ᠤᠯᠤᠰ ᠤᠨ ᠢᠳᠡᠭᠡᠨ ᠤ ᠠᠮᠤᠷ ᠲᠦᠪᠰᠢᠨ ᠤ ᠰᠤᠭᠤᠴᠢᠨ ᠪᠠᠶᠢᠴᠠᠭᠠᠬᠤ ᠰᠢᠰᠲ᠋ᠧᠮ ᠤᠨ ᠰᠦᠯᠵᠢᠶ᠎ᠡ ᠶᠢᠨ | ᠢᠯᠡᠷᠡᠭᠦᠯᠦᠭᠰᠡᠨ ᠢᠶᠠᠷ᠂ ᠡᠳᠦᠭᠡ ᠬᠢᠷᠢ ᠲᠡᠩᠴᠡᠭᠦ ᠥᠬᠡᠶ ᠬᠡᠰᠡᠭ ᠢᠳᠡᠭᠡᠨ ᠢ ᠬᠠᠷᠭᠤᠭᠤᠯᠤᠨ ᠪᠠᠶᠢᠴᠠᠭᠠᠵᠤ | ᠰᠢᠢᠳᠪᠦᠷᠢᠯᠡᠭᠰᠡᠨ ᠪᠠᠶᠢᠳᠠᠯ ᠢ ᠳᠤᠤᠷᠠᠬᠢ ᠮᠡᠲᠦ ᠮᠡᠳᠡᠭᠳᠡᠶ᠎ᠡ᠄ | ᠨᠢᠭᠡ᠂ ᠨᠠᠢᠮᠠᠨ ᠬᠤᠰᠢᠭᠤᠨ ᠤ ᠳᠠᠴᠢᠨᠲᠠᠯ᠎ᠠ ᠪᠠᠯᠭᠠᠰᠤᠨ ᠤ ᠢᠦᠢ ᠬᠤᠩ ᠤᠰᠤᠨ ᠪᠦᠲᠦᠭᠡᠭᠳᠡᠭᠦᠨ ᠤ | ᠳᠡᠯᠭᠡᠭᠦᠷ | ︵ᠨᠢᠭᠡ︶ ᠰᠤᠭᠤᠴᠢᠨ ᠪᠠᠶᠢᠴᠠᠭᠠᠭᠰᠠᠨ ᠦᠨᠳᠦᠰᠦᠨ ᠪᠠᠶᠢᠳᠠᠯ | ᠦᠯᠢᠭᠡᠷ ᠤᠨ ᠨᠡᠷᠡᠶᠢᠳᠦᠯ᠄ ᠲᠣᠮᠣ ᠮᠣᠭᠠᠶ ᠵᠢᠷᠠᠰᠤ︔ ᠬᠤᠳᠠᠯᠳᠤᠨ ᠤᠷᠤᠭᠤᠯᠤᠭᠰᠠᠨ ᠡᠳᠦᠷ ᠬᠤᠭᠤᠴᠠᠭ᠎ᠠ᠄ | 2023 ᠣᠨ ᠤ 7 ᠰᠠᠷ᠎ᠠ ᠶᠢᠨ 27 ᠤ ᠡᠳᠦᠷ︔ ᠳᠦᠷᠢᠮ ᠲᠤᠭᠲᠠᠭᠠᠭᠰᠠᠨ ᠬᠡᠮᠵᠢᠶ᠎ᠡ᠄ ᠵᠢᠩᠯᠡᠬᠦ︔ ᠦᠯᠢᠭᠡᠷ | ᠠᠪᠤᠭᠰᠠᠨ ᠰᠠᠭᠤᠷᠢ ᠲᠤᠭ᠎ᠠ᠄ 7.5kg︔ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠥᠬᠡᠶ ᠲᠥᠷᠥᠯ ᠵᠦᠢᠯ᠄ | ᠧᠨ ᠨᠦᠤᠤ ᠱᠠ ᠰᠢᠩ︔ ᠰᠢᠯᠭᠠᠨ ᠪᠠᠶᠢᠴᠠᠭᠠᠭᠰᠠᠨ ᠪᠠᠶᠢᠭᠤᠯᠤᠮᠵᠢ᠄ ᠫᠦᠨᠢ ᠰᠢᠯᠭᠠᠯᠲᠠ ᠶᠢᠨ ᠪᠦᠯᠦᠭᠯᠡᠯ ᠤᠨ | ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠃ | ︵ᠬᠤᠶᠠᠷ︶ ᠬᠢᠷᠢ ᠲᠡᠩᠴᠡᠬᠦ ᠦᠭᠡᠶ ᠢᠳᠡᠭᠡᠨ ᠢ ᠰᠢᠢᠳᠪᠦᠷᠢᠯᠡᠭᠰᠡᠨ ᠪᠠᠶᠢᠳᠠᠯ | ᠨᠠᠢᠮᠠᠨ ᠬᠤᠰᠢᠭᠤᠨ ᠤ ᠳᠠᠴᠢᠨᠲᠠᠯ᠎ᠠ ᠪᠠᠯᠭᠠᠰᠤ ᠶᠢᠨ ᠢᠦᠢ ᠬᠤᠩ ᠤᠰᠤᠨ ᠪᠦᠲᠦᠭᠡᠭᠳᠡᠭᠦᠨ ᠤ ᠳᠡᠯᠭᠡᠭᠦᠷ ᠤᠨ | ᠮᠠᠯ ᠤᠨ ᠡᠮ ᠤᠨ ᠦᠯᠡᠳᠡᠭᠳᠡᠯ ᠨᠢ ᠢᠳᠡᠭᠡᠨ ᠤ ᠠᠮᠤᠷ ᠲᠦᠪᠰᠢᠨ ᠤ ᠤᠯᠤᠰ ᠤᠨ ᠪᠠᠷᠢᠮᠵᠢᠶ᠎ᠠ ᠬᠢᠵᠠᠭᠠᠷ ᠠᠴᠠ | ᠬᠡᠲᠦᠷᠡᠭᠰᠡᠨ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ︵ᠲᠣᠮᠣ ᠮᠣᠭᠠᠶ ᠵᠢᠷᠠᠰᠤ︶ ᠢ ᠪᠣᠷᠣᠯᠠᠭᠤᠯᠬᠤ ᠦᠢᠯᠡ | ᠠᠵᠢᠯᠯᠠᠭ᠎ᠠ ᠨᠢ ︽ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ | ᠶᠠᠰᠤ ᠴᠢᠨᠠᠷ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢᠨ ᠬᠤᠷᠢᠨ ᠲᠠᠪᠤᠳᠤᠭᠠᠷ ᠵᠦᠢᠯ ᠤᠨ | ᠬᠤᠶᠠᠳᠤᠭᠠᠷ ᠵᠤᠷᠪᠤᠰ ᠤᠨ ᠲᠣᠭᠲᠠᠭᠠᠯ ᠢ ᠵᠦᠷᠢᠴᠡᠵᠦ᠂ ︽ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ | ᠳᠡᠯᠭᠡᠭᠦᠷ ᠤᠨ ᠪᠣᠷᠣᠯᠠᠭᠤᠯᠤᠯᠲᠠ ᠶᠢᠨ ᠶᠠᠰᠤ ᠴᠢᠨᠠᠷ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ | ᠶᠢᠨ ᠲᠠᠪᠢᠳᠤᠭᠠᠷ ᠵᠦᠢᠯ ᠤᠨ ᠬᠤᠶᠠᠳᠤᠭᠠᠷ ᠪᠠᠳᠠᠭ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠢᠳᠡᠭᠡᠨ ᠤ ᠠᠶᠤᠯᠭᠦᠢ ᠶᠢᠨ ᠬᠠᠤᠯᠢ︾ ᠶᠢᠨ ᠵᠠᠭᠤ ᠬᠤᠷᠢᠨ ᠳᠥᠷᠪᠡᠳᠦᠭᠡᠷ ᠵᠦᠢᠯ ᠤᠨ ᠨᠢᠭᠡᠳᠦᠭᠡᠷ ᠪᠠᠳᠠᠭ ᠵᠢᠴᠢ ︽ | ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠪᠣᠷᠣᠯᠠᠭᠤᠯᠤᠯᠲᠠ ᠶᠢᠨ ᠶᠠᠰᠤ ᠴᠢᠨᠠᠷ ᠤᠨ | ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢᠨ ᠳᠠᠪᠢᠨ ᠳᠥᠷᠪᠡᠳᠦᠭᠡᠷ ᠵᠦᠢᠯ ᠤᠨ ᠲᠣᠭᠲᠠᠭᠠᠯ ᠢ | ᠦᠨᠳᠦᠰᠦᠯᠡᠨ ᠲᠤᠬᠠᠶ ᠶᠢᠨ ᠬᠥᠮᠦᠨ ᠳᠤ ᠵᠠᠰᠠᠭ ᠵᠠᠬᠢᠷᠭᠠᠨ ᠤ ᠰᠢᠢᠳᠭᠡᠯ ᠦᠭᠪᠡ᠃ | ︵ᠭᠤᠷᠪᠠ︶ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠢᠴᠢ ᠳᠠᠬᠢᠨ ᠪᠠᠶᠢᠴᠠᠭᠠᠭᠰᠠᠨ ᠪᠠᠶᠢᠳᠠᠯ | ᠨᠠᠢᠮᠠᠨ ᠬᠤᠰᠢᠭᠤᠨ ᠤ ᠳᠠᠴᠢᠨᠲᠠᠯ᠎ᠠ ᠪᠠᠯᠭᠠᠰᠤᠨ ᠤ ᠢᠦᠶ ᠬᠤᠩ ᠤᠰᠤᠨ ᠪᠦᠲᠦᠭᠡᠭᠳᠡᠭᠦᠨ ᠤ ᠳᠡᠯᠭᠡᠭᠦᠷ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠡᠭᠴᠡᠯᠡᠨ ᠰᠠᠶᠢᠵᠢᠷᠠᠭᠤᠯᠬᠤ | ᠮᠡᠳᠡᠭᠦᠯᠦᠯᠲᠡ ᠲᠤᠰᠢᠶᠠᠵᠤ᠂ ᠲᠡᠭᠦᠨ ᠤ ᠡᠵᠡᠩᠨᠡᠯᠲᠡ ᠶᠢᠨ ᠭᠤᠭᠴᠤᠭ᠎ᠠ ᠳᠤ ᠵᠢᠭᠰᠠᠭᠠᠨ ᠪᠠᠶᠢᠴᠠᠭᠠᠭᠰᠠᠨ ᠦᠭᠡᠢ | ᠠᠴᠠ ᠪᠦᠲᠦᠭᠡᠭᠳᠡᠭᠦᠨ ᠬᠢᠷᠢ ᠲᠡᠩᠴᠡᠬᠦ ᠦᠭᠡᠢ ᠪᠤᠯᠪᠠ᠂ ᠡᠭᠦᠨ ᠠᠴᠠ ᠬᠤᠶᠢᠰᠢ ᠲᠣᠭᠲᠠᠭᠠᠯ ᠶᠣᠰᠣᠭᠠᠷ ᠪᠠᠷᠠᠭ᠎ᠠ | ᠣᠷᠣᠭᠤᠯᠬᠤ ᠳᠤ ᠬᠢᠨᠠᠨ ᠪᠠᠶᠢᠴᠠᠭᠠᠬᠤ ᠡᠭᠦᠷᠭᠡ ᠶᠢ ᠭᠦᠢᠴᠡᠳᠭᠡᠪᠡ᠃ | ᠡᠭᠦᠨ ᠤ ᠲᠤᠯᠠ ᠣᠨᠴᠠᠭᠠᠶᠢᠯᠠᠨ ᠮᠡᠳᠡᠭᠳᠡᠪᠡ | ᠨᠠᠢᠮᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | 2023 ᠣᠨ ᠤ 11 ᠰᠠᠷ᠎ᠠ ᠶᠢᠨ 13 ᠤ ᠡᠳᠦᠷ |