ᠨᠠᠢᠮᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠷᠢ ᠲᠡᠩᠴᠡᠭᠦ ᠥᠬᠡᠶ ᠢᠳᠡᠭᠡᠨ ᠢ ᠬᠢᠨᠠᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠤᠨ ᠲᠤᠬᠠᠶ ᠵᠠᠷᠯᠠᠯ ︵ᠨᠠᠢᠮᠠᠨ ᠬᠤᠰᠢᠭᠤᠨ ᠤ ᠳᠠᠴᠢᠨᠲᠠᠯ᠎ᠠ ᠪᠠᠯᠭᠠᠰᠤᠨ ᠤ ᠮᠢ ᠶᠤᠸᠠᠢ ᠲᠠᠯᠬ᠎ᠠ ᠬᠠᠭᠰᠠᠭᠠᠬᠤ ᠦᠢᠯᠡᠳᠭᠡᠯ︶
ᠨᠡᠶᠢᠲᠡᠯᠡᠭᠰᠡᠨ ᠴᠠᠭ᠄
2023/11/14
      ᠤᠯᠤᠰ ᠤᠨ ᠢᠳᠡᠭᠡᠨ ᠤ ᠠᠮᠤᠷ ᠲᠦᠪᠰᠢᠨ ᠤ ᠰᠤᠭᠤᠴᠢᠨ ᠪᠠᠶᠢᠴᠠᠭᠠᠬᠤ ᠰᠢᠰᠲ᠋ᠧᠮ ᠤᠨ ᠰᠦᠯᠵᠢᠶ᠎ᠡ ᠶᠢᠨ ᠢᠯᠡᠷᠡᠭᠦᠯᠦᠭᠰᠡᠨ ᠢᠶᠠᠷ᠂ ᠡᠳᠦᠭᠡ ᠬᠢᠷᠢ ᠲᠡᠩᠴᠡᠭᠦ ᠥᠬᠡᠶ ᠬᠡᠰᠡᠭ ᠢᠳᠡᠭᠡᠨ ᠢ ᠬᠠᠷᠭᠤᠭᠤᠯᠤᠨ ᠪᠠᠶᠢᠴᠠᠭᠠᠵᠤ  ᠰᠢᠢᠳᠪᠦᠷᠢᠯᠡᠭᠰᠡᠨ ᠪᠠᠶᠢᠳᠠᠯ ᠢ ᠳᠤᠤᠷᠠᠬᠢ ᠮᠡᠲᠦ ᠮᠡᠳᠡᠭᠳᠡᠶ᠎ᠡ᠄       ᠨᠢᠭᠡ᠂ ᠨᠠᠢᠮᠠᠨ ᠬᠤᠰᠢᠭᠤᠨ ᠤ ᠳᠠᠴᠢᠨᠲᠠᠯ᠎ᠠ ᠪᠠᠯᠭᠠᠰᠤᠨ ᠤ ᠮᠢ ᠶᠤᠸᠠᠢ ᠲᠠᠯᠬ᠎ᠠ ᠬᠠᠭᠰᠠᠭᠠᠬᠤ  ᠦᠢᠯᠡᠳᠭᠡᠯ       ︵ᠨᠢᠭᠡ︶ ᠰᠤᠭᠤᠴᠢᠨ ᠪᠠᠶᠢᠴᠠᠭᠠᠭᠰᠠᠨ ᠦᠨᠳᠦᠰᠦᠨ ᠪᠠᠶᠢᠳᠠᠯ       1. ᠦᠯᠢᠭᠡᠷ ᠡᠳ᠋ ᠤᠨ ᠨᠡᠷᠡᠶᠢᠳᠦᠯ᠄ ᠤᠰᠤ ᠦᠭᠡᠶ ᠪᠣᠭᠤᠷᠰᠤᠭ︔ ᠦᠢᠯᠡᠳᠪᠦᠷᠢᠯᠡᠭᠰᠡᠨ ᠡᠳᠦᠷ ᠬᠤᠭᠤᠴᠠᠭ᠎ᠠ᠄ 2023 ᠣᠨ ᠤ 7 ᠰᠠᠷ᠎ᠠ ᠶᠢᠨ 26 ᠤ ᠡᠳᠦᠷ︔ ᠳᠦᠷᠢᠮ ᠲᠤᠭᠲᠠᠭᠠᠭᠰᠠᠨ ᠬᠡᠮᠵᠢᠶ᠎ᠡ᠄ ᠵᠢᠩᠯᠡᠬᠦ︔ ᠦᠯᠢᠭᠡᠷ ᠠᠪᠤᠭᠰᠠᠨ ᠰᠠᠭᠤᠷᠢ ᠲᠤᠭ᠎ᠠ᠄ 6 ᠤᠭᠤᠲᠠ︔ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠵᠦᠢᠯᠡᠰ᠄ ᠤᠰᠤᠲᠥ᠋ᠷᠥᠭᠴᠢ ᠦᠭᠡᠶᠢᠳᠡᠭᠦᠯᠦᠭᠰᠡᠨ ᠡᠲ᠋ᠠ ᠬᠦᠴᠢᠯ ᠵᠢᠴᠢ ᠨᠠᠲᠷᠢ ᠶᠢᠨ ᠳᠠᠪᠤᠰᠤ ︵ᠤᠰᠤᠲᠥ᠋ᠷᠥᠭᠴᠢ ᠦᠭᠡᠶᠢᠳᠡᠭᠦᠯᠦᠭᠰᠡᠨ ᠡᠲ᠋ᠠ ᠬᠦᠴᠢᠯ ᠤᠨ ᠬᠡᠮᠵᠢᠭᠦᠷ︶︔ ᠰᠢᠯᠭᠠᠨ ᠪᠠᠶᠢᠴᠠᠭᠠᠭᠰᠠᠨ ᠪᠠᠶᠢᠭᠤᠯᠤᠮᠵᠢ᠄ ᠫᠦᠨᠢ ᠰᠢᠯᠭᠠᠯᠲᠠ ᠶᠢᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠃       2. ᠦᠯᠢᠭᠡᠷ ᠡᠳ᠋ ᠤᠨ ᠨᠡᠷᠡᠶᠢᠳᠦᠯ᠄ ᠰᠢᠬᠢᠷ ᠦᠭᠡᠶ ᠤᠰᠤ ᠦᠭᠡᠶ ᠪᠣᠭᠤᠷᠰᠤᠭ︔ ᠦᠢᠯᠡᠳᠪᠦᠷᠢᠯᠡᠭᠰᠡᠨ ᠡᠳᠦᠷ ᠬᠤᠭᠤᠴᠠᠭ᠎ᠠ᠄ 2023 ᠣᠨ ᠤ 7 ᠰᠠᠷ᠎ᠠ ᠶᠢᠨ 26 ᠤ ᠡᠳᠦᠷ︔ ᠳᠦᠷᠢᠮ ᠲᠤᠭᠲᠠᠭᠠᠭᠰᠠᠨ ᠬᠡᠮᠵᠢᠶ᠎ᠡ᠄ ᠵᠢᠩᠯᠡᠬᠦ︔ ᠦᠯᠢᠭᠡᠷ ᠠᠪᠤᠭᠰᠠᠨ ᠰᠠᠭᠤᠷᠢ ᠲᠤᠭ᠎ᠠ᠄ 6 ᠬᠠᠶᠢᠷᠴᠠᠭ︔ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠵᠦᠢᠯᠡᠰ᠄ ᠤᠰᠤᠲᠥ᠋ᠷᠥᠭᠴᠢ ᠦᠭᠡᠶᠢᠳᠡᠭᠦᠯᠦᠭᠰᠡᠨ ᠡᠲ᠋ᠠ ᠬᠦᠴᠢᠯ ᠵᠢᠴᠢ ᠨᠠᠲᠷᠢ ᠶᠢᠨ ᠳᠠᠪᠤᠰᠤ ︵ᠤᠰᠤᠲᠥ᠋ᠷᠥᠭᠴᠢ ᠦᠭᠡᠶᠢᠳᠡᠭᠦᠯᠦᠭᠰᠡᠨ ᠡᠲ᠋ᠠ ᠬᠦᠴᠢᠯ ᠤᠨ ᠬᠡᠮᠵᠢᠭᠦᠷ︶︔ ᠰᠢᠯᠭᠠᠨ ᠪᠠᠶᠢᠴᠠᠭᠠᠭᠰᠠᠨ ᠪᠠᠶᠢᠭᠤᠯᠤᠮᠵᠢ ᠄ ᠫᠦᠨᠢ ᠰᠢᠯᠭᠠᠯᠲᠠ ᠶᠢᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠃        ︵ᠬᠤᠶᠠᠷ︶ ᠬᠢᠷᠢ ᠲᠡᠩᠴᠡᠬᠦ ᠦᠭᠡᠶ ᠢᠳᠡᠭᠡᠨ ᠢ ᠰᠢᠢᠳᠪᠦᠷᠢᠯᠡᠭᠰᠡᠨ ᠪᠠᠶᠢᠳᠠᠯ      ᠨᠠᠢᠮᠠᠨ ᠬᠤᠰᠢᠭᠤᠨ ᠤ ᠳᠠᠴᠢᠨᠲᠠᠯ᠎ᠠ ᠪᠠᠯᠭᠠᠰᠤᠨ ᠤ ᠮᠢ ᠶᠤᠸᠠᠢ ᠲᠠᠯᠬ᠎ᠠ ᠬᠠᠭᠰᠠᠭᠠᠬᠤ ᠦᠢᠯᠡᠳᠭᠡᠯ ᠳᠤ ᠢᠳᠡᠭᠡᠨ ᠤ ᠨᠡᠮᠡᠯᠲᠡ ᠡᠳ᠋ ᠬᠡᠲᠦᠷᠡᠲᠡᠯ᠎ᠡ ᠬᠡᠷᠡᠭᠯᠡᠭᠰᠡᠨ ︽ᠰᠢᠬᠢᠷ ᠥᠬᠡᠶ ᠤᠰᠤ ᠥᠬᠡᠶ ᠪᠣᠭᠤᠷᠰᠤᠭ︾᠂ ︽ᠤᠰᠤ ᠥᠬᠡᠶ ᠪᠣᠭᠤᠷᠰᠤᠭ︾ ᠪᠤᠷᠤᠯᠠᠭᠤᠯᠬᠤ ᠦᠢᠯᠡ ᠠᠵᠢᠯᠯᠠᠭ᠎ᠠ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠭᠤᠴᠢᠨ ᠳᠥᠷᠪᠡᠳᠦᠭᠡᠷ ᠵᠦᠢᠯ ᠤᠨ ︵ᠳᠦᠷᠪᠡᠳᠦᠭᠡᠷ ︶  ᠵᠤᠷᠪᠤᠰ ᠤᠨ ᠲᠣᠭᠲᠠᠭᠠᠯ ᠢ ᠵᠥᠷᠢᠴᠡᠵᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠶᠢᠨ ᠵᠠᠭᠤ ᠬᠤᠷᠢᠨ ᠳᠥᠷᠪᠡᠳᠦᠭᠡᠷ ᠵᠦᠢᠯ ᠤᠨ ᠨᠢᠭᠡᠳᠦᠭᠡᠷ ᠪᠠᠳᠠᠭ ᠤᠨ ︵  ᠭᠤᠷᠪᠠᠳᠤᠭᠠᠷ︶ ᠵᠤᠷᠪᠤᠰ ᠪᠣᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠬᠠᠤᠯᠢ︾ ᠶᠢᠨ ᠭᠤᠴᠢᠨ ᠳᠥᠷᠪᠡᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠨ ᠰᠢᠢᠳᠭᠡᠯ ᠥᠭᠪᠡ᠃       ︵ᠭᠤᠷᠪᠠ︶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠢᠴᠢ ᠳᠠᠬᠢᠨ ᠪᠠᠶᠢᠴᠠᠭᠠᠭᠰᠠᠨ ᠪᠠᠶᠢᠳᠠᠯ      ᠨᠢᠭᠡ᠂ ᠨᠠᠢᠮᠠᠨ ᠬᠤᠰᠢᠭᠤᠨ ᠤ ᠳᠠᠴᠢᠨᠲᠠᠯ᠎ᠠ ᠪᠠᠯᠭᠠᠰᠤᠨ ᠤ ᠮᠢ ᠶᠤᠸᠠᠢ ᠲᠠᠯᠬ᠎ᠠ ᠬᠠᠭᠰᠠᠭᠠᠬᠤ  ᠦᠢᠯᠡᠳᠭᠡᠯ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠡᠭᠴᠡᠯᠡᠨ ᠰᠠᠶᠢᠵᠢᠷᠠᠭᠤᠯᠬᠤ ᠮᠡᠳᠡᠭᠦᠯᠦᠯᠲᠡ ᠲᠤᠰᠢᠶᠠᠵᠤ᠂ ᠲᠤᠬᠠᠶ ᠶᠢᠨ ᠬᠥᠮᠦᠨ ᠪᠦᠲᠦᠭᠡᠭᠳᠡᠬᠦᠨ ᠳᠡᠭᠡᠨ ᠤᠰᠤᠲᠥ᠋ᠷᠥᠭᠴᠢ ᠥᠬᠡᠶᠢᠳᠡᠭᠦᠯᠦᠭᠰᠡᠨ ᠡᠲ᠋ᠠ ᠬᠦᠴᠢᠯ ᠵᠢᠴᠢ ᠨᠠᠲᠷᠢ ᠶᠢᠨ ᠳᠠᠪᠤᠰᠤ ᠶᠢ ᠬᠡᠷᠡᠭᠯᠡᠬᠦ ᠪᠠᠨ ᠵᠣᠭᠰᠣᠬᠤ ᠪᠤᠯᠵᠠᠢ᠃            ᠡᠭᠦᠨ ᠤ ᠲᠤᠯᠠ ᠣᠨᠴᠠᠭᠠᠶᠢᠯᠠᠨ ᠮᠡᠳᠡᠭᠳᠡᠪᠡ        ᠨᠠᠢᠮᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ               2023 ᠣᠨ ᠤ 11  ᠰᠠᠷ᠎ᠠ ᠶᠢᠨ 13 ᠤ ᠡᠳᠦᠷ 
 
ᠢᠷᠡᠯᠲᠡ᠄ ᠨᠠᠢᠮᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号