ᠣᠶᠢᠷ᠎ᠠ ᠶᠢᠨ ᠵᠢᠯ ᠳᠤ᠂ ᠮᠢᠩ ᠿᠧᠨ ᠰᠤᠮᠤ ︽ᠠᠮᠤ ᠪᠤᠳᠠᠭᠠᠨ ᠤ ᠬᠠᠩᠭᠠᠯᠭ᠎ᠠ ᠶᠢ ᠪᠠᠲᠤᠯᠠᠵᠤ | ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ᠂ ᠤᠰᠤ | ᠪᠣᠷᠲᠣᠭᠤᠷ ᠢ ᠨᠢᠭᠡ ᠴᠤᠭᠴᠠᠵᠢᠭᠤᠯᠤᠨ ᠬᠡᠷᠡᠭᠯᠡᠬᠦ᠂ ᠮᠧᠬᠠᠨᠢᠭᠵᠢᠭᠤᠯᠤᠨ ᠬᠤᠷᠢᠶᠠᠬᠤ ᠵᠡᠷᠭᠡ ᠠᠷᠭ᠎ᠠ ᠪᠣᠳᠣᠯᠭ᠎ᠠ ᠪᠠᠷ | ᠳᠠᠮᠵᠢᠨ᠂ ᠲᠠᠷᠢᠶᠠᠯᠠᠩ ᠤᠨ ᠦᠢᠯᠡᠳᠪᠦᠷᠢᠯᠡᠯ ᠳᠤ ᠪᠠᠲᠤ ᠪᠠᠬᠢ ᠰᠠᠭᠤᠷᠢ ᠲᠠᠯᠪᠢᠵᠤ᠂ ᠠᠮᠤ ᠪᠤᠳᠠᠭ᠎ᠠ ᠳᠠᠷᠢᠬᠤ᠂ | ᠣᠷᠣᠯᠭ᠎ᠠ ᠶᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠣᠶᠢᠯᠠᠭᠠᠭᠰᠠᠨ ᠢᠶᠠᠷ᠂ 2023 ᠣᠨ ᠳᠤ | ᠮᠢᠩ ᠿᠧᠨ ᠰᠤᠮᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ 0.9 ᠲᠦᠮᠡᠨ ᠮᠥ ᠰᠢᠨ᠎ᠡ ᠪᠠᠷ | ᠪᠠᠶᠢᠭᠤᠯᠵᠤ᠂ 4.5 ᠲᠦᠮᠡᠨ ᠮᠥ ᠶᠢᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠵᠦ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ ᠨᠡᠶᠢᠲᠡ 10 ᠲᠦᠮᠡᠨ ᠮᠥ ᠪᠠᠶᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠦᠨᠳᠦᠰᠦᠨ ᠳᠡᠭᠡᠨ ︽ᠲᠠᠷᠢᠶᠠᠨ ᠭᠠᠵᠠᠷ ᠢ ᠳᠥᠷᠪᠡᠯᠵᠢᠨ ᠪᠣᠯᠭᠠᠬᠤ᠂ ᠰᠤᠪᠠᠭ ᠢ ᠬᠠᠷᠢᠯᠴᠠᠨ ᠨᠡᠪᠲᠡᠷᠡᠭᠦᠯᠬᠦ᠂ ᠵᠠᠮ ᠢ | ᠬᠠᠷᠢᠯᠴᠠᠨ ᠬᠤᠯᠪᠣᠬᠤ᠂ ᠭᠠᠩ ᠬᠠᠭᠤᠷᠠᠶ ᠶᠢ ᠤᠰᠤᠯᠠᠬᠤ᠂ ᠦᠶᠡᠷ ᠤᠰᠤ ᠶᠢ ᠵᠠᠯᠠᠬᠤ︾ ᠶᠢ ᠪᠡᠶᠡᠯᠡᠭᠦᠯᠵᠦ᠂ | ᠲᠠᠷᠢᠶᠠᠨ ᠭᠠᠵᠠᠷ ᠤᠨ ᠶᠠᠰᠤ ᠴᠢᠨᠠᠷ ᠳᠡᠰ ᠨᠢ ᠳᠤᠮᠳᠠᠴᠢ ᠪᠠᠷ 0.5 ᠳᠡᠰ ᠳᠡᠭᠡᠭᠰᠢᠯᠡᠵᠦ᠂ ᠮᠥ ᠪᠦᠷᠢ ᠶᠢᠨ ᠠᠮᠤ | ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠨᠢ 100 ᠵᠢᠩ ᠠᠴᠠ ᠳᠡᠭᠡᠭᠰᠢ ᠨᠡᠮᠡᠭᠳᠡᠪᠡ᠃ | | | |