ ᠬᠤᠷᠰᠢᠶᠠᠵᠢᠯ ᠤᠨ ᠬᠥᠭᠵᠢᠯᠲᠡ ᠶᠢ ᠳᠡᠮᠵᠢᠬᠦ ᠲᠥᠷᠥᠯ ᠵᠦᠢᠯ ᠢ ᠬᠡᠷᠡᠭᠵᠢᠭᠦᠯᠬᠦ ᠭᠤᠤᠯ ᠴᠣᠭᠴᠠ ᠪᠣᠯᠤᠨ᠎ᠠ᠂ ᠬᠤᠭᠤᠴᠠᠭ᠎ᠠ ᠨᠢ ᠲᠣᠭᠳᠠᠭᠠᠭᠳᠠᠭᠰᠠᠨ ᠬᠡᠷᠡᠭᠵᠢᠭᠦᠯᠬᠦ ᠭᠤᠣᠯ ᠴᠣᠭᠴᠠ ︵ᠬᠤᠷᠰᠢᠶ᠎ᠠ︶ ᠶᠢᠨ ᠵᠠᠷᠢᠮ ᠬᠡᠰᠡᠭ ᠨᠢ ᠲᠥᠷᠥᠯ ᠵᠦᠢᠯ ᠢ ᠰᠢᠯᠭᠠᠨ ᠠᠪᠬᠤ ᠠᠴᠠ ᠡᠮᠦᠨ᠎ᠡ ᠪᠡᠯᠡ ᠮᠥᠩᠭᠦ ᠶᠢᠨ ᠡᠷᠭᠢᠯᠲᠡ ᠠᠴᠠ ᠪᠣᠯᠤᠭᠰᠠᠨ᠂ ᠲᠥᠷᠥᠯ ᠵᠦᠢᠯ ᠳᠤ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠭᠰᠡᠨ ᠪᠠ ᠲᠥᠷᠥᠯ ᠵᠦᠢᠯ ᠢ ᠰᠢᠯᠭᠠᠨ ᠠᠪᠬᠤ ᠱᠠᠭᠠᠷᠳᠠᠯᠭ᠎ᠠ ᠳᠤ ᠬᠦᠷᠦᠭᠡᠳᠦᠶ ᠵᠡᠷᠭᠡ ᠰᠢᠯᠲᠠᠭᠠᠨ ᠠᠴᠠ ᠪᠣᠯᠵᠤ ᠬᠢᠷᠢ ᠬᠡᠮ ᠢᠶᠠᠨ ᠬᠠᠶᠠᠭᠰᠠᠨ᠂ ᠲᠦᠩᠯᠢᠶᠣᠤ ᠬᠤᠲᠠ ᠶᠢᠨ ︽ᠲᠥᠪ ᠤᠨ ᠡᠳ᠋ ᠤᠨ ᠵᠠᠰᠠᠭ ᠠᠴᠠ ᠮᠠᠯᠴᠢᠨ ᠲᠠᠷᠢᠶᠠᠴᠢᠳ ᠤᠨ ᠬᠤᠷᠰᠢᠶ᠎ᠠ ᠪᠠ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠭᠡᠮᠴᠢᠯᠡᠭᠰᠡᠨ ᠦᠢᠯᠡᠴᠢᠯᠡᠭᠡᠨ ᠢ ᠳᠡᠮᠵᠢᠬᠦ ᠲᠥᠷᠥᠯ ᠵᠦᠢᠯ ᠤᠨ ᠲᠤᠬᠠᠶ ᠰᠢᠮᠳᠠᠭᠤᠯᠤᠨ ᠭᠦᠢᠴᠡᠳᠭᠡᠬᠦ ᠵᠠᠬᠢᠳᠠᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ 2019 ᠣᠨ ᠳᠤ ᠨᠥᠬᠦᠪᠥᠷᠢᠯᠡᠬᠦ ᠠᠵᠢᠯ ᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ ᠥᠷᠨᠢᠭᠦᠯᠪᠡ᠂ 2020 ᠣᠨ ᠪᠣᠯᠤᠨ 2022 ᠣᠨ ᠳᠤ ᠲᠥᠪ ᠤᠨ ᠡᠳ᠋ ᠤᠨ ᠵᠠᠰᠠᠭ ᠠᠴᠠ ᠲᠠᠷᠢᠶᠠᠴᠢᠨ ᠤ ᠲᠤᠰᠬᠠᠶ ᠬᠤᠷᠰᠢᠶᠠᠵᠢᠯ ᠤᠨ ᠲᠥᠷᠥᠯ ᠵᠦᠢᠯ ᠢ ᠬᠡᠷᠡᠭᠵᠢᠭᠦᠯᠬᠦ ᠭᠤᠤᠯ ᠴᠣᠭᠴᠠ ᠶᠢᠨ ᠭᠤᠶᠤᠴᠢᠯᠠᠨ ᠮᠡᠳᠡᠭᠦᠯᠵᠦ ᠰᠢᠯᠢᠨ ᠰᠣᠩᠭᠤᠬᠤ ᠠᠵᠢᠯ ᠢ ᠳᠡᠮᠵᠢᠨ᠎ᠡ᠃ ᠡᠯ᠎ᠡ ᠰᠤᠮᠤ ᠰᠢᠶᠠᠩ ᠪᠠᠯᠭᠠᠰᠤ ᠲᠠᠨᠢᠯᠴᠠᠭᠤᠯᠬᠤ᠂ ᠬᠤᠰᠢᠭᠤᠨ ᠤ ᠲᠠᠷᠢᠶᠠᠯᠠᠩ ᠮᠠᠯᠵᠢᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠰᠢᠯᠭᠠᠨ ᠪᠠᠶᠢᠴᠠᠭᠠᠵᠤ ᠬᠢᠨᠠᠨ ᠬᠠᠷᠭᠤᠭᠤᠯᠬᠤ ᠶᠢᠨ ᠬᠠᠮᠲᠤ ᠵᠥᠷᠢᠶ᠎ᠡ ᠲᠤᠭ᠎ᠠ ᠶᠢ ᠰᠢᠯᠢᠨ ᠰᠣᠩᠭᠤᠬᠤ ᠱᠠᠭᠠᠷᠳᠠᠯᠭ᠎ᠠ ᠶᠣᠰᠣᠭᠠᠷ ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠠᠴᠠ ᠰᠤᠳᠤᠯᠤᠨ ᠲᠣᠭᠲᠠᠭᠠᠵᠤ᠂ 2019 ᠣᠨ ᠤ ᠲᠠᠷᠢᠶᠠᠴᠢᠳ ᠤᠨ ᠬᠤᠷᠰᠢᠶ᠎ᠠ ᠶᠢ ᠳᠡᠮᠵᠢᠬᠦ ᠲᠥᠷᠥᠯ ᠵᠦᠢᠯ ᠢ ᠬᠡᠷᠡᠭᠵᠢᠭᠦᠯᠬᠦ ᠭᠤᠤᠯ ᠴᠣᠭᠴᠠ ᠪᠣᠯ᠄  ᠨᠠᠢᠮᠠᠨ ᠬᠤᠰᠢᠭᠤᠨ ᠤ ᠬᠤᠩ ᠱᠦᠨ ᠹᠠ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ᠂  ᠨᠠᠢᠮᠠᠨ ᠬᠤᠰᠢᠭᠤᠨ ᠤ ᠶᠦᠩ ᠼᠦᠨ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠪᠣᠯᠤᠨ᠎ᠠ︔ 2020 ᠣᠨ ᠤ ᠲᠥᠪ ᠤᠨ ᠡᠳ᠋ ᠤᠨ ᠵᠠᠰᠠᠭ ᠠᠴᠠ ᠲᠠᠷᠢᠶᠠᠴᠢᠳ ᠤᠨ ᠬᠤᠷᠰᠢᠶ᠎ᠠ ᠶᠢ ᠳᠡᠮᠵᠢᠬᠦ ᠲᠥᠷᠥᠯ ᠵᠦᠢᠯ ᠢ ᠬᠡᠷᠡᠭᠵᠢᠭᠦᠯᠬᠦ ᠭᠤᠤᠯ ᠴᠣᠭᠴᠠ ᠪᠣᠯ᠄ ᠨᠠᠢᠮᠠᠨ ᠬᠤᠰᠢᠭᠤᠨ ᠤ ᠰᠢᠨ ᠹᠧᠩ ᠲᠠᠷᠢᠮᠠᠯ ᠤᠨ ᠲᠤᠰᠬᠠᠶ ᠬᠤᠷᠰᠢᠶ᠎ᠠ᠂ ᠨᠠᠢᠮᠠᠨ ᠬᠤᠰᠢᠭᠤᠨ ᠤ ᠶᠦᠨ ᠱᠠ ᠲᠠᠷᠢᠮᠠᠯ ᠲᠡᠵᠢᠭᠡᠪᠦᠷᠢ ᠶᠢᠨ ᠲᠤᠰᠬᠠᠶ ᠬᠤᠷᠰᠢᠶ᠎ᠠ᠂ ᠨᠠᠢᠮᠠᠨ ᠬᠤᠰᠢᠭᠤᠨ ᠤ ᠴᠢ ᠴᠧᠩ ᠲᠠᠷᠢᠶᠠᠯᠠᠩ ᠤᠨ ᠮᠠᠰᠢᠨ ᠤ ᠦᠢᠯᠡᠴᠢᠯᠡᠭᠡᠨ ᠤ ᠲᠤᠰᠬᠠᠶ ᠬᠤᠷᠰᠢᠶ᠎ᠠ᠂ ᠨᠠᠢᠮᠠᠨ ᠬᠤᠰᠢᠭᠤᠨ ᠤ ᠴᠠᠩ ᠬᠤᠸᠠ ᠲᠠᠷᠢᠮᠠᠯ ᠲᠡᠵᠢᠭᠡᠪᠦᠷᠢ ᠶᠢᠨ ᠲᠤᠰᠬᠠᠶ ᠬᠤᠷᠰᠢᠶ᠎ᠠ ᠪᠣᠯᠤᠨ᠎ᠠ︔ 2022 ᠣᠨ ᠤ ᠲᠥᠪ ᠤᠨ ᠡᠳ᠋ ᠤᠨ ᠵᠠᠰᠠᠭ ᠠᠴᠠ ᠲᠠᠷᠢᠶᠠᠴᠢᠳ ᠤᠨ ᠬᠤᠷᠰᠢᠶ᠎ᠠ ᠶᠢ ᠳᠡᠮᠵᠢᠬᠦ ᠲᠥᠷᠥᠯ ᠵᠦᠢᠯ ᠢ ᠬᠡᠷᠡᠭᠵᠢᠭᠦᠯᠬᠦ ᠭᠤᠤᠯ ᠴᠣᠭᠴᠠ ᠪᠣᠯ  ᠨᠠᠢᠮᠠᠨ ᠬᠤᠰᠢᠭᠤᠨ ᠤ ᠷᠧᠨ ᠳ᠋ᠡ ᠲᠠᠷᠢᠮᠠᠯ ᠤᠨ ᠲᠤᠰᠬᠠᠶ ᠬᠤᠷᠰᠢᠶ᠎ᠠ᠂ ᠨᠠᠢᠮᠠᠨ ᠬᠤᠰᠢᠭᠤᠨ ᠤ ᠲᠤᠸᠠᠨ ᠱᠠᠨ ᠸᠠ ᠲᠠᠷᠢᠮᠠᠯ ᠤᠨ ᠲᠤᠰᠬᠠᠶ ᠬᠤᠷᠰᠢᠶ᠎ᠠ ᠪᠣᠯᠤᠨ᠎ᠠ᠃       ᠢᠯᠡ ᠨᠡᠶᠢᠲᠡᠯᠡᠬᠦ ᠴᠠᠭ ᠨᠢ 7 ᠡᠳᠦᠷ ᠪᠣᠯᠤᠨ᠎ᠠ᠃ ᠵᠠᠷᠯᠠᠨ ᠨᠡᠶᠢᠲᠡᠯᠡᠬᠦ ᠬᠤᠭᠤᠴᠠᠭᠠᠨ ᠳᠤ ᠬᠡᠷᠪᠡ ᠤᠨᠳᠤᠤ ᠰᠠᠨᠠᠯ ᠲᠠᠢ ᠪᠠᠶᠢᠪᠠᠯ᠂ ᠤᠲᠠᠰᠤ ᠪᠤᠶᠤ ᠪᠢᠴᠢᠭ ᠤᠨ ᠬᠡᠯᠪᠡᠷᠢ ᠪᠠᠷ ᠨᠠᠢᠮᠠᠨ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠦᠢᠯᠡᠴᠢᠯᠡᠭᠡᠨ ᠤ ᠲᠥᠪ ᠲᠤ ᠲᠤᠰᠬᠠᠭᠠᠷᠠᠶ᠃       ᠢᠯᠡ ᠨᠡᠶᠢᠲᠡᠯᠡᠬᠦ ᠬᠤᠭᠤᠴᠠᠭ᠎ᠠ᠄ 2023 ᠣᠨ ᠤ 11 ᠰᠠᠷ᠎ᠠ ᠶᠢᠨ 7 ᠤ ᠡᠳᠦᠷ — 11  ᠰᠠᠷ᠎ᠠ ᠶᠢᠨ 13 ᠤ ᠡᠳᠦᠷ᠃       ᠬᠢᠨᠠᠯᠲᠠ ᠲᠠᠯᠪᠢᠬᠤ ᠤᠲᠠᠰᠤ᠄ 0475 - 4226717                            ᠨᠠᠢᠮᠠᠨ ᠬᠤᠰᠢᠭᠤᠨ ᠤ ᠲᠠᠷᠢᠶᠠᠯᠠᠩ ᠮᠠᠯᠵᠢᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ                                              2023 ᠣᠨ ᠤ 11 ᠰᠠᠷ᠎ᠠ ᠶᠢᠨ 7 ᠤ ᠡᠳᠦᠷ  
 
ᠢᠷᠡᠯᠲᠡ᠄ ᠨᠠᠢᠮᠠᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号