2023 ᠣᠨ ᠤ ᠨᠠᠢᠮᠠᠨ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠪᠠᠴᠢᠮ ᠱᠠᠭᠠᠷᠲᠠᠵᠤ ᠪᠠᠶᠢᠭ᠎ᠠ ᠴᠢᠳᠠᠪᠤᠷᠢᠲᠠᠨ ᠣᠷᠣᠭᠤᠯᠤᠨ ᠠᠪᠴᠢᠷᠠᠬᠤ ᠠᠯᠪᠠᠨ ᠵᠠᠷ
ᠨᠡᠶᠢᠲᠡᠯᠡᠭᠰᠡᠨ ᠴᠠᠭ᠄
2023/11/13
      ︽ᠨᠠᠢᠮᠠᠨ ᠬᠤᠰᠢᠭᠤᠨ ᠤ ᠴᠢᠳᠠᠪᠤᠷᠢᠲᠠᠨ ᠣᠷᠣᠭᠤᠯᠤᠨ ᠠᠪᠴᠢᠷᠠᠬᠤ ᠬᠡᠷᠡᠭᠵᠢᠭᠦᠯᠬᠦ ᠠᠷᠭ᠎ᠠ︾ ᠶᠢ ᠦᠨᠳᠦᠰᠦᠯᠡᠨ᠂ ᠮᠠᠨ ᠤ ᠬᠤᠰᠢᠭᠤᠨ ᠤ ᠪᠠᠭᠰᠢ ᠶᠢ ᠨᠥᠬᠦᠪᠦᠷᠢᠯᠡᠬᠦ ᠠᠵᠢᠯ ᠢ ᠰᠠᠶᠢᠲᠤᠷ ᠬᠢᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ 2023 ᠣᠨ ᠳᠤ ᠨᠠᠢᠮᠠᠨ ᠬᠤᠰᠢᠭᠤᠨ ᠤ ᠪᠠᠴᠢᠮ ᠱᠠᠭᠠᠷᠲᠠᠵᠤ ᠪᠠᠶᠢᠭ᠎ᠠ ᠪᠠᠭᠰᠢ ᠣᠷᠣᠭᠤᠯᠤᠨ ᠠᠪᠴᠢᠷᠠᠬᠤ ᠬᠠᠮᠢᠶ᠎ᠠ ᠪᠦᠬᠦᠢ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄       ᠨᠢᠭᠡ᠂ ᠣᠷᠣᠭᠤᠯᠤᠨ ᠠᠪᠴᠢᠷᠠᠬᠤ ᠲᠥᠯᠥᠪᠯᠡᠭᠡ       ᠲᠣᠰ ᠤᠳᠠᠭ᠎ᠠ 14 ᠨᠡᠷᠡᠰ ᠪᠠᠭᠰᠢ ᠣᠷᠣᠭᠤᠯᠤᠨ ᠠᠪᠴᠢᠷᠠᠬᠤ ᠪᠠᠷ ᠲᠥᠯᠥᠪᠯᠡᠵᠦ ᠪᠣᠶ᠂ ᠡᠭᠦᠨ ᠳᠤ ᠨᠠᠢᠮᠠᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠳᠤ 10 ᠪᠠᠭᠰᠢ ᠣᠷᠣᠭᠤᠯᠤᠨ ᠠᠪᠴᠢᠷᠠᠵᠤ᠂ ᠨᠠᠢᠮᠠᠨ ᠬᠤᠰᠢᠭᠤᠨ ᠤ ᠮᠣᠩᠭᠤᠯ ᠦᠨᠳᠦᠰᠦᠲᠡᠨ ᠤ ᠳᠤᠮᠳᠠᠳᠤ ᠰᠤᠷᠭᠠᠭᠤᠯᠢ ᠳᠤ 4 ᠪᠠᠭᠰᠢ ᠣᠷᠣᠭᠤᠯᠤᠨ ᠠᠪᠴᠢᠷᠠᠬᠤ ᠪᠠᠷ ᠲᠥᠯᠥᠪᠯᠡᠵᠦ ᠪᠣᠶ᠃ ᠪᠣᠳᠠᠲᠠᠢ ᠠᠵᠢᠯ ᠤᠨ ᠪᠠᠶᠢᠷᠢ ᠶᠢ ᠳᠠᠭᠠᠯᠳᠤᠭᠤᠯᠤᠯ 1 ︽2023 ᠣᠨ ᠤ ᠨᠠᠢᠮᠠᠨ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠪᠠᠴᠢᠮ ᠱᠠᠭᠠᠷᠲᠠᠵᠤ ᠪᠠᠶᠢᠭ᠎ᠠ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯ ᠤᠨ ᠪᠠᠶᠢᠷᠢ ᠶᠢᠨ ᠬᠦᠰᠦᠨᠦᠭᠲᠦ︾ ᠳᠤ ᠨᠠᠷᠢᠪᠴᠢᠯᠠᠨ ᠦᠵᠡᠭᠡᠷᠡᠢ᠃       ᠬᠤᠶᠠᠷ᠂ ᠣᠷᠣᠭᠤᠯᠤᠨ ᠠᠪᠴᠢᠷᠠᠬᠤ ᠬᠡᠪᠴᠢᠶ᠎ᠡ ᠪᠠ ᠨᠥᠬᠦᠴᠡᠯ       ︵ᠨᠢᠭᠡ︶ ᠦᠨᠳᠦᠰᠦᠨ ᠨᠥᠬᠦᠴᠡᠯ       1. ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠠᠷᠢᠶ᠎ᠠ ᠲᠠᠢ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠨ  ᠰᠠᠬᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠ ᠨᠡᠶᠢᠭᠡᠮ ᠵᠢᠷᠤᠮ ᠤᠨ ᠪᠠᠶᠢᠭᠤᠯᠤᠯ ᠢ ᠬᠦᠷᠢᠶᠡᠯᠡᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠤᠯᠭᠠᠵᠤ᠂ ᠤᠬᠠᠮᠰᠠᠷ ᠠᠴᠠ ᠪᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠠᠮᠠᠭᠠᠯᠠᠵᠤ᠂ ᠵᠠᠩ ᠰᠤᠷᠲᠠᠯ ᠲᠥᠪ ᠴᠢᠬᠡᠴᠢ᠂ ᠡᠭᠦᠷᠭᠡ ᠬᠠᠷᠢᠭᠤᠴᠠᠯᠭ᠎ᠠ ᠪᠠᠨ ᠬᠡᠪ ᠤᠨ ᠶᠣᠰᠣᠭᠠᠷ ᠭᠦᠢᠴᠡᠳᠬᠡᠬᠦ ᠪᠡᠶ᠎ᠡ ᠮᠠᠬᠠᠪᠤᠳ ᠤᠨ ᠨᠥᠬᠦᠴᠡᠯ ᠪᠠ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠬᠦ ᠠᠵᠢᠯ ᠤᠨ ᠴᠢᠳᠠᠪᠤᠷᠢ ᠲᠠᠢ ᠪᠠᠶᠢᠬᠤ ᠬᠡᠷᠡᠭᠲᠡᠢ᠃       2. ᠠᠵᠢᠯ ᠤᠨ ᠪᠠᠶᠢᠷᠢ ᠳᠤ ᠱᠠᠭᠠᠷᠳᠠᠭᠰᠠᠨ ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ᠃       ︵1︶ 2024 ᠣᠨ ᠤ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢᠨ ᠦᠨᠡᠮᠯᠡᠯ ᠢ ᠪᠦᠷᠢᠳᠦᠭᠦᠯᠦᠭᠰᠡᠨ ᠡᠩ ᠤᠨ ᠪᠦᠬᠦᠯᠢ ᠡᠳᠦᠷ ᠤᠨ ᠳᠦᠷᠢᠮᠲᠦ ᠪᠠᠭᠰᠢ ᠶᠢᠨ ᠮᠡᠷᠭᠡᠵᠢᠯ ᠤᠨ ᠲᠥᠷᠥᠯ ᠤᠨ ᠠᠰᠫᠢᠷᠠᠨᠲ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ︵ᠵᠢᠩᠬᠢᠨᠢ ᠠᠩᠭᠢ ᠶᠢᠨ ᠱᠠᠲᠤᠨ ᠤ ᠱᠠᠭᠠᠷᠳᠠᠯᠭ᠎ᠠ ᠨᠢ ᠪᠦᠬᠦᠯᠢ ᠡᠳᠦᠷ ᠤᠨ ᠳᠦᠷᠢᠮᠲᠦ ᠪᠠᠭᠰᠢ ᠶᠢᠨ ᠮᠡᠷᠭᠡᠵᠢᠯ ᠤᠨ ᠲᠥᠷᠥᠯ ᠤᠨ ᠲᠤᠰᠬᠠᠢ ᠮᠡᠷᠭᠡᠵᠢᠯ ᠤᠨ ᠵᠢᠩᠬᠢᠨᠢ ᠠᠩᠭᠢ ᠪᠠᠶᠢᠵᠤ᠂ ᠲᠤᠰᠬᠠᠢ ᠮᠡᠷᠭᠡᠵᠢᠯ ᠠᠴᠠ ᠵᠢᠩᠬᠢᠨᠢ ᠠᠩᠭᠢ ᠳᠤ ᠳᠡᠪᠰᠢᠬᠦ ᠪᠠᠭᠲᠠᠬᠤ ᠦᠭᠡᠢ᠂ ᠠᠰᠫᠢᠷᠠᠨᠲ ᠤᠨ ᠲᠤᠰᠬᠠᠢ ᠮᠡᠷᠭᠡᠵᠢᠯ ᠨᠢ ᠵᠢᠩᠬᠢᠨᠢ ᠠᠩᠭᠢ ᠲᠠᠢ ᠨᠢᠭᠡᠳᠦᠯᠲᠡᠢ ᠪᠠᠶᠢᠬᠤ ᠬᠡᠷᠡᠭᠲᠡᠢ︶︔       ︵2︶ ᠤᠯᠤᠰ ᠤᠨ ᠰᠤᠷᠭᠠᠨ ᠬᠥᠮᠦᠵᠢᠯ ᠤᠨ ᠶᠠᠮᠤᠨ ᠤ ᠨᠡᠶᠢᠲᠡᠯᠡᠭᠰᠡᠨ ︽ᠬᠤᠣᠰ ᠲᠡᠷᠢᠭᠦᠨ ᠲᠠᠰ︾ ᠤᠨ ᠪᠦᠲᠦᠭᠡᠨ ᠪᠠᠶᠢᠭᠤᠯᠤᠯᠲᠠ ᠶᠢᠨ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠰᠢᠨᠵᠢᠯᠡᠭᠡᠨ ᠤ ᠰᠠᠯᠠᠭ᠎ᠠ ᠶᠢᠨ ᠨᠡᠷᠡᠰ ︵2017 ᠣᠨ ᠳᠤ ᠨᠡᠶᠢᠲᠡᠯᠡᠭᠰᠡᠨ ᠨᠢᠭᠡᠳᠦᠭᠡᠷ ᠡᠭᠡᠯᠵᠢ᠂ 2022 ᠣᠨ ᠳᠤ ᠨᠡᠶᠢᠲᠡᠯᠡᠭᠰᠡᠨ ᠬᠤᠶᠠᠳᠤᠭᠠᠷ ᠡᠭᠡᠯᠵᠢ ᠶᠢᠨ ︽ᠬᠤᠣᠰ ᠲᠡᠷᠢᠭᠦᠨ ᠲᠠᠰ︾ ᠤᠨ ᠪᠦᠲᠦᠭᠡᠨ ᠪᠠᠶᠢᠭᠤᠯᠤᠯᠲᠠ ᠶᠢᠨ ᠳᠡᠭᠡᠳᠦ ᠰᠤᠷᠭᠠᠭᠤᠯᠢ ᠵᠢᠴᠢ ᠪᠦᠲᠦᠭᠡᠨ ᠪᠠᠶᠢᠭᠤᠯᠤᠯᠲᠠ ᠶᠢᠨ ᠰᠢᠨᠵᠢᠯᠡᠭᠡᠨ ᠤ ᠰᠠᠯᠠᠭ᠎ᠠ ᠶᠢᠨ ᠨᠡᠷᠡᠰ ᠪᠦᠷ ᠪᠣᠯᠣᠨ᠎ᠠ︶ 2024 ᠣᠨ ᠤ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢᠨ ᠦᠨᠡᠮᠯᠡᠯ ᠪᠦᠷᠢᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠲᠡᠭᠦᠰᠦᠭᠰᠡᠨ ᠰᠣᠷᠣᠭᠴᠢ︔       ︵3︶ ᠮᠤᠵᠢ ᠶᠢᠨ ᠱᠠᠲᠤ ᠵᠢᠴᠢ ᠲᠡᠭᠦᠨ ᠠᠴᠠ ᠳᠡᠭᠡᠭᠰᠢᠬᠢ ᠭᠤᠣᠯᠳᠠᠯᠭ᠎ᠠ ᠲᠠᠢ ᠰᠢᠭᠤᠳ ᠬᠠᠷᠢᠶ᠎ᠠ ᠪᠠᠭᠰᠢ ᠶᠢᠨ ᠳᠡᠭᠡᠳᠦ ᠰᠤᠷᠭᠠᠭᠤᠯᠢ ︵ᠰᠤᠷᠭᠠᠭᠤᠯᠢ ᠶᠢᠨ ᠲᠣᠰ ᠬᠡᠯᠲᠡᠰ︶ ᠶᠢᠨ 2024 ᠬᠤᠭᠤᠴᠠᠭᠠᠨ ᠤ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢᠨ ᠦᠨᠡᠮᠯᠡᠯ ᠨᠢ ᠪᠦᠷᠢᠨ ᠪᠦᠲᠦᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠲᠡᠭᠦᠰᠦᠭᠰᠡᠨ ᠰᠣᠷᠣᠭᠴᠢ᠃        3. ᠮᠡᠳᠡᠭᠦᠯᠦᠭᠰᠡᠨ ᠰᠢᠨᠵᠢᠯᠡᠭᠡᠨ ᠤ ᠰᠠᠯᠠᠭ᠎ᠠ ᠪᠠᠨ ᠰᠣᠷᠣᠭᠰᠠᠨ ᠲᠤᠰᠬᠠᠢ ᠮᠡᠷᠭᠡᠵᠢᠯ ᠲᠠᠢ ᠪᠠᠨ ᠨᠢᠭᠡᠳᠦᠯᠲᠡᠢ ᠪᠠᠶᠢᠯᠭᠠᠬᠤ ᠶᠢ ᠱᠠᠭᠠᠷᠳᠠᠨ᠎ᠠ᠂ ᠪᠣᠳᠠᠲᠠᠢ ᠱᠠᠭᠠᠷᠳᠠᠯᠭ᠎ᠠ ᠶᠢ ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ ᠬᠦᠰᠦᠨᠦᠭᠲᠦ ᠳᠤ ᠨᠠᠷᠢᠨ ᠦᠵᠡᠭᠡᠷᠡᠢ᠃       4. ᠵᠢᠩᠬᠢᠨᠢ ᠠᠩᠭᠢ ᠠᠴᠠ ᠲᠡᠭᠦᠰᠦᠭᠰᠡᠨ ᠰᠤᠷᠤᠭᠴᠢᠳ ᠤᠨ ᠨᠠᠰᠤ ᠨᠢ ᠪᠦᠬᠦᠯᠢ 30 ᠨᠠᠰᠤᠨ ᠠᠴᠠ ᠳᠣᠷᠣᠭᠰᠢ ︵1992 ᠣᠨ ᠤ 11 ᠰᠠᠷ᠎ᠠ ᠶᠢᠨ 10 ᠤ ᠡᠳᠦᠷ ᠠᠴᠠ ᠬᠤᠶᠢᠰᠢ︶︔ ᠰᠤᠳᠤᠯᠬᠤ ᠰᠤᠷᠤᠭᠴᠢ ᠵᠢᠴᠢ ᠲᠡᠭᠦᠨ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠲᠡᠭᠦᠰᠬᠦ ᠰᠤᠷᠤᠭᠴᠢ ᠶᠢᠨ ᠨᠠᠰᠤ ᠨᠢ ᠪᠦᠬᠦᠯᠢ 35 ᠨᠠᠰᠤᠨ ᠠᠴᠠ ᠳᠤᠷᠤᠭᠰᠢ ︵1987 ᠣᠨ ᠤ 11 ᠰᠠᠷ᠎ᠠ ᠶᠢᠨ 10 ᠤ ᠡᠳᠦᠷ ᠠᠴᠠ ᠬᠤᠶᠢᠰᠢ︶᠃       5. ᠪᠠᠭᠰᠢ ᠶᠢᠨ ᠬᠢᠷᠢ ᠬᠡᠮ ᠤᠨ ᠦᠨᠡᠮᠯᠡᠯ ᠤᠨ ᠱᠠᠭᠠᠷᠳᠠᠯᠭ᠎ᠠ᠃ ᠨᠡᠷ᠎ᠡ ᠮᠡᠳᠡᠭᠦᠯᠦᠭᠰᠡᠳ ᠡᠷᠬᠡᠪᠰᠢ ᠵᠣᠬᠢᠬᠤ ᠲᠥᠷᠥᠯ ᠤᠨ ᠪᠠᠭᠰᠢ ᠶᠢᠨ ᠬᠢᠷᠢ ᠬᠡᠮ ᠤᠨ ᠦᠨᠡᠮᠯᠡᠯ ᠲᠠᠢ ᠪᠠᠶᠢᠬᠤ ᠬᠡᠷᠡᠭᠲᠡᠢ ᠪᠥᠭᠡᠳ ᠪᠠᠭᠰᠢᠯᠠᠬᠤ ᠰᠢᠨᠵᠢᠯᠡᠭᠡᠨ ᠤ ᠰᠠᠯᠠᠭ᠎ᠠ ᠪᠣᠯᠣᠨ ᠨᠡᠷ᠎ᠡ ᠮᠡᠳᠡᠭᠦᠯᠬᠦ ᠠᠵᠢᠯ ᠤᠨ ᠪᠠᠶᠢᠷᠢ ᠨᠢ ᠨᠢᠭᠡᠳᠦᠯᠲᠡᠢ ᠪᠠᠶᠢᠬᠤ ᠬᠡᠷᠡᠭᠲᠡᠢ᠃ 2024 ᠣᠨ ᠳᠤ ᠲᠣᠰ ᠬᠤᠭᠤᠴᠠᠭᠠᠨ ᠤ ᠲᠡᠭᠦᠰᠬᠦ ᠰᠣᠷᠣᠭᠴᠢ ᠶᠢᠨ ᠪᠠᠭᠰᠢ ᠶᠢᠨ ᠬᠢᠷᠢ ᠬᠡᠮ ᠤᠨ ᠦᠨᠡᠮᠯᠡᠯ ᠣᠯᠬᠤ ᠴᠠᠭ ᠢ ᠡᠯᠰᠡᠨ ᠬᠡᠷᠡᠭᠯᠡᠬᠦ ᠭᠡᠷ᠎ᠡ ᠲᠣᠭᠲᠠᠬᠤ ᠠᠴᠠ ᠡᠮᠦᠨ᠎ᠡ ᠬᠦᠷᠲᠡᠯ᠎ᠡ ᠠᠭᠤᠵᠢᠭᠤ ᠲᠠᠯᠪᠢᠵᠤ ᠪᠣᠯᠣᠨ᠎ᠠ᠃       6. ᠨᠡᠶᠢᠲᠡᠯᠢᠭ ᠬᠡᠯᠡᠨ ᠤ ᠬᠤᠶᠠᠳᠤᠭᠠᠷ ᠳᠡᠰ ᠤᠨ ᠬᠥᠬᠡᠭᠴᠢᠨ ᠳᠡᠰ ᠵᠢᠴᠢ ᠲᠡᠭᠦᠨ ᠠᠴᠠ ᠳᠡᠭᠡᠭᠰᠢᠬᠢ ᠨᠡᠶᠢᠲᠡᠯᠢᠭ ᠬᠡᠯᠡᠨ ᠤ ᠬᠢᠷᠢ ᠬᠡᠮᠵᠢᠶᠡᠨ ᠤ ᠰᠢᠯᠭᠠᠯᠲᠠ ᠶᠢᠨ ᠲᠡᠰ ᠤᠨ ᠦᠨᠡᠮᠯᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠂ ᠡᠭᠦᠨ ᠳᠤ ᠬᠡᠯᠡ ᠪᠢᠴᠢᠭ ᠤᠨ ᠪᠠᠭᠰᠢ ᠶᠢᠨ ᠠᠵᠢᠯ ᠤᠨ ᠪᠠᠶᠢᠷᠢ ᠳᠤ ᠬᠤᠶᠠᠳᠤᠭᠠᠷ ᠳᠡᠰ ᠤᠨ ᠬᠥᠬᠡ ᠳᠡᠰ ᠵᠢᠴᠢ ᠲᠡᠭᠦᠨ ᠠᠴᠠ ᠳᠡᠭᠡᠭᠰᠢᠬᠢ ᠨᠡᠶᠢᠲᠡᠯᠢᠭ ᠬᠡᠯᠡᠨ ᠤ ᠬᠢᠷᠢ ᠬᠡᠮᠵᠢᠶᠡᠨ ᠤ ᠰᠢᠯᠭᠠᠯᠲᠠ ᠶᠢᠨ ᠲᠡᠰ ᠤᠨ ᠦᠨᠡᠮᠯᠡᠯ ᠲᠠᠢ ᠪᠠᠶᠢᠬᠤ ᠬᠡᠷᠡᠭᠲᠡᠢ᠃ ᠨᠡᠶᠢᠲᠡᠯᠢᠭ ᠬᠡᠯᠡᠨ ᠤ ᠬᠢᠷᠢ ᠬᠡᠮᠵᠢᠶᠡᠨ ᠤ ᠰᠢᠯᠭᠠᠯᠲᠠ ᠶᠢᠨ ᠲᠡᠰ ᠤᠨ ᠦᠨᠡᠮᠯᠡᠯ ᠢ ᠡᠷᠬᠡᠪᠰᠢ ᠨᠡᠷ᠎ᠡ ᠮᠡᠳᠡᠭᠦᠯᠦᠭᠰᠡᠨ ᠡᠳᠦᠷ ᠠᠴᠠ ᠡᠮᠦᠨ᠎ᠡ ᠣᠯᠣᠭᠰᠠᠨ ᠪᠠᠶᠢᠬᠤ ᠬᠡᠷᠡᠭᠲᠡᠢ᠂ ᠡᠰᠡ ᠲᠡᠭᠡᠪᠡᠯ ᠨᠡᠷ᠎ᠡ ᠮᠡᠳᠡᠭᠦᠯᠵᠦ ᠪᠣᠯᠬᠤ ᠦᠭᠡᠢ᠃       7. ᠡᠯᠰᠡᠭᠳᠡᠭᠰᠡᠳ ᠤᠨ ᠨᠢᠭᠤᠷᠲᠠᠨ ᠰᠢᠯᠭᠠᠯᠲᠠ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠨᠢᠭᠡᠳᠦᠯᠲᠡᠢ ᠬᠡᠷᠡᠭᠯᠡᠨ ᠬᠠᠷᠢᠭᠤᠯᠲᠠ ᠥᠭᠭᠦᠨ᠎ᠡ ︵ᠠᠩᠭ᠍ᠯᠢ ᠬᠡᠯᠡᠨ ᠤ ᠰᠢᠨᠵᠢᠯᠡᠭᠡᠨ ᠤ ᠰᠠᠯᠠᠭ᠎ᠠ  ᠠᠴᠠ ᠭᠠᠳᠠᠨ᠎ᠠ︶᠂ ᠬᠤᠯᠢᠯᠳᠤᠭᠤᠯᠤᠨ ᠬᠡᠷᠡᠭᠯᠡᠵᠦ ᠪᠣᠯᠬᠤ ᠦᠭᠡᠢ᠃ ᠱᠠᠭᠠᠷᠳᠠᠯᠭ᠎ᠠ ᠶᠣᠰᠣᠭᠠᠷ ᠬᠠᠷᠢᠭᠤᠯᠬᠤ ᠦᠭᠡᠢ ᠪᠠᠶᠢᠪᠠᠯ᠂ ᠲᠡᠭ ᠬᠤᠪᠢ ᠪᠠᠷ ᠰᠢᠢᠳᠪᠦᠷᠢᠯᠡᠨ᠎ᠡ᠃       ︵ᠬᠤᠶᠠᠷ︶ ᠳᠣᠣᠷᠠᠬᠢ ᠬᠥᠮᠥᠰ ᠢ ᠡᠯᠰᠡᠬᠦ ᠦᠭᠡᠢ᠄       1. ᠰᠤᠷᠤᠯᠴᠠᠵᠤ ᠪᠠᠶᠢᠭ᠎ᠠ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠲᠤᠰᠬᠠᠢ ᠮᠡᠷᠭᠡᠵᠢᠯ ᠤᠨ ᠰᠣᠷᠣᠭᠴᠢ᠂ ᠵᠢᠩᠬᠢᠨᠢ ᠠᠩᠭᠢ ᠶᠢᠨ ᠰᠣᠷᠣᠭᠴᠢ᠂ ᠠᠰᠫᠢᠷᠠᠨᠲ ︵2024 ᠣᠨ ᠤ ᠲᠣᠰ ᠬᠤᠭᠤᠴᠠᠭᠠᠨ ᠤ ᠲᠡᠭᠦᠰᠬᠦ ᠰᠣᠷᠣᠭᠴᠢ ᠪᠠᠭᠲᠠᠬᠤ ᠦᠭᠡᠢ︶︔       2. ᠲᠤᠷᠰᠢᠨ ᠬᠡᠷᠡᠭᠯᠡᠬᠦ ᠬᠤᠭᠤᠴᠠᠭᠠᠨ ᠳᠤ ᠪᠠ ᠦᠢᠯᠡᠴᠢᠯᠡᠭᠡᠨ ᠤ ᠨᠠᠭᠠᠲᠤ ᠵᠠᠬ᠎ᠠ ᠶᠢᠨ ᠵᠢᠯ ᠬᠤᠭᠤᠴᠠᠭ᠎ᠠ ᠨᠢ ᠳᠦᠭᠦᠷᠦᠭᠡᠳᠦᠢ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ︔       3. ᠶᠠᠯ᠎ᠠ ᠬᠢᠭᠰᠡᠨ ᠠᠴᠠ ᠪᠣᠯᠵᠤ ᠡᠷᠡᠭᠦᠦ ᠶᠢᠨ ᠰᠢᠢᠳᠭᠡᠯ ᠣᠯᠵᠤ ᠥᠩᠭᠡᠷᠡᠭᠰᠡᠨ ᠬᠥᠮᠥᠨ︔ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠢᠶ᠎ᠠ ᠠᠴᠠ ᠪᠠᠨ ᠬᠥᠭᠡᠭᠡᠭᠳᠡᠭᠰᠡᠨ ᠬᠥᠮᠥᠰ︔ ᠠᠯᠪᠠᠨ ᠲᠤᠰᠢᠶᠠᠯ ᠠᠴᠠ ᠪᠠᠨ ᠬᠥᠭᠡᠭᠡᠭᠳᠡᠭᠰᠡᠨ ᠬᠥᠮᠥᠰ︔ ᠬᠠᠤᠯᠢ ᠶᠣᠰᠣᠭᠠᠷ ᠢᠲᠡᠭᠡᠯ ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠲᠤ ᠵᠢᠭᠰᠠᠭᠠᠭᠳᠠᠭᠰᠠᠨ ᠬᠥᠮᠥᠰ︔       4. ᠠᠯᠪᠠᠲᠠᠨ ᠢ ᠰᠢᠯᠭᠠᠨ ᠡᠯᠰᠡᠬᠦ ᠪᠤᠶᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠡᠯᠰᠡᠨ ᠬᠡᠷᠡᠭᠯᠡᠬᠦ ᠶᠠᠪᠤᠴᠠ ᠳᠤ ᠬᠡᠮ ᠬᠢᠭᠰᠡᠨ ᠵᠡᠷᠭᠡ ᠡᠯᠰᠡᠨ ᠬᠡᠷᠡᠭᠯᠡᠬᠦ ︵ᠤᠷᠢᠨ ᠬᠡᠷᠡᠭᠯᠡᠬᠦ︶ ᠰᠠᠬᠢᠯᠭ᠎ᠠ ᠪᠠᠲᠤ ᠶᠢ ᠬᠦᠨᠳᠦ ᠨᠣᠴᠢᠲᠠᠢ ᠵᠥᠷᠢᠴᠡᠭᠰᠡᠨ ᠦᠶᠯᠡ ᠠᠵᠢᠯᠯᠠᠭ᠎ᠠ ᠲᠠᠢ ᠪᠥᠭᠡᠳ ᠰᠢᠯᠭᠠᠯᠲᠠ ᠶᠢ ᠴᠠᠭᠠᠵᠠᠯᠠᠬᠤ ᠬᠤᠭᠤᠴᠠᠭᠠᠨ ᠳᠤ ᠪᠠᠶᠢᠭ᠎ᠠ ᠠᠵᠢᠯᠲᠠᠨ︔       5.ᠠᠯᠪᠠᠨ ᠴᠡᠷᠢᠭ︔       ︵6︶ ᠠᠵᠢᠯ ᠤᠨ ᠪᠠᠶᠢᠷᠢ ᠳᠤ  ᠡᠯᠰᠡᠭᠳᠡᠭᠰᠡᠨ ᠤ ᠳᠠᠷᠠᠭ᠎ᠠ ᠵᠠᠶᠢᠯᠠᠬᠤ ᠬᠠᠷᠢᠴᠠᠭ᠎ᠠ ᠲᠠᠢ ᠬᠥᠮᠥᠰ︔       7. ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠢᠶᠠᠷ ᠡᠯᠰᠡᠨ ᠬᠡᠷᠡᠭᠯᠡᠵᠦ ᠪᠣᠯᠬᠤ ᠦᠭᠡᠢ ᠭᠡᠵᠦ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ ᠲᠠᠢ ᠠᠵᠢᠯᠲᠠᠨ᠃       ᠭᠤᠷᠪᠠ᠂ ᠤᠷᠤᠭᠤᠯᠤᠨ ᠠᠪᠴᠢᠷᠠᠬᠤ ᠲᠡᠰ ᠳᠠᠷᠠᠭᠠᠯᠠᠯ       ᠲᠣᠰ ᠤᠳᠠᠭᠠᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠳᠠᠭᠠᠨ ᠠᠯᠪᠠᠨ ᠵᠠᠷ ᠨᠡᠶᠢᠲᠡᠯᠡᠬᠦ᠂ ᠨᠡᠷ᠎ᠡ ᠮᠡᠳᠡᠭᠦᠯᠬᠦ᠂ ᠬᠢᠷᠢ ᠬᠡᠮ ᠤᠨ ᠬᠢᠨᠠᠨ ᠪᠠᠶᠢᠴᠠᠭᠠᠯᠲᠠ ᠬᠢᠬᠦ᠂ ᠪᠢᠷ ᠤᠨ ᠰᠢᠯᠭᠠᠯᠲᠠ ᠬᠢᠬᠦ᠂ ᠨᠢᠭᠤᠷᠲᠠᠨ ᠰᠢᠯᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ᠂ ᠪᠠᠶᠢᠴᠠᠭᠠᠯᠲᠠ ᠬᠢᠬᠦ᠂ ᠵᠠᠷᠯᠠᠨ ᠨᠡᠶᠢᠲᠡᠯᠡᠬᠦ᠂ ᠤᠷᠢᠵᠤ ᠬᠡᠷᠡᠭᠯᠡᠬᠦ ᠭᠠᠷ ᠭᠦᠢᠴᠡᠳᠬᠡᠯ ᠬᠢᠬᠦ ᠵᠡᠷᠭᠡ ᠲᠠᠰ ᠳᠠᠷᠠᠭᠠᠯᠠᠯ ᠢᠶᠠᠷ ᠶᠠᠪᠤᠭᠳᠠᠭᠤᠯᠤᠨ᠎ᠠ᠃       ︵ᠨᠢᠭᠡ︶  ᠠᠯᠪᠠᠨ ᠵᠠᠷ ᠨᠡᠶᠢᠲᠡᠯᠡᠬᠦ      ᠲᠣᠰ ᠤᠳᠠᠭᠠᠨ ᠤ ᠠᠵᠢᠯᠲᠠᠨ ᠡᠯᠰᠡᠬᠦ ᠠᠯᠪᠠᠨ ᠵᠠᠷ ᠢ ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠤ ᠰᠦᠯᠵᠢᠶ᠎ᠡ ᠵᠢᠴᠢ ᠬᠤᠯᠪᠣᠭᠳᠠᠯ ᠪᠦᠬᠦᠢ ᠠᠵᠢᠯᠲᠠᠨ ᠡᠯᠰᠡᠬᠦ ᠳᠡᠭᠡᠳᠦ ᠰᠤᠷᠭᠠᠭᠤᠯᠢ ᠶᠢᠨ ᠠᠵᠢᠯ ᠣᠯᠭᠤᠯᠲᠠ ᠶᠢᠨ ᠰᠦᠯᠵᠢᠶ᠎ᠡ ᠳᠤ ᠨᠡᠶᠢᠲᠡᠯᠡᠪᠡ᠂ ᠡᠯᠰᠡᠭᠳᠡᠬᠦ ᠪᠠᠷ ᠪᠠᠶᠢᠭ᠎ᠠ ᠬᠦᠮᠦᠰ ᠴᠠᠭ ᠲᠤᠬᠠᠢ ᠳᠤᠨᠢ ᠠᠩᠬᠠᠷᠬᠤ ᠪᠣᠯᠪᠠᠤ᠃       ︵ᠬᠤᠶᠠᠷ︶ ᠨᠡᠷ᠎ᠡ ᠮᠡᠳᠡᠭᠦᠯᠬᠦ       1. ᠲᠤᠬᠠᠢ ᠶᠢᠨ ᠲᠠᠯᠠᠪᠠᠢ ᠳᠤ ᠨᠡᠷ᠎ᠡ ᠮᠡᠳᠡᠭᠦᠯᠬᠦ᠃ ᠨᠠᠢᠮᠠᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ᠂ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠵᠢᠴᠢ ᠬᠥᠮᠥᠨ ᠬᠡᠷᠡᠭᠯᠡᠬᠦ ᠨᠢᠭᠡᠴᠢ ᠬᠥᠬᠡᠬᠤᠲᠠ ᠳᠤ ᠬᠦᠷᠴᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠭᠤᠣᠯᠯᠠᠨ ᠡᠷᠭᠢᠯᠡᠭᠰᠡᠨ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠠᠴᠠ ᠳᠠᠭᠠᠭᠠᠴᠢᠯᠠᠨ ᠡᠷᠭᠢᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠠᠵᠢᠯ ᠲᠥᠷᠥᠯ ᠤᠨ ᠲᠤᠰᠬᠠᠢ ᠠᠵᠢᠯᠲᠠᠨ ᠡᠯᠰᠡᠬᠦ ᠴᠤᠭᠯᠠᠭᠠᠨ ᠵᠢᠴᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ 2024 ᠣᠨ ᠤ ᠲᠡᠭᠦᠰᠬᠦ ᠰᠤᠷᠤᠭᠴᠢᠳ ᠤᠨ ᠡᠪᠦᠯ ᠤᠨ ᠤᠯᠠᠷᠢᠯ ᠤᠨ ᠵᠥᠪᠳᠡᠨ ᠶᠠᠷᠢᠯᠴᠠᠬᠤ ᠬᠤᠷᠠᠯ ᠳᠡᠭᠡᠷ᠎ᠡ ᠡᠯᠰᠡᠭᠳᠡᠬᠦ ᠪᠠᠷ ᠪᠠᠶᠢᠭ᠎ᠠ ᠬᠦᠮᠦᠰ ᠲᠤᠬᠠᠢ ᠶᠢᠨ ᠲᠠᠯᠠᠪᠠᠢ ᠳᠤ ᠨᠡᠷ᠎ᠡ ᠮᠡᠳᠡᠭᠦᠯᠦᠨ᠎ᠡ᠃      2. ᠰᠦᠯᠵᠢᠶ᠎ᠡ ᠪᠠᠷ ᠨᠡᠷ᠎ᠡ ᠮᠡᠳᠡᠭᠦᠯᠬᠦ᠃ ᠰᠢᠯᠭᠠᠭᠤᠯᠤᠭᠴᠢ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ nmjtjrsg@126.com ᠳᠤ ᠬᠦᠷᠭᠡᠵᠦ᠂ ᠰᠦᠯᠵᠢᠶ᠎ᠡ ᠪᠠᠷ ᠨᠡᠷ᠎ᠡ ᠮᠡᠳᠡᠭᠦᠯᠬᠦ ᠳᠤ ᠨᠡᠷ᠎ᠡ ᠮᠡᠳᠡᠭᠦᠯᠬᠦ ᠬᠦᠰᠦᠨᠦᠭᠲᠦ ᠵᠢᠴᠢ ᠬᠤᠯᠪᠣᠭᠳᠠᠯ ᠪᠦᠬᠦᠢ ᠭᠡᠷᠡᠴᠢ ᠦᠨᠡᠮᠯᠡᠯ ᠤᠨ ᠰᠢᠷᠪᠢᠯᠲᠡ ᠶᠢᠨ ᠮᠠᠲ᠋ᠧᠷᠢᠶᠠᠯ ᠢ ᠲᠤᠰᠢᠶᠠᠬᠤ ᠬᠡᠷᠡᠭᠲᠡᠢ ᠪᠥᠭᠡᠳ ᠪᠢᠴᠢᠭ ᠮᠠᠲ᠋ᠧᠷᠢᠶᠠᠯ ᠢ ᠠᠪᠴᠢᠭᠤᠯᠤᠭᠰᠠᠨ ᠤ ᠳᠠᠷᠠᠭ᠎ᠠ ᠰᠢᠤᠳᠠᠨ ᠤ ᠬᠠᠶᠢᠷᠴᠠᠭ ᠲᠤ ᠬᠦᠷᠭᠡᠬᠦ ᠬᠡᠷᠡᠭᠲᠡᠢ᠃       3. ᠨᠡᠷ᠎ᠡ ᠮᠡᠳᠡᠭᠦᠯᠬᠦ ᠴᠠᠭ᠄ 2023 ᠣᠨ ᠤ 11 ᠰᠠᠷ᠎ᠠ  ᠶᠢᠨ 11 ᠤ ᠡᠳᠦᠷ ︵ᠭᠠᠷᠠᠭ ᠤᠨ ᠵᠢᠷᠭᠤᠭᠠᠨ ︶ ᠤᠨ ᠦᠳᠡ  ᠶᠢᠨ ᠡᠮᠦᠨ᠎ᠡ  ᠶᠢᠨ 9᠄ 00  ᠠᠴᠠ 12᠄ 00 ᠪᠣᠯᠲᠠᠯ᠎ᠠ ︵ᠲᠤᠬᠠᠢ  ᠶᠢᠨ  ᠲᠠᠯᠠᠪᠠᠢ ᠳᠤ ᠨᠡᠷ᠎ᠡ ᠮᠡᠳᠡᠭᠦᠯᠬᠦ ᠪᠠ ᠰᠦᠯᠵᠢᠶ᠎ᠡ ᠪᠠᠷ ᠨᠡᠷ᠎ᠡ ᠮᠡᠳᠡᠭᠦᠯᠬᠦ  ᠶᠢ ᠵᠡᠷᠭᠡ ᠪᠠᠷ ᠶᠠᠪᠤᠭᠳᠠᠭᠤᠯᠤᠨ᠎ᠠ︶       4. ᠨᠡᠷ᠎ᠡ ᠮᠡᠳᠡᠭᠦᠯᠬᠦ ᠭᠠᠵᠠᠷ᠄  ᠰᠠᠶᠢᠬᠠᠨ  ᠲᠣᠭᠤᠷᠢᠭ ᠤᠨ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠪᠥᠮᠪᠥᠭᠡᠨ ᠲᠥᠷᠥᠯ ᠤᠨ ᠣᠷᠳᠣᠨ       5. ᠨᠡᠷ᠎ᠡ ᠮᠡᠳᠡᠭᠦᠯᠬᠦ ᠱᠠᠭᠠᠷᠳᠠᠯᠭ᠎ᠠ᠄ ᠰᠢᠯᠭᠠᠭᠤᠯᠤᠭᠴᠢ ᠨᠢᠭᠡᠪᠦᠷᠢ ᠨᠢᠭᠡ ᠠᠵᠢᠯ ᠤᠨ ᠪᠠᠶᠢᠷᠢ ᠶᠢ ᠬᠢᠵᠠᠭᠠᠷᠯᠠᠨ ᠮᠡᠳᠡᠭᠦᠯᠵᠦ᠂ ᠨᠡᠷ᠎ᠡ ᠮᠡᠳᠡᠭᠦᠯᠬᠦ ᠦᠶ᠎ᠡ ᠳᠤ ᠨᠡᠷ᠎ᠡ ᠮᠡᠳᠡᠭᠦᠯᠬᠦ ᠬᠦᠰᠦᠨᠦᠭ ︵ᠳᠠᠭᠠᠯᠳᠤᠭᠤᠯᠤᠯ 2︶ ᠨᠢᠭᠡ ᠬᠡᠯᠪᠡᠷᠢ ᠶᠢᠨ 2 ᠬᠤᠪᠢ ᠠᠪᠴᠤ᠂ ᠲᠣᠰ ᠬᠥᠮᠥᠨ ᠤ ᠪᠡᠶ᠎ᠡ ᠶᠢᠨ ᠦᠨᠡᠮᠯᠡᠯ᠂ ᠠᠰᠫᠢᠷᠠᠨᠲ ᠵᠢᠩᠬᠢᠨᠢ ᠠᠩᠭᠢ ᠶᠢᠨ ᠱᠠᠲᠤᠨ ᠤ ᠲᠡᠭᠦᠰᠬᠦ ᠦᠨᠡᠮᠯᠡᠯ ᠵᠢᠴᠢ ᠡᠷᠳᠡᠮ ᠤᠨ ᠴᠣᠯᠠ ᠶᠢᠨ ᠦᠨᠡᠮᠯᠡᠯ᠂ ︽ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠳᠠᠩᠰᠠᠯᠠᠯᠲᠠ ᠶᠢᠨ ᠬᠦᠰᠦᠨᠦᠭᠲᠦ︾᠂ ᠨᠡᠶᠢᠲᠡᠯᠢᠭ ᠬᠡᠯᠡᠨ ᠤ ᠦᠨᠡᠮᠯᠡᠯ᠂ ᠪᠠᠭᠰᠢ ᠶᠢᠨ ᠬᠢᠷᠢ ᠬᠡᠮ ᠤᠨ ᠦᠨᠡᠮᠯᠡᠯ ᠵᠡᠷᠭᠡ ᠦᠨᠡᠮᠯᠡᠯ ᠤᠨ ᠤᠭ ᠮᠠᠲ᠋ᠧᠷᠢᠶᠠᠯ ᠵᠢᠴᠢ ᠬᠠᠭᠤᠯᠪᠤᠷᠢ ᠶᠢ ᠬᠠᠩᠭᠠᠨ᠎ᠠ᠃ ᠲᠣᠰ ᠬᠤᠭᠤᠴᠠᠭᠠᠨ ᠤ ᠲᠡᠭᠦᠰᠬᠦ ᠰᠤᠷᠤᠭᠴᠢᠳ ᠰᠤᠷᠭᠠᠭᠤᠯᠢ ᠳᠤ ᠪᠠᠶᠢᠭ᠎ᠠ ᠭᠡᠷᠡᠴᠢᠯᠡᠯ ︵ᠲᠤᠰᠬᠠᠢ ᠮᠡᠷᠭᠡᠵᠢᠯ᠂ ᠰᠤᠷᠤᠯᠭ᠎ᠠ ᠶᠢᠨ ᠨᠠᠮᠲᠠᠷ᠂ ᠲᠡᠭᠦᠰᠦᠭᠰᠡᠨ ᠴᠠᠭ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠪᠠᠭᠲᠠᠭᠠᠨ᠎ᠠ︶ ᠪᠣᠯᠣᠨ ︽ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠣᠷᠣᠭᠴᠢ ᠶᠢᠨ ᠮᠡᠳᠡᠭᠡ ᠵᠠᠩᠭᠢ ᠶᠢᠨ ᠰᠦᠯᠵᠢᠶ᠎ᠡ︾ ᠶᠢᠨ ᠳᠠᠷᠤᠮᠠᠯᠯᠠᠭᠰᠠᠨ ︽ᠰᠤᠷᠭᠠᠭᠤᠯᠢ ᠶᠢᠨ ᠬᠠᠷᠢᠶ᠎ᠠ ᠶᠢ ᠰᠢᠯᠭᠠᠨ ᠪᠠᠲᠤᠯᠠᠭᠰᠠᠨ ᠮᠡᠳᠡᠭᠦᠯᠦᠯᠲᠡ︾᠂ ᠨᠡᠶᠢᠲᠡᠯᠢᠭ ᠬᠡᠯᠡᠨ ᠤ ᠦᠨᠡᠮᠯᠡᠯ ᠢ ᠬᠠᠩᠭᠠᠨ᠎ᠠ᠃       ︵ᠭᠤᠷᠪᠠ︶ ᠬᠢᠷᠢ ᠬᠡᠮ ᠢ ᠬᠢᠨᠠᠨ ᠪᠠᠶᠢᠴᠠᠭᠠᠬᠤ       ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠣᠷᠣᠨ ᠲᠤᠭ᠎ᠠ ᠶᠢᠨ ᠬᠤᠷᠢᠶᠠᠨ ᠤ ᠠᠯᠪᠠᠨ ᠭᠡᠷ᠂ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠭᠰᠡᠨ ᠬᠢᠷᠢ ᠬᠡᠮ ᠢ ᠬᠢᠨᠠᠨ ᠪᠠᠶᠢᠴᠠᠭᠠᠬᠤ ᠳᠤᠭᠤᠶᠢᠯᠠᠩ ᠢ ᠪᠠᠶᠢᠭᠤᠯᠵᠤ᠂ ᠣᠷᠣᠭᠤᠯᠤᠨ ᠠᠪᠴᠢᠷᠠᠬᠤ ᠨᠥᠬᠦᠴᠡᠯ ᠶᠣᠰᠣᠭᠠᠷ  ᠡᠯᠰᠡᠭᠳᠡᠭᠰᠡᠳ ᠳᠤ ᠬᠢᠷᠢ ᠬᠡᠮ ᠤᠨ ᠬᠢᠨᠠᠨ ᠪᠠᠶᠢᠴᠠᠭᠠᠯᠲᠠ ᠬᠢᠨ᠎ᠡ᠃ ᠡᠯᠰᠡᠭᠳᠡᠭᠰᠡᠳ ᠡᠷᠬᠡᠪᠰᠢ ᠲᠠᠭᠯᠠᠨ ᠮᠡᠳᠡᠭᠦᠯᠦᠭᠰᠡᠨ ᠮᠡᠳᠡᠭᠡ ᠵᠠᠩᠭᠢ ᠶᠢᠨ ᠢᠶᠠᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠪᠠ ᠪᠦᠷᠢᠨ ᠪᠦᠲᠦᠨ ᠴᠢᠨᠠᠷ ᠲᠤ ᠬᠠᠷᠢᠭᠤᠴᠠᠬᠤ ᠬᠡᠷᠡᠭᠲᠡᠢ᠂ ᠬᠤᠳᠠᠯ ᠬᠠᠭᠤᠷᠮᠠᠭ ᠮᠡᠳᠡᠭᠡ ᠵᠠᠩᠭᠢ ᠶᠢ ᠲᠠᠭᠯᠠᠨ ᠮᠡᠳᠡᠭᠦᠯᠦᠭᠰᠡᠨ ᠪᠤᠶᠤ ᠴᠢᠬᠤᠯᠠ ᠮᠡᠳᠡᠭᠡ ᠵᠠᠩᠭᠢ ᠪᠠᠨ ᠨᠢᠭᠤᠨ ᠳᠠᠯᠳᠠᠯᠠᠭᠰᠠᠨ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ᠲᠡᠭᠦᠨ ᠤ ᠰᠢᠯᠭᠠᠬᠤ ᠪᠤᠶᠤ ᠡᠯᠰᠡᠨ ᠬᠡᠷᠡᠭᠯᠡᠬᠦ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ᠃       ︵ᠳᠥᠷᠪᠡ︶ ᠪᠢᠷ ᠤᠨ ᠰᠢᠯᠭᠠᠯᠲᠠ       ᠨᠡᠷ᠎ᠡ ᠮᠡᠳᠡᠭᠦᠯᠦᠭᠰᠡᠨ ᠬᠥᠮᠥᠨ ᠤ ᠲᠤᠭ᠎ᠠ ᠪᠣᠯᠣᠨ ᠠᠵᠢᠯ ᠤᠨ ᠪᠠᠶᠢᠷᠢ ᠶᠢᠨ ᠲᠤᠭ᠎ᠠ ᠶᠢᠨ ᠬᠠᠷᠢᠴᠠᠯ ᠨᠢ 3᠄ 1 ︵ᠡᠭᠦᠨ ᠳᠤ ᠪᠠᠭᠲᠠᠬᠤ ᠦᠭᠡᠢ︶ ᠶᠢ ᠳᠠᠪᠠᠭᠰᠠᠨ ᠡᠯᠰᠡᠭᠳᠡᠭᠰᠡᠳ ᠪᠢᠷ ᠤᠨ ᠰᠢᠯᠭᠠᠯᠲᠠ ᠳᠤ ᠣᠷᠣᠯᠴᠠᠬᠤ ᠬᠡᠷᠡᠭᠲᠡᠢ᠃ ᠨᠡᠷ᠎ᠡ ᠮᠡᠳᠡᠭᠦᠯᠦᠭᠰᠡᠨ ᠬᠥᠮᠥᠨ ᠤ ᠲᠤᠭ᠎ᠠ ᠪᠣᠯᠣᠨ ᠠᠵᠢᠯ ᠤᠨ ᠪᠠᠶᠢᠷᠢ ᠶᠢᠨ ᠲᠤᠭ᠎ᠠ ᠶᠢᠨ ᠬᠠᠷᠢᠴᠠᠯ ᠨᠢ 3᠄ 1 ︵ᠡᠭᠦᠨ ᠳᠤ ᠪᠠᠭᠲᠠᠬᠤ ᠦᠭᠡᠢ︶ ᠠᠴᠠ ᠳᠣᠷᠣᠭᠰᠢ ᠪᠠᠶᠢᠭ᠎ᠠ ᠡᠯᠰᠡᠭᠳᠡᠭᠰᠡᠳ ᠢ ᠰᠢᠭᠤᠳ ᠨᠢᠭᠤᠷᠲᠠᠨ ᠰᠢᠯᠭᠠᠬᠤ ᠭᠤᠭᠴᠤᠭ᠎ᠠ ᠳᠤ ᠣᠷᠣᠭᠤᠯᠤᠨ᠎ᠠ᠃ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠶᠡᠷᠦᠩᠬᠡᠢ ᠬᠢᠷᠢ ᠪᠦᠲᠦᠮᠵᠢ ᠳᠤ ᠪᠤᠳᠤᠵᠤ ᠣᠷᠣᠭᠤᠯᠬᠤ ᠦᠭᠡᠢ᠃ ᠪᠢᠷ ᠤᠨ ᠰᠢᠯᠭᠠᠯᠲᠠ ᠶᠢᠨ ᠴᠠᠭ ᠢ ᠠᠰ ᠲᠤᠨᠢ ᠮᠡᠳᠡᠭᠳᠡᠨ᠎ᠡ᠃       ︵ᠲᠠᠪᠤ︶ ᠨᠢᠭᠤᠷᠲᠠᠨ ᠰᠢᠯᠭᠠᠬᠤ       ᠨᠢᠭᠤᠷᠲᠠᠨ ᠰᠢᠯᠭᠠᠯᠲᠠ ᠶᠢ ᠲᠤᠷᠰᠢᠨ ᠶᠠᠷᠢᠬᠤ + ᠬᠠᠷᠢᠭᠤ ᠮᠠᠷᠭᠤᠬᠤ ᠠᠷᠭ᠎ᠠ ᠪᠠᠷ ᠶᠠᠪᠤᠭᠳᠠᠭᠤᠯᠤᠨ᠎ᠠ᠂ ᠴᠠᠭ  ᠨᠢ 10 ᠮᠢᠨᠦ᠋ᠲ᠂ ᠶᠡᠷᠦᠩᠬᠡᠢ ᠬᠢᠷᠢ ᠪᠦᠲᠦᠮᠵᠢ ᠨᠢ 100 ᠬᠤᠪᠢ᠂ ᠡᠯᠰᠡᠭᠳᠡᠭᠰᠡᠳ ᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠪᠠᠷ ᠬᠠᠷᠢᠭᠤᠯᠬᠤ ᠬᠡᠷᠡᠭᠲᠡᠢ᠃ ᠬᠢᠷᠢ ᠲᠡᠩᠴᠡᠬᠦ ᠬᠠᠮᠤᠭ ᠤᠨ ᠳᠣᠣᠷ᠎ᠠ ᠬᠤᠪᠢ ᠶᠢᠨ ᠱᠤᠭᠤᠮ  ᠨᠢ 70 ᠬᠤᠪᠢ ᠪᠣᠯᠣᠨ᠎ᠠ᠃ ᠬᠢᠷᠢ ᠪᠦᠲᠦᠮᠵᠢ ᠨᠢ ᠡᠷᠬᠡᠪᠰᠢ ᠬᠢᠷᠢ ᠲᠡᠩᠴᠡᠬᠦ ᠬᠤᠪᠢ ᠶᠢᠨ ᠱᠤᠭᠤᠮ ᠵᠢᠴᠢ ᠲᠡᠭᠦᠨ ᠠᠴᠠ ᠳᠡᠭᠡᠭᠰᠢ ᠬᠡᠮᠵᠢᠶᠡᠨ ᠳᠤ ᠬᠦᠷᠦᠭᠰᠡᠨ ᠪᠠᠶᠢᠪᠠᠯ ᠰᠠᠶ᠋ᠢ ᠲᠠᠷᠠᠭᠠᠴᠢ ᠶᠢᠨ  ᠠᠯᠬᠤᠮ ᠳᠤ ᠣᠷᠣᠵᠤ ᠪᠣᠯᠣᠨ᠎ᠠ᠃ ᠨᠢᠭᠤᠷᠲᠠᠨ ᠰᠢᠯᠭᠠᠬᠤ ᠴᠠᠭ ᠢ ᠠᠰ ᠲᠤᠨᠢ ᠮᠡᠳᠡᠭᠳᠡᠨ᠎ᠡ᠃       ︵ᠵᠢᠷᠭᠤᠭ᠎ᠠ︶ ᠪᠡᠶ᠎ᠡ ᠶᠢᠨ ᠪᠠᠶᠢᠴᠠᠭᠠᠯᠲᠠ       1. ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠬᠤᠪᠢ  ᠠᠴᠠ ᠳᠣᠣᠷ᠎ᠠ ᠬᠤᠪᠢ ᠳᠤ ᠬᠦᠷᠬᠦ ᠲᠠᠰ ᠳᠠᠷᠠᠭᠠᠯᠠᠯ ᠢᠶᠠᠷ᠂ ᠡᠯ᠎ᠡ ᠠᠵᠢᠯ ᠤᠨ ᠪᠠᠶᠢᠷᠢ ᠶᠢᠨ ᠲᠥᠯᠥᠪᠯᠡᠭᠡ ᠶᠢᠨ ᠡᠯᠰᠡᠬᠦ ᠬᠥᠮᠥᠨ ᠤ ᠲᠤᠭ᠎ᠠ ᠲᠠᠢ ᠬᠠᠷᠢᠴᠠᠭᠤᠯᠤᠨ ᠵᠢᠱᠢᠭᠳᠡᠭᠴᠢ ᠶᠢ ᠲᠣᠭᠲᠠᠭᠠᠵᠤ᠂ ᠪᠡᠶ᠎ᠡ ᠶᠢᠨ ᠪᠠᠶᠢᠴᠠᠭᠠᠯᠲᠠ ᠪᠠ ᠰᠢᠯᠭᠠᠨ ᠪᠠᠶᠢᠴᠠᠭᠠᠬᠤ ᠲᠠᠰ ᠳᠠᠷᠠᠭᠠᠯᠠᠯ ᠳᠤ ᠣᠷᠣᠭᠤᠯᠤᠨ᠎ᠠ᠃ ᠠᠳᠠᠯᠢ ᠨᠢᠭᠡᠨ ᠠᠵᠢᠯ ᠤᠨ ᠪᠠᠶᠢᠷᠢ ᠶᠢᠨ ᠪᠡᠶ᠎ᠡ ᠶᠢᠨ ᠪᠠᠶᠢᠴᠠᠭᠠᠯᠲᠠ᠂ ᠪᠠᠶᠢᠴᠠᠭᠠᠯᠲᠠ ᠶᠢᠨ ᠬᠡᠪᠴᠢᠶᠡᠨ ᠳᠤ ᠣᠷᠣᠭᠰᠠᠨ ᠬᠥᠮᠥᠰ ᠤᠨ ᠨᠢᠭᠤᠷᠲᠠᠨ ᠰᠢᠯᠭᠠᠯᠲᠠ ᠶᠢᠨ ᠬᠢᠷᠢ ᠪᠦᠲᠦᠮᠵᠢ ᠨᠢ ᠠᠳᠠᠯᠢ ᠪᠠᠶᠢᠪᠠᠯ᠂ ᠨᠡᠮᠡᠵᠦ ᠰᠢᠯᠭᠠᠬᠤ ᠪᠠᠷ ᠳᠡᠮᠵᠢᠨ ᠰᠣᠩᠭᠤᠯᠲᠠ ᠪᠠᠨ ᠲᠣᠭᠲᠠᠭᠠᠨ᠎ᠠ᠃       2. ᠪᠡᠶ᠎ᠡ ᠶᠢᠨ ᠪᠠᠶᠢᠴᠠᠭᠠᠯᠲᠠ ᠶᠢᠨ ᠠᠵᠢᠯ ᠢ ᠨᠠᠢᠮᠠᠨ ᠬᠤᠰᠢᠭᠤᠨ ᠤ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠪᠡᠶ᠎ᠡ ᠶᠢᠨ ᠪᠠᠶᠢᠴᠠᠭᠠᠯᠲᠠ ᠶᠢᠨ ᠪᠠᠶᠢᠭᠤᠯᠤᠮᠵᠢ ᠶᠢ ᠵᠢᠭᠠᠨ ᠲᠣᠭᠲᠠᠭᠠᠵᠤ ᠶᠠᠪᠤᠭᠳᠠᠭᠤᠯᠤᠨ᠎ᠠ᠃ ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠦᠢᠯ ᠪᠠ ᠪᠠᠷᠢᠮᠵᠢᠶ᠎ᠠ ᠶᠢ ᠠᠯᠪᠠᠲᠠᠨ ᠡᠯᠰᠡᠨ ᠬᠡᠷᠡᠭᠯᠡᠬᠦ ᠪᠡᠶ᠎ᠡ ᠶᠢᠨ ᠪᠠᠶᠢᠴᠠᠭᠠᠯᠲᠠ ᠵᠡᠷᠭᠡ ᠬᠤᠯᠪᠣᠭᠳᠠᠯ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠵᠦ᠂ ᠪᠡᠶ᠎ᠡ ᠶᠢᠨ ᠪᠠᠶᠢᠴᠠᠭᠠᠯᠲᠠ ᠶᠢᠨ ᠵᠠᠷᠤᠳᠠᠯ ᠢ ᠡᠯᠰᠡᠭᠳᠡᠭᠰᠡᠳ ᠥᠪᠡᠰᠦᠪᠡᠨ ᠰᠢᠢᠳᠪᠦᠷᠢᠯᠡᠨ᠎ᠡ᠃       ︵ᠲᠤᠯᠤᠭ᠎ᠠ︶ ᠪᠠᠶᠢᠴᠠᠭᠠᠯᠲᠠ ᠬᠢᠬᠦ       ᠰᠢᠯᠭᠠᠨ ᠪᠠᠶᠢᠴᠠᠭᠠᠬᠤ ᠠᠵᠢᠯ ᠢ ᠬᠥᠮᠥᠨ ᠬᠡᠷᠡᠭᠯᠡᠬᠦ ᠨᠢᠭᠡᠴᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠨᠠᠷᠢᠨ ᠬᠢᠨᠠᠮᠠᠭᠠᠢ ᠪᠦᠬᠦ ᠲᠠᠯ᠎ᠠ ᠪᠠᠷ ᠰᠢᠯᠭᠠᠨ ᠪᠠᠶᠢᠴᠠᠭᠠᠨ᠎ᠠ᠃ ᠰᠢᠯᠭᠠᠨ ᠪᠠᠶᠢᠴᠠᠭᠠᠬᠤ ᠠᠭᠤᠯᠭ᠎ᠠ ᠳᠤ ᠭᠤᠣᠯᠳᠠᠭᠤ ᠡᠯᠰᠰᠡᠭᠳᠡᠭᠰᠡᠳ ᠤᠨ ᠦᠵᠡᠯ ᠰᠠᠨᠠᠭ᠎ᠠ ᠤᠯᠤᠰ ᠲᠥᠷᠥ ᠶᠢᠨ ᠬᠡᠪ ᠴᠢᠨᠠᠷ᠂ ᠶᠣᠰᠣ ᠮᠣᠷᠠᠯ ᠵᠠᠩ ᠰᠤᠷᠲᠠᠯ ᠂ ᠴᠢᠳᠠᠪᠤᠷᠢ ᠶᠢᠨ ᠬᠡᠪ ᠴᠢᠨᠠᠷ᠂ ᠰᠡᠳᠬᠢᠴᠡ ᠶᠢᠨ ᠬᠡᠪ ᠴᠢᠨᠠᠷ᠂ ᠰᠤᠷᠤᠯᠴᠠᠯᠭ᠎ᠠ ᠪᠠ ᠠᠵᠢᠯ ᠤᠨ ᠢᠯᠡᠷᠡᠯ᠂ ᠬᠠᠤᠯᠢ ᠰᠠᠬᠢᠯᠭ᠎ᠠ ᠶᠢ ᠵᠢᠷᠤᠮᠯᠠᠨ ᠰᠠᠬᠢᠬᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠵᠢᠴᠢ ᠵᠠᠶᠢᠯᠠᠬᠤ ᠴᠢᠬᠤᠯᠠᠲᠠᠢ ᠡᠰᠡᠬᠦ ᠵᠡᠷᠭᠡ ᠲᠠᠯ᠎ᠠ ᠶᠢᠨ ᠪᠠᠶᠢᠳᠠᠯ ᠢ ᠪᠠᠭᠲᠠᠭᠠᠨ᠎ᠠ᠃       1. ᠠᠵᠢᠯ ᠪᠠᠶᠢᠴᠠᠭᠠᠬᠤ ᠳᠠᠭᠠᠨ ᠤᠯᠤᠰ ᠲᠥᠷᠥ ᠶᠢᠨ ᠪᠠᠷᠢᠮᠵᠢᠶ᠎ᠠ ᠶᠢ ᠳᠣᠪᠤᠶᠢᠯᠭᠠᠵᠤ᠂ ᠡᠯᠰᠡᠭᠳᠡᠭᠰᠡᠳ ᠤᠨ ︽ᠳᠥᠷᠪᠡᠨ ᠤᠬᠠᠮᠰᠠᠷ︾ ᠢ ᠴᠢᠩᠭᠠᠳᠬᠠᠬᠤ᠂ ︽ᠳᠥᠷᠪᠡᠨ ᠢᠲᠡᠭᠡᠯ︾ ᠢ ᠪᠠᠲᠤᠳᠬᠠᠬᠤ᠂ ︽ᠬᠤᠶᠠᠷ ᠢ ᠲᠣᠭᠲᠠᠭᠠᠬᠤ︾ ᠶᠢ ᠬᠠᠮᠠᠭᠠᠯᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ᠂ ︽ᠭᠤᠷᠪᠠᠨ ᠰᠠᠯᠵᠤ ᠴᠢᠳᠠᠬᠤ ᠦᠭᠡᠢ︾ ᠶᠢ ᠪᠠᠲᠤ ᠴᠡᠭᠡᠵᠢᠯᠡᠬᠦ᠂ ︽ᠲᠠᠪᠤᠨ ᠮᠡᠳᠡᠷᠡᠮᠵᠢ ᠶᠢ ᠦᠨᠡᠨᠬᠦ ᠴᠢᠩᠭᠠᠳᠬᠠᠬᠤ︾ ᠵᠡᠷᠭᠡ ᠤᠯᠤᠰ ᠲᠥᠷᠥ ᠶᠢᠨ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠨ᠎ᠠ᠃ ᠤᠯᠤᠰ ᠲᠤᠶᠢᠷᠦ ᠶᠢᠨ ᠲᠠᠯ᠎ᠠ ᠪᠠᠷ ᠬᠢᠷᠢ ᠳᠤ ᠦᠯᠦ ᠲᠡᠩᠴᠡᠭᠰᠡᠳ ᠢ ᠡᠯᠰᠡᠨ ᠬᠡᠷᠡᠭᠯᠡᠬᠦ ᠶᠢ ᠡᠷᠡᠰ ᠬᠤᠷᠢᠭᠯᠠᠨ᠎ᠠ᠃ ᠰᠢᠨᠵᠢᠯᠡᠨ ᠪᠠᠶᠢᠴᠠᠭᠠᠬᠤ ᠳᠠᠭᠠᠨ ᠡᠩ ᠤᠨ ᠪᠠᠶᠢᠳᠠᠯ ᠳᠤ ᠲᠤᠰᠬᠠᠢ ᠶᠠᠷᠢᠯᠴᠠᠬᠤ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠠᠵᠢᠯᠲᠠᠨ ᠤ ᠶᠠᠪᠤᠳᠠᠯ ᠤᠨ ᠲᠠᠩᠰᠠ ᠡᠪᠬᠡᠮᠡᠯ ᠢ ᠬᠢᠨᠠᠨ ᠬᠠᠷᠭᠤᠭᠤᠯᠬᠤ᠂ ᠨᠡᠶᠢᠭᠡᠮ ᠤᠨ ᠢᠲᠡᠭᠡᠮᠵᠢ ᠶᠢᠨ ᠲᠡᠮᠳᠡᠭᠯᠡᠯ ᠢ ᠪᠠᠶᠢᠴᠠᠭᠠᠨ ᠯᠠᠪᠯᠠᠬᠤ᠂ ᠰᠢᠯᠭᠠᠨ ᠪᠠᠶᠢᠴᠠᠭᠠᠭᠳᠠᠭᠰᠠᠳ ᠲᠠᠢ ᠨᠢᠭᠤᠷᠲᠠᠨ ᠶᠠᠷᠢᠯᠴᠠᠬᠤ ᠵᠡᠷᠭᠡ ᠠᠷᠭ᠎ᠠ ᠬᠡᠯᠪᠡᠷᠢ ᠪᠠᠷ ᠶᠠᠪᠤᠭᠳᠠᠭᠤᠯᠵᠤ ᠂ ᠬᠡᠷᠡᠭᠴᠡᠭᠡ ᠪᠠᠨ ᠦᠨᠳᠦᠰᠦᠯᠡᠨ ᠦᠷᠭᠦᠯᠵᠢᠯᠡᠨ ᠰᠢᠨᠵᠢᠯᠡᠨ ᠪᠠᠶᠢᠴᠠᠭᠠᠵᠤ ᠪᠣᠯᠬᠤ ᠵᠡᠷᠭᠡ ᠠᠷᠭ᠎ᠠ ᠬᠡᠯᠪᠡᠷᠢ ᠪᠠᠷ ᠪᠠᠶᠢᠳᠠᠯ ᠢ ᠥᠷᠭᠡᠨ ᠭᠦᠨᠵᠡᠭᠡᠢ ᠣᠶᠢᠯᠠᠭᠠᠬᠤ ᠶᠢᠨ ᠬᠠᠮᠲᠤ ᠪᠣᠳᠠᠲᠠᠢ ᠰᠢᠨᠵᠢᠯᠡᠨ ᠪᠠᠶᠢᠴᠠᠭᠠᠭᠰᠠᠨ ᠦᠷ᠎ᠡ ᠳ᠋ᠦᠩ ᠢ ᠪᠣᠶ ᠪᠣᠯᠭᠠᠵᠤ᠂ ᠨᠠᠢᠮᠠᠨ ᠬᠤᠰᠢᠭᠤᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ᠎ᠡ᠃ ᠡᠯᠰᠡᠭᠳᠡᠭᠰᠡᠳ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠲᠡᠭᠦᠨ ᠤ ᠡᠯᠰᠡᠨ ᠬᠡᠷᠡᠭᠯᠡᠬᠦ ᠬᠢᠷᠢ ᠬᠡᠮ ᠢ ᠬᠦᠴᠦᠨ ᠦᠭᠡᠢ ᠪᠣᠯᠭᠠᠨ᠎ᠠ᠃       2. ᠪᠠᠭᠰᠢ ᠶᠢ ᠡᠯᠰᠡᠨ ᠬᠡᠷᠡᠭᠯᠡᠬᠦ ᠵᠥᠪᠰᠢᠶᠡᠷᠡᠬᠦ ᠦᠵᠡᠯ ᠰᠠᠨᠠᠭ᠎ᠠ ᠤᠯᠤᠰ ᠲᠥᠷᠥ ᠶᠢᠨ ᠬᠡᠪ ᠪᠣᠯᠪᠠᠰᠤᠷᠠᠯ ᠪᠠ ᠪᠠᠭᠰᠢ ᠶᠢᠨ ᠶᠣᠰᠣ ᠮᠣᠷᠠᠯ ᠤᠨ ᠰᠢᠯᠭᠠᠨ ᠪᠠᠶᠢᠴᠠᠭᠠᠯᠲᠠ ᠶᠢ ᠴᠢᠩᠳᠠᠯᠠᠵᠤ᠂ ᠬᠥᠮᠥᠨ ᠬᠡᠷᠡᠭᠯᠡᠬᠦ ᠨᠢᠭᠡᠴᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠷᠬᠡᠪᠰᠢ ᠡᠯᠰᠡᠭᠳᠡᠭᠰᠡᠳ ᠤᠨ ᠠᠵᠢᠯ ᠳᠤ ᠣᠷᠣᠬᠤ  ᠠᠴᠠ ᠡᠮᠦᠨᠡᠬᠢ ᠶᠠᠯ᠎ᠠ ᠳᠤ ᠬᠤᠯᠪᠣᠭᠳᠠᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠬᠡᠷᠡᠭᠲᠡᠢ᠃       ︵ᠨᠠᠢᠮᠠ︶ ᠢᠯᠡ ᠨᠡᠶᠢᠲᠡᠯᠡᠬᠦ       ᠪᠡᠶ᠎ᠡ ᠶᠢᠨ ᠪᠠᠶᠢᠴᠠᠭᠠᠯᠲᠠ᠂ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠡᠯᠰᠡᠨ ᠬᠡᠷᠡᠭᠯᠡᠬᠦ ᠪᠠᠷ ᠪᠠᠶᠢᠭ᠎ᠠ ᠬᠥᠮᠥᠰ ᠢ ᠲᠣᠭᠲᠠᠭᠠᠵᠤ᠂ ᠬᠤᠰᠢᠭᠤᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠵᠢᠯ ᠤᠨ ᠤᠳᠤᠷᠢᠳᠬᠤ ᠳᠤᠭᠤᠶᠢᠯᠠᠩ ᠳᠤ ᠳᠡᠪᠰᠢᠭᠦᠯᠦᠨ ᠬᠢᠨᠠᠨ ᠵᠥᠪᠯᠡᠭᠦᠯᠵᠦ᠂ ᠬᠢᠨᠠᠨ ᠵᠥᠪᠯᠡᠭᠰᠡᠨ ᠦᠷ᠎ᠡ ᠳ᠋ᠦᠩ ᠢ ᠨᠠᠢᠮᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠤ ᠰᠦᠯᠵᠢᠶᠡᠨ ᠳᠡᠭᠡᠷ᠎ᠡ ᠨᠡᠶᠢᠲᠡᠯᠡᠵᠦ᠂ 5 ᠠᠵᠢᠯᠯᠠᠬᠤ ᠡᠳᠦᠷ ᠠᠴᠠ ᠳᠤᠲᠠᠭᠤ ᠦᠭᠡᠢ ᠪᠠᠶᠢᠯᠭᠠᠨ᠎ᠠ᠃ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠦᠭᠴᠢ ᠡᠷᠬᠡᠪᠰᠢ ᠦᠨᠡᠨ ᠣᠪᠣᠭ ᠨᠡᠷ᠎ᠡ ᠪᠠᠷ ᠢᠶᠠᠨ ᠠᠰᠠᠭᠤᠳᠠᠯ ᠢ ᠦᠨᠡᠨ ᠢ ᠪᠠᠷᠢᠮᠲᠠᠯᠠᠨ ᠲᠤᠰᠬᠠᠬᠤ ᠶᠢᠨ ᠬᠠᠮᠲᠤ ᠴᠢᠬᠤᠯᠠ ᠪᠦᠬᠦᠢ ᠪᠠᠶᠢᠴᠠᠭᠠᠯᠲᠠ ᠶᠢᠨ ᠰᠦᠪᠡᠭᠴᠢ ᠶᠢ ᠬᠠᠩᠭᠠᠬᠤ ᠬᠡᠷᠡᠭᠲᠡᠢ᠃ ᠵᠠᠷᠯᠠᠨ ᠨᠡᠶᠢᠲᠡᠯᠡᠬᠦ ᠬᠤᠭᠤᠴᠠᠭᠠᠨ ᠳᠤ ᠡᠯᠰᠡᠨ ᠬᠡᠷᠡᠭᠯᠡᠬᠦ ᠶᠢ ᠨᠥᠯᠥᠭᠡᠯᠡᠬᠦ ᠠᠰᠠᠭᠤᠳᠠᠯ ᠢ ᠲᠤᠰᠬᠠᠭᠰᠠᠨ ᠮᠥᠷᠲᠡᠭᠡᠨ ᠪᠣᠳᠠᠲᠤ ᠪᠠᠷᠢᠮᠲᠠ ᠲᠠᠢ ᠡᠯᠰᠡᠨ ᠬᠡᠷᠡᠭᠯᠡᠬᠦ ᠪᠠᠷ ᠪᠠᠶᠢᠭ᠎ᠠ ᠬᠥᠮᠥᠰ ᠢ ᠬᠡᠷᠡᠭᠯᠡᠬᠦ ᠦᠭᠡᠢ︔ ᠲᠤᠰᠬᠠᠭᠰᠠᠨ ᠠᠰᠠᠭᠤᠳᠠᠯ ᠢ ᠲᠦᠷ ᠴᠠᠭ ᠪᠠᠶᠢᠴᠠᠭᠠᠨ ᠲᠣᠳᠣᠯᠠᠬᠤ ᠳᠤ ᠪᠡᠷᠬᠡᠲᠡᠢ ᠪᠠᠶᠢᠪᠠᠯ᠂ ᠠᠰᠠᠭᠤᠳᠠᠯ ᠢ ᠪᠠᠶᠢᠴᠠᠭᠠᠨ ᠲᠣᠳᠣᠯᠠᠭᠰᠠᠨ ᠤ ᠳᠠᠷᠠᠭ᠎ᠠ ᠳᠠᠭᠢᠵᠤ ᠡᠯᠰᠡᠨ ᠬᠡᠷᠡᠭᠯᠡᠬᠦ ᠡᠰᠡᠬᠦ ᠪᠠᠨ ᠲᠣᠭᠲᠠᠭᠠᠨ᠎ᠠ᠃       ︵ᠶᠢᠰᠦ︶ ᠡᠯᠰᠡᠨ ᠬᠡᠷᠡᠭᠯᠡᠬᠦ ᠭᠠᠷᠳᠠᠮ ᠭᠦᠢᠴᠡᠳᠬᠡᠬᠦ       1.ᠳᠠᠩᠰᠠᠯᠠᠬᠤ᠃ ᠵᠠᠷᠯᠠᠨ ᠨᠡᠶᠢᠲᠡᠯᠡᠬᠦ ᠬᠤᠭᠤᠴᠠᠭ᠎ᠠ ᠳᠠᠭᠤᠰᠲᠠᠯ᠎ᠠ ᠣᠨᠳᠣᠣ ᠰᠠᠨᠠᠯ ᠦᠭᠡᠢ ᠪᠣᠯ᠂ ᠣᠷᠣᠭᠤᠯᠤᠨ ᠠᠪᠴᠢᠷᠠᠬᠤ ᠨᠢᠭᠡᠴᠢ ᠠᠴᠠ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠡᠯᠰᠡᠨ ᠬᠡᠷᠡᠭᠯᠡᠬᠦ ᠭᠠᠷᠳᠠᠮ ᠢ ᠭᠦᠢᠴᠡᠳᠬᠡᠵᠦ᠂ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃       2. ᠲᠤᠷᠰᠢᠨ ᠬᠡᠷᠡᠭᠯᠡᠬᠦ ᠬᠤᠭᠤᠴᠠᠭ᠎ᠠ᠃ ᠬᠥᠮᠥᠨ ᠬᠡᠷᠡᠭᠯᠡᠬᠦ ᠨᠢᠭᠡᠴᠢ ᠨᠢ ᠡᠯᠰᠡᠨ ᠬᠡᠷᠡᠭᠯᠡᠬᠦ ᠬᠥᠮᠥᠰ ᠯᠦᠭᠡ  ᠡᠯᠰᠡᠨ ᠬᠡᠷᠡᠭᠯᠡᠬᠦ ᠭᠡᠷ᠎ᠡ ᠲᠣᠭᠲᠠᠬᠤ ᠶᠢᠨ ᠬᠠᠮᠲᠤ ᠲᠣᠭᠲᠠᠭᠠᠯ ᠶᠣᠰᠣᠭᠠᠷ ᠲᠤᠷᠰᠢᠨ ᠬᠡᠷᠡᠭᠯᠡᠬᠦ ᠬᠤᠭᠤᠴᠠᠭ᠎ᠠ ᠶᠢᠨ ᠳᠦᠷᠢᠮ ᠢ ᠬᠡᠷᠡᠭᠵᠢᠭᠦᠯᠬᠦ ᠬᠡᠷᠡᠭᠲᠡᠢ᠃       3.ᠦᠢᠯᠡᠴᠢᠯᠡᠭᠡᠨ ᠤ ᠬᠤᠭᠤᠴᠠᠭ᠎ᠠ᠃ ᠦᠢᠯᠡᠴᠢᠯᠡᠭᠡᠨ ᠤ ᠨᠠᠭᠠᠲᠤ ᠵᠠᠬ᠎ᠠ ᠶᠢᠨ ᠬᠤᠭᠤᠴᠠᠭ᠎ᠠ ᠬᠢᠵᠠᠭᠠᠷ ᠨᠢ 5 ᠵᠢᠯ ︵ᠲᠤᠷᠰᠢᠨ ᠬᠡᠷᠡᠭᠯᠡᠬᠦ ᠬᠤᠭᠤᠴᠠᠭ᠎ᠠ 1 ᠵᠢᠯ ᠪᠠᠭᠲᠠᠨ᠎ᠠ︶᠂ ᠴᠢᠳᠠᠪᠤᠷᠢᠲᠠᠨ ᠣᠷᠣᠭᠤᠯᠤᠨ ᠠᠪᠴᠢᠷᠠᠬᠤ  ᠨᠢᠭᠡᠴᠢ ᠨᠢ ᠡᠯᠰᠡᠨ ᠬᠡᠷᠡᠭᠯᠡᠬᠦ ᠭᠡᠷ᠎ᠡ ᠳᠡᠭᠡᠨ ᠵᠢᠯ ᠤᠨ ᠦᠢᠯᠡᠴᠢᠯᠡᠭᠡᠨ ᠤ ᠬᠤᠭᠤᠴᠠᠭ᠎ᠠ ᠶᠢ ᠪᠣᠯᠵᠣᠨ ᠲᠣᠭᠲᠠᠬᠤ ᠶᠢᠨ ᠬᠠᠮᠲᠤ ᠭᠡᠷ᠎ᠡ ᠵᠥᠷᠢᠴᠡᠭᠰᠡᠨ ᠬᠠᠷᠢᠭᠤᠴᠠᠯᠭ᠎ᠠ ᠪᠠ ᠬᠠᠮᠢᠶ᠎ᠠ ᠪᠦᠬᠦᠢ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃       4.ᠬᠢᠷᠢ ᠬᠡᠮ ᠢ ᠨᠢ ᠬᠠᠰᠤᠭᠰᠠᠨ ᠪᠠᠶᠢᠳᠠᠯ᠃ ᠡᠯᠰᠡᠨ ᠬᠡᠷᠡᠭᠯᠡᠬᠦ ᠪᠠᠷ ᠪᠠᠶᠢᠭ᠎ᠠ ᠬᠥᠮᠥᠰ ᠡᠯᠰᠡᠨ ᠬᠡᠷᠡᠭᠯᠡᠬᠦ ᠭᠠᠷᠳᠠᠮ ᠭᠦᠢᠴᠡᠳᠬᠡᠭᠰᠡᠨ ᠤ ᠳᠠᠷᠠᠭ᠎ᠠ ᠡᠯᠰᠡᠨ ᠬᠡᠷᠡᠭᠯᠡᠬᠦ ᠬᠢᠷᠢ ᠬᠡᠮ ᠢᠶᠠᠨ ᠬᠠᠶᠠᠭᠰᠠᠨ ᠪᠤᠶᠤ ᠡᠯᠰᠡᠨ ᠬᠡᠷᠡᠭᠯᠡᠬᠦ ᠬᠢᠷᠢ ᠬᠡᠮ ᠢᠶᠠᠨ ᠬᠠᠰᠤᠭᠤᠯᠤᠭᠰᠠᠨ ᠪᠠᠶᠢᠪᠠᠯ᠂ ᠲᠣᠰ ᠬᠥᠮᠥᠨ ᠤ ᠢᠲᠡᠭᠡᠮᠵᠢ ᠶᠢᠨ ᠲᠠᠩᠰᠠ ᠡᠪᠬᠡᠮᠡᠯ ᠳᠤ ᠲᠡᠮᠳᠡᠭᠯᠡᠨ ᠣᠷᠣᠭᠤᠯᠤᠨ᠎ᠠ᠃ ᠡᠯᠰᠡᠨ ᠬᠡᠷᠡᠭᠯᠡᠬᠦ ᠪᠠᠷ ᠪᠠᠶᠢᠭ᠎ᠠ ᠬᠥᠮᠥᠰ ᠲᠣᠭᠲᠠᠭᠰᠠᠨ ᠴᠠᠭ ᠬᠤᠭᠤᠴᠠᠭᠠᠨ ᠳᠣᠲᠣᠷ᠎ᠠ ᠨᠡᠷ᠎ᠡ ᠮᠡᠳᠡᠭᠦᠯᠦᠭᠰᠡᠨ ᠦᠭᠡᠢ ᠪᠠᠶᠢᠪᠠᠯ᠂ ᠡᠯᠰᠡᠨ ᠬᠡᠷᠡᠭᠯᠡᠬᠦ ᠬᠢᠷᠢ ᠬᠡᠮ ᠢᠶᠠᠨ ᠠᠶᠠᠨᠳᠠᠭᠠᠨ ᠬᠠᠶᠠᠭᠰᠠᠨ ᠢᠶᠠᠷ ᠦᠵᠡᠵᠦ᠂ ᠡᠯᠰᠡᠨ ᠬᠡᠷᠡᠭᠯᠡᠬᠦ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ᠃ ᠲᠤᠷᠰᠢᠨ ᠬᠡᠷᠡᠭᠯᠡᠬᠦ ᠬᠤᠭᠤᠴᠠᠭᠠᠨ ᠳᠤ ᠪᠤᠶᠤ ᠬᠤᠭᠤᠴᠠᠭ᠎ᠠ ᠨᠢ ᠳᠦᠭᠦᠷᠦᠭᠰᠡᠨ ᠪᠠᠶᠢᠲᠠᠯ᠎ᠠ ᠬᠢᠷᠢ ᠲᠡᠩᠴᠡᠭᠰᠡᠨ ᠦᠭᠡᠢ ᠪᠠᠶᠢᠪᠠᠯ᠂  ᠡᠯᠰᠡᠨ ᠬᠡᠷᠡᠭᠯᠡᠬᠦ ᠬᠢᠷᠢ ᠬᠡᠮ ᠢ  ᠨᠢ ᠬᠠᠰᠤᠨ᠎ᠠ᠃       ᠳᠥᠷᠪᠡ᠂ ᠤᠷᠤᠭᠤᠯᠤᠨ ᠠᠪᠴᠢᠷᠠᠬᠤ ᠶᠢᠨ ᠣᠯᠭᠤᠮᠵᠢ       ︵ᠨᠢᠭᠡ︶ ᠵᠢᠩᠬᠢᠨᠢ ᠠᠩᠭᠢ ᠪᠤᠶᠤ ᠠᠰᠫᠢᠷᠠᠨᠲ ᠤᠨ ᠱᠠᠲᠤ ᠦᠶ᠎ᠡ ᠳᠤ ︽ᠬᠤᠣᠰ ᠲᠡᠷᠢᠭᠦᠨ ᠲᠠᠰ︾ ᠤᠨ ᠪᠦᠲᠦᠭᠡᠨ ᠪᠠᠶᠢᠭᠤᠯᠤᠯᠲᠠ ᠶᠢᠨ ᠳᠡᠭᠡᠳᠦ ᠰᠤᠷᠭᠠᠭᠤᠯᠢ ᠪᠣᠯᠬᠤ ᠪᠦᠬᠦᠯᠢ ᠡᠳᠦᠷ ᠤᠨ ᠳᠦᠷᠢᠮᠲᠦ ᠠᠰᠫᠢᠷᠠᠨᠲ ᠤᠨ ᠰᠤᠳᠤᠯᠬᠤ ᠰᠣᠷᠣᠭᠴᠢ ᠳᠤ᠂ ᠬᠥᠮᠥᠨ ᠬᠡᠷᠡᠭᠯᠡᠬᠦ ᠨᠢᠭᠡᠴᠢ ᠯᠦᠭᠡ 5 ᠵᠢᠯ ᠤᠨ ᠦᠢᠯᠡᠴᠢᠯᠡᠭᠡᠨ ᠤ ᠬᠤᠭᠤᠴᠠᠭ᠎ᠠ ᠪᠣᠯᠵᠣᠨ ᠲᠣᠭᠲᠠᠭᠰᠠᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ ᠲᠥᠪᠬᠢᠨᠡᠭᠦᠯᠬᠦ ᠵᠠᠷᠤᠳᠠᠯ ︵ᠭᠠᠶᠢᠯᠢ ᠲᠤᠰᠢᠶᠠᠭᠰᠠᠨ ᠤ ᠳᠠᠷᠠᠭ᠎ᠠ︶ 15 ᠲᠦᠮᠡᠨ ᠲᠥᠭᠦᠷᠢᠭ ᠣᠯᠭᠤᠨ᠎ᠠ᠃       ︵ᠬᠤᠶᠠᠷ︶ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢᠨ ᠦᠨᠡᠮᠯᠡᠯ ᠢᠶᠠᠷ ᠪᠦᠷᠢᠨ ᠲᠡᠭᠦᠯᠳᠡᠷ ᠠᠰᠫᠢᠷᠠᠨᠲ ︵ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠭᠰᠠᠨ ᠪᠦᠬᠦᠯᠢ ᠡᠳᠦᠷ ᠤᠨ ᠳᠦᠷᠢᠮᠲᠦ ᠠᠰᠫᠢᠷᠠᠨᠲ ᠪᠣᠯ ᠡᠷᠬᠡᠪᠰᠢ ᠤᠯᠤᠰ ᠤᠨ ᠰᠤᠷᠭᠠᠨ ᠬᠥᠮᠦᠵᠢᠯ ᠤᠨ ᠶᠠᠮᠤᠨ ᠤ ᠭᠡᠷᠡᠴᠢᠯᠡᠭᠰᠡᠨ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢᠨ ᠭᠡᠷᠡᠴᠢ ᠪᠠᠶᠢᠬᠤ ᠬᠡᠷᠡᠭᠲᠡᠢ︶᠂ ᠬᠥᠮᠥᠨ ᠬᠡᠷᠡᠭᠯᠡᠬᠦ  ᠨᠢᠭᠡᠴᠢ ᠲᠠᠢ 5 ᠵᠢᠯ ᠤᠨ ᠦᠢᠯᠡᠴᠢᠯᠡᠭᠡᠨ ᠤ ᠬᠤᠭᠤᠴᠠᠭ᠎ᠠ ᠪᠣᠯᠵᠣᠨ ᠲᠣᠭᠲᠠᠭᠰᠠᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ ᠲᠥᠪᠬᠢᠨᠡᠭᠦᠯᠬᠦ ᠵᠠᠷᠤᠳᠠᠯ ︵ᠭᠠᠶᠢᠯᠢ ᠲᠤᠰᠢᠶᠠᠭᠰᠠᠨ ᠤ ᠳᠠᠷᠠᠭ᠎ᠠ︶ 5 ᠲᠦᠮᠡᠨ ᠲᠥᠭᠦᠷᠢᠭ ᠣᠯᠭᠤᠨ᠎ᠠ᠃       ᠲᠠᠪᠤ᠂ ᠰᠠᠬᠢᠯᠭ᠎ᠠ ᠪᠠᠲᠤ ᠪᠠ ᠬᠢᠨᠠᠯᠲᠠ ᠲᠠᠯᠪᠢᠬᠤ       ︵ᠨᠢᠭᠡ︶ ᠲᠣᠰ ᠤᠳᠠᠭᠠᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠠᠪᠤᠴᠠ ᠳᠤ ᠠᠵᠢᠯᠲᠠᠨ ᠪᠠ  ᠡᠯᠰᠡᠭᠳᠡᠭᠰᠡᠳ ᠳᠤ ᠬᠡᠷᠪᠡ ᠰᠠᠬᠢᠯᠭ᠎ᠠ ᠪᠠᠲᠤ ᠳᠦᠷᠢᠮ ᠲᠣᠭᠲᠠᠭᠠᠯ ᠢ ᠵᠥᠷᠢᠴᠡᠭᠰᠡᠨ ᠦᠶᠯᠡ ᠠᠵᠢᠯᠯᠠᠭ᠎ᠠ ᠡᠭᠦᠰᠪᠡᠯ᠂ ︽ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠵᠤ ᠬᠡᠷᠡᠭᠯᠡᠭᠰᠡᠨ ᠰᠠᠬᠢᠯᠭ᠎ᠠ ᠪᠠᠲᠤ ᠳᠦᠷᠢᠮ ᠲᠣᠭᠲᠠᠭᠠᠯ ᠢ ᠵᠥᠷᠢᠴᠡᠭᠰᠡᠨ ᠦᠶᠯᠡ ᠠᠵᠢᠯᠯᠠᠭ᠎ᠠ ᠶᠢ ᠰᠢᠢᠳᠪᠦᠷᠢᠯᠡᠬᠦ ᠲᠣᠭᠲᠠᠭᠠᠯ︾ ︵ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠵᠠᠷᠯᠢᠭ 35 ᠳ᠋ᠤᠭᠠᠷ ᠲᠣᠭᠠᠲᠤ ᠵᠠᠷᠯᠢᠭ︶ ᠶᠣᠰᠣᠭᠠᠷ ᠰᠢᠢᠳᠪᠦᠷᠢᠯᠡᠨ᠎ᠡ᠃       ︵ᠬᠤᠶᠠᠷ︶ ︽ᠬᠡᠨ ᠬᠢᠨᠠᠨ ᠪᠠᠶᠢᠴᠠᠭᠠᠪᠠᠯ ᠲᠡᠷᠡ ᠬᠠᠷᠢᠭᠤᠴᠠᠬᠤ︾ ᠵᠠᠷᠴᠢᠮ ᠤᠨ ᠶᠣᠰᠣᠭᠠᠷ᠂ ᠡᠯ᠎ᠡ ᠬᠢᠷᠢ ᠬᠡᠮ ᠢ ᠬᠢᠨᠠᠨ ᠪᠠᠶᠢᠴᠠᠭᠠᠬᠤ ᠨᠢᠭᠡᠴᠢ ᠨᠢ ᠡᠯᠰᠡᠭᠳᠡᠭᠰᠡᠳ ᠤᠨ ᠬᠢᠷᠢ ᠬᠡᠮ ᠢ ᠬᠢᠨᠠᠨ ᠪᠠᠶᠢᠴᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠬᠠᠷᠢᠭᠤᠴᠠᠬᠤ ᠬᠡᠷᠡᠭᠲᠡᠢ᠃ ᠠᠰᠲᠠᠭᠠᠨ ᠪᠤᠰᠤᠳ ᠨᠡᠮᠡᠯᠲᠡ ᠨᠥᠬᠦᠴᠡᠯ ᠭᠠᠷᠭᠠᠵᠤ ᠪᠣᠯᠬᠤ ᠦᠭᠡᠢ᠂ ᠨᠥᠬᠦᠴᠡᠯ ᠢ ᠳᠤᠷ᠎ᠠ ᠪᠠᠷ ᠢᠶᠠᠨ ᠠᠭᠤᠵᠢᠭᠤ ᠲᠠᠯᠪᠢᠵᠤ ᠴᠤ ᠪᠣᠯᠬᠤ ᠦᠭᠡᠢ᠃ ᠬᠢᠷᠢ ᠬᠡᠮ ᠤᠨ ᠬᠢᠨᠠᠨ ᠪᠠᠶᠢᠴᠠᠭᠠᠯᠲᠠ ᠶᠢ ᠴᠢᠩᠭ᠎ᠠ ᠬᠢᠭᠰᠡᠨ ᠦᠭᠡᠢ ᠠᠴᠠ ᠪᠣᠯᠵᠤ ᠭᠠᠷᠤᠭᠰᠠᠨ ᠠᠰᠠᠭᠤᠳᠠᠯ ᠢ ᠣᠯᠵᠤ ᠮᠡᠳᠡᠮᠡᠭᠴᠡ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃       ︵ᠭᠤᠷᠪᠠ︶  ᠡᠯᠰᠡᠭᠳᠡᠭᠰᠡᠳ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠰᠢᠯᠭᠠᠯᠲᠠ ᠶᠢᠨ ᠬᠤᠪᠢ ᠬᠥᠮᠥᠨ ᠤ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠭᠤᠯᠬᠤ ᠬᠡᠷᠡᠭᠲᠡᠢ᠃ ᠡᠯᠰᠡᠭᠳᠡᠭᠰᠡᠳ ᠤᠨ ᠬᠢᠷᠢ ᠬᠡᠮ ᠤᠨ ᠬᠢᠨᠠᠨ ᠪᠠᠶᠢᠴᠠᠭᠠᠯᠲᠠ ᠵᠢᠴᠢ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠶᠢ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠥᠬᠦ ᠶᠠᠪᠤᠴᠠ ᠳᠤ ᠲᠤᠭᠤᠰᠢᠯᠠᠭᠤᠯᠤᠨ᠎ᠠ᠃ ᠡᠯᠰᠡᠨ ᠬᠡᠷᠡᠭᠯᠡᠬᠦ ᠶᠠᠮᠠᠷᠪᠠ ᠱᠠᠲᠤ ᠦᠶ᠎ᠡ ᠵᠢᠴᠢ ᠲᠤᠷᠰᠢᠨ ᠬᠡᠷᠡᠭᠯᠡᠬᠦ ᠬᠤᠭᠤᠴᠠᠭᠠᠨ ᠳᠤ ᠡᠯᠰᠡᠭᠳᠡᠨ ᠬᠡᠷᠡᠭᠯᠡᠭᠰᠡᠨ ᠬᠦᠮᠦᠰ ᠨᠢ ᠡᠯᠰᠡᠨ ᠬᠡᠷᠡᠭᠯᠡᠬᠦ ᠨᠥᠬᠦᠴᠡᠯ ᠲᠠᠢ ᠪᠠᠨ ᠨᠡᠶᠢᠴᠡᠬᠦ ᠦᠭᠡᠢ ᠪᠤᠶᠤ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠪᠠᠶᠢᠬᠤ ᠶᠢ ᠣᠯᠵᠤ ᠮᠡᠳᠡᠪᠡᠯ᠂ ᠬᠡᠪ ᠤᠨ  ᠡᠯᠰᠡᠨ ᠬᠡᠷᠡᠭᠯᠡᠬᠦ ᠡᠮᠬᠢ ᠵᠢᠷᠤᠮ ᠢ ᠰᠠᠮᠠᠭᠤᠷᠠᠭᠤᠯᠤᠭᠰᠠᠨ ᠪᠠᠶᠢᠪᠠᠯ᠂ ᠡᠯᠰᠡᠨ ᠬᠡᠷᠡᠭᠯᠡᠬᠦ ᠬᠢᠷᠢ ᠬᠡᠮ ᠢ ᠨᠢ ᠴᠥᠮ ᠬᠦᠴᠦᠨ ᠦᠭᠡᠢ ᠪᠣᠯᠭᠠᠬᠤ ᠶᠢᠨ ᠬᠠᠮᠲᠤ᠂ ᠬᠤᠪᠢ ᠬᠥᠮᠥᠨ ᠤ ᠢᠲᠡᠭᠡᠮᠵᠢ ᠶᠢᠨ ᠲᠠᠩᠰᠠ ᠡᠪᠬᠡᠮᠡᠯ ᠳᠤ ᠲᠡᠮᠳᠡᠭᠯᠡᠨ ᠣᠷᠣᠭᠤᠯᠬᠤ ᠬᠡᠷᠡᠭᠲᠡᠢ᠃       ᠵᠢᠷᠭᠤᠭ᠎ᠠ᠂ ᠪᠤᠰᠤᠳ ᠵᠦᠢᠯ       ︵ᠨᠢᠭᠡ︶ ᠲᠣᠰ ᠤᠳᠠᠭᠠᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠰᠢᠯᠭᠠᠯᠲᠠ ᠳᠤ ᠰᠢᠯᠭᠠᠯᠲᠠ ᠶᠢᠨ ᠬᠠᠪᠰᠤᠷᠤᠨ ᠵᠢᠯᠤᠭᠤᠳᠬᠤ ᠳᠤ ᠬᠡᠷᠡᠭᠯᠡᠬᠦ ᠪᠢᠴᠢᠭ᠂ ᠰᠢᠯᠭᠠᠯᠲᠠ ᠶᠢᠨ ᠬᠦᠷᠢᠶ᠎ᠡ ᠬᠡᠪᠴᠢᠶ᠎ᠡ ᠶᠢ ᠵᠢᠭᠠᠨ ᠲᠣᠭᠲᠠᠭᠠᠬᠤ ᠦᠭᠡᠢ᠂ ᠶᠠᠮᠠᠷᠪᠠ ᠪᠠᠶᠢᠭᠤᠯᠤᠮᠵᠢ ᠳᠤ ᠨᠠᠶᠢᠳᠠᠵᠤ ᠰᠢᠯᠭᠠᠯᠲᠠ ᠶᠢᠨ ᠬᠠᠪᠰᠤᠷᠤᠨ ᠵᠢᠯᠤᠭᠤᠳᠬᠤ ᠠᠩᠭᠢ ᠡᠷᠭᠢᠯᠡᠬᠦ ᠦᠭᠡᠢ᠃       ︵ᠬᠤᠶᠠᠷ︶ ᠲᠣᠰ ᠤᠳᠠᠭᠠᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠰᠢᠯᠭᠠᠯᠲᠠ ᠶᠢᠨ ᠠᠵᠢᠯ ᠤᠨ ᠳᠤᠮᠳᠠ᠂ ᠬᠢᠷᠢ ᠬᠡᠮ ᠢ ᠬᠢᠨᠠᠨ ᠪᠠᠶᠢᠴᠠᠭᠠᠬᠤ᠂ ᠪᠡᠶ᠎ᠡ ᠶᠢᠨ ᠪᠠᠶᠢᠴᠠᠭᠠᠯᠲᠠ ᠬᠢᠬᠦ᠂ ᠰᠢᠯᠭᠠᠨ ᠪᠠᠶᠢᠴᠠᠭᠠᠬᠤ᠂ ᠵᠠᠷᠯᠠᠨ ᠨᠡᠶᠢᠲᠡᠯᠡᠬᠦ ᠵᠡᠷᠭᠡ ᠲᠠᠯ᠎ᠠ ᠳᠤ ᠬᠤᠭᠤᠰᠤᠨ ᠣᠷᠣ ᠭᠠᠷᠪᠠᠯ᠂ ᠴᠥᠮ ᠶᠡᠷᠦᠩᠬᠡᠢ ᠬᠢᠷᠢ ᠪᠦᠲᠦᠮᠵᠢ ᠶᠢᠨ ᠥᠨᠳᠥᠷ ᠬᠤᠪᠢ  ᠠᠴᠠ ᠳᠣᠣᠷ᠎ᠠ ᠬᠤᠪᠢ ᠬᠦᠷᠲᠡᠯᠡᠬᠢ ᠲᠠᠰ ᠳᠠᠷᠠᠭᠠᠯᠠᠯ ᠢᠶᠠᠷ ᠳᠠᠷᠠᠭᠠᠯᠠᠨ ᠨᠥᠬᠦᠪᠦᠷᠢᠯᠡᠨ᠎ᠡ᠃ ᠠᠳᠠᠯᠢ ᠨᠢᠭᠡᠨ ᠭᠤᠭᠴᠤᠭ᠎ᠠ ᠠᠳᠠᠯᠢ ᠨᠢᠭᠡᠨ ᠠᠵᠢᠯ ᠤᠨ ᠪᠠᠶᠢᠷᠢ ᠳᠤ ᠵᠥᠪᠬᠡᠨ ᠨᠢᠭᠡ ᠯᠡ ᠤᠳᠠᠭ᠎ᠠ ᠨᠥᠬᠦᠪᠦᠷᠢᠯᠡᠨ᠎ᠡ᠃ ᠵᠠᠷᠯᠠᠨ ᠨᠡᠶᠢᠲᠡᠯᠡᠭᠰᠡᠨ ᠤ ᠳᠠᠷᠠᠭ᠎ᠠ ᠣᠨᠳᠣᠣ ᠰᠠᠨᠠᠯ ᠦᠭᠡᠢ ᠪᠠᠶᠢᠪᠠᠯ᠂ ᠬᠤᠶᠢᠨᠠᠬᠢ ᠭᠤᠭᠴᠤᠭ᠎ᠠ ᠶᠢ ᠳᠠᠭᠢᠵᠤ ᠨᠥᠬᠦᠪᠦᠷᠢᠯᠡᠬᠦ ᠦᠭᠡᠢ᠃

.xls

 ᠨᠠᠢᠮᠠᠨ ᠬᠤᠰᠢᠭᠤᠨ ᠤ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯ ᠤᠨ ᠤᠳᠤᠷᠢᠳᠬᠤ ᠳᠤᠭᠤᠶᠢᠯᠠᠩ ᠤᠨ

ᠠᠯᠪᠠᠨ ᠭᠡᠷ

                              2023 ᠤᠨ 11 ᠰᠠᠷ᠎ᠠ ᠶᠢᠨ 7 ᠤ ᠡᠳᠦᠷ

 

 
ᠢᠷᠡᠯᠲᠡ᠄ ᠨᠠᠢᠮᠠᠨ ᠬᠤᠰᠢᠭᠤᠨ ᠤ ᠴᠢᠳᠠᠪᠤᠷᠢᠲᠠᠨ ᠣᠷᠣᠭᠤᠯᠤᠨ ᠠᠪᠴᠢᠷᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号