ᠨᠠᠢᠮᠠᠨ ᠬᠤᠰᠢᠭᠤᠨ ᠤ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭ᠎ᠠ ᠬᠢᠭᠡᠳ ᠮᠥᠩᠭᠦᠨ  ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ 2023 ᠣᠨ ᠤ ᠨᠠᠢᠠᠮᠨ ᠬᠤᠰᠢᠭᠤᠨ ᠤ ᠬᠡᠷᠡᠭᠯᠡᠭᠡ ᠪᠠᠷ ᠬᠠᠪᠰᠤᠷᠤᠨ ᠲᠡᠳᠬᠦᠬᠦ ᠪᠠᠷᠠᠭᠠᠨ ᠤ  ᠭᠦᠢᠯᠭᠡᠭᠡᠨ ᠤ ᠨᠥᠬᠦᠪᠥᠷᠢ ᠶᠢᠨ ᠮᠠᠲ᠋ᠧᠷᠢᠶᠠᠯ ᠢ ᠮᠡᠳᠡᠭᠦᠯᠦᠨ ᠬᠦᠷᠭᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/11/2
ᠪᠦᠬᠦ ᠬᠤᠰᠢᠭᠤᠨ ᠤ ᠡᠯ᠎ᠡ ᠠᠵᠤ ᠠᠬᠤᠶᠢᠯᠠᠯ᠂ ᠬᠤᠷᠰᠢᠶᠠᠵᠢᠯ᠄       ︽2023 ᠣᠨ ᠤ ᠨᠠᠢᠮᠠᠨ ᠬᠤᠰᠢᠭᠤᠨ ᠤ ᠬᠡᠷᠡᠭᠯᠡᠭᠡ ᠪᠠᠷ ᠬᠠᠪᠰᠤᠷᠤᠨ ᠲᠡᠳᠬᠦᠬᠦ ᠪᠠᠷᠠᠭᠠᠨ ᠤ  ᠭᠦᠢᠯᠭᠡᠭᠡᠨ  ᠤ ᠨᠥᠬᠦᠪᠥᠷᠢ ᠶᠢᠨ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾ ᠢ ᠦᠨᠳᠦᠰᠦᠯᠡᠨ᠂ 2023 ᠣᠨ ᠤ 11 ᠰᠠᠷ᠎ᠠ ᠶᠢᠨ 5 ᠤ ᠡᠳᠦᠷ ᠠᠴᠠ ᠡᠮᠦᠨ᠎ᠡ ᠬᠡᠷᠡᠭᠯᠡᠭᠡ ᠪᠠᠷ ᠬᠠᠪᠰᠤᠷᠤᠨ ᠲᠡᠳᠬᠦᠬᠦ ᠪᠠᠷᠠᠭᠠᠨ ᠤ  ᠭᠦᠢᠯᠭᠡᠭᠡᠨ ᠤ ᠨᠥᠬᠦᠪᠥᠷᠢ ᠭᠤᠶᠤᠴᠢᠯᠠᠬᠤ ᠮᠠᠲ᠋ᠧᠷᠢᠶᠠᠯ ᠢ ᠮᠡᠳᠡᠭᠦᠯᠦᠨ ᠬᠦᠷᠭᠡᠭᠡᠷᠡᠢ᠂ ᠪᠣᠳᠠᠲᠠᠶ ᠱᠠᠭᠠᠷᠳᠠᠯᠭ᠎ᠠ ᠨᠢ ᠳᠤᠤᠷᠠᠬᠢ ᠮᠡᠲᠦ᠄      ᠨᠢᠭᠡ᠂ ᠨᠦᠬᠦᠪᠦᠷᠢ ᠶᠢᠨ ᠪᠠᠷᠢᠮᠵᠢᠶ᠎ᠠ᠄ ᠨᠥᠬᠦᠪᠥᠷᠢ ᠶᠢᠨ ᠪᠠᠷᠢᠮᠵᠢᠶ᠎ᠠ ᠨᠢ ᠠᠵᠤ ᠠᠬᠤᠶᠢᠯᠠᠯ ᠤᠨ ᠪᠠᠷᠠᠭ᠎ᠠ ᠶᠢᠨ  ᠭᠦᠢᠯᠭᠡᠭᠡᠨ ᠤ ᠥᠪᠡᠷ ᠤᠨ ᠥᠷᠲᠡᠭ ᠤᠨ 20% ᠪᠠᠶᠢᠵᠤ᠂ ᠭᠠᠭᠴᠠ ᠤᠳᠠᠭ᠎ᠠ ᠨᠢ 1 ᠲᠦᠮᠡᠨ ᠲᠥᠭᠦᠷᠢᠭ ᠠᠴᠠ ᠥᠨᠳᠥᠷ ᠪᠠᠶᠢᠵᠤ ᠪᠣᠯᠬᠤ ᠦᠭᠡᠶ᠂ ᠠᠵᠤ ᠠᠬᠤᠶᠢᠯᠠᠯ ᠤᠨ ᠪᠦᠬᠦ ᠵᠢᠯ ᠤᠨ ᠨᠥᠬᠦᠪᠥᠷᠢ ᠶᠢᠨ ᠳᠡᠭᠡᠷ᠎ᠡ ᠲᠠᠯ᠎ᠠ ᠶᠢᠨ ᠬᠢᠵᠠᠭᠠᠷ ᠨᠢ 10 ᠲᠦᠮᠡᠨ ᠲᠥᠭᠦᠷᠢᠭ ᠪᠣᠯᠤᠨ᠎ᠠ᠃      ᠬᠤᠶᠠᠷ᠂ ᠨᠥᠬᠦᠪᠥᠷᠢ ᠶᠢᠨ ᠬᠦᠷᠢᠶ᠎ᠡ ᠬᠡᠪᠴᠢᠶ᠎ᠡ᠄ ᠠᠵᠤ ᠠᠬᠤᠶᠢᠯᠠᠯ ᠤᠳ 2023 ᠣᠨ ᠤ 1  ᠰᠠᠷ᠎ᠠ ᠶᠢᠨ 1 ᠤ ᠡᠳᠦᠷ ᠠᠴᠠ 10 ᠰᠠᠷ᠎ᠠ ᠶᠢᠨ 30 ᠤ ᠡᠳᠦᠷ ᠪᠣᠯᠲᠠᠯ᠎ᠠ ᠪᠡᠭᠡᠵᠢᠩ ᠣᠷᠣᠨ ᠵᠢᠴᠢ 832 ᠲᠠᠪᠴᠠᠩ ᠤᠨ ᠪᠣᠷᠣᠯᠠᠭᠤᠯᠭ᠎ᠠ ᠶᠢᠨ ᠲᠤᠭ᠎ᠠ ᠪᠠᠷᠢᠮᠲᠠ᠂ ᠭᠡᠷᠡᠴᠢ ᠪᠠᠷᠢᠮᠲᠠ᠂ ᠰᠠᠷ᠎ᠠ ᠪᠦᠷᠢ ᠶᠢᠨ ᠪᠠᠷᠠᠭᠠᠨ ᠤ  ᠭᠦᠢᠯᠭᠡᠭᠡᠨ ᠤ ᠵᠠᠷᠤᠳᠠᠯ ᠤᠨ ᠭᠡᠷᠡᠴᠢ ᠪᠠᠷᠢᠮᠲᠠ ᠪᠠᠨ ᠬᠠᠩᠭᠠᠬᠤ ᠬᠡᠷᠡᠭᠲᠡᠶ᠃       ᠭᠤᠷᠪᠠ᠂ ᠠᠵᠤ ᠠᠬᠤᠶᠢᠯᠠᠯ ᠤᠨ ᠬᠠᠩᠭᠠᠬᠤ ᠠᠭᠤᠯᠭ᠎ᠠ᠄       1 . ᠨᠥᠬᠦᠪᠥᠷᠢ ᠣᠯᠤᠭᠰᠠᠨ ᠠᠵᠤ ᠠᠬᠤᠶᠢᠯᠠᠯ᠂ ᠬᠤᠷᠰᠢᠶ᠎ᠠ ︵ᠪᠤᠶᠤ ᠶᠠᠳᠠᠭᠤ ᠠᠴᠠ ᠠᠩᠭᠢᠵᠢᠷᠠᠭᠰᠠᠨ ᠡᠷᠦᠬᠡ︶ ᠨᠢ ᠪᠠᠲᠤᠯᠠᠭ᠎ᠠ ᠶᠢᠨ ᠪᠢᠴᠢᠭ ᠬᠠᠩᠭᠠᠬᠤ ᠴᠢᠬᠤᠯᠠᠲᠠᠶ︔       2 . ᠨᠥᠬᠦᠪᠥᠷᠢ ᠣᠯᠤᠭᠰᠠᠨ ᠠᠵᠤ ᠠᠬᠤᠶᠢᠯᠠᠯ᠂ ᠬᠤᠷᠰᠢᠶ᠎ᠠ ︵ᠪᠤᠶᠤ ᠶᠠᠳᠠᠭᠤ ᠠᠴᠠ ᠠᠩᠭᠢᠵᠢᠷᠠᠭᠰᠠᠨ ᠡᠷᠦᠬᠡ︶ ᠨᠢ ᠵᠣᠬᠢᠴᠠᠩᠭᠤᠶ ᠪᠣᠷᠣᠯᠠᠭᠤᠯᠭ᠎ᠠ ᠶᠢᠨ ᠭᠡᠷᠡᠴᠢ ᠪᠠᠷᠢᠮᠲᠠ ᠵᠢᠴᠢ ᠰᠠᠷ᠎ᠠ ᠪᠦᠷᠢ ᠶᠢᠨ ᠪᠠᠷᠠᠭᠠᠨ ᠤ  ᠭᠦᠢᠯᠭᠡᠭᠡᠨ ᠤ ᠵᠠᠷᠤᠳᠠᠯ ᠤᠨ ᠭᠡᠷᠡᠴᠢ ᠪᠠᠷᠢᠮᠲᠠ ᠬᠠᠩᠭᠠᠬᠤ ᠬᠡᠷᠡᠭᠲᠡᠶ︔       3 . ᠨᠥᠬᠦᠪᠥᠷᠢ ᠣᠯᠤᠭᠰᠠᠨ ᠠᠵᠤ ᠠᠬᠤᠶᠢᠯᠠᠯ᠂ ᠬᠤᠷᠰᠢᠶ᠎ᠠ ︵ᠪᠤᠶᠤ ᠶᠠᠳᠠᠭᠤ ᠠᠴᠠ ᠠᠩᠭᠢᠵᠢᠷᠠᠭᠰᠠᠨ ᠡᠷᠦᠬᠡ︶ ᠶᠢᠨ ᠶᠠᠳᠠᠭᠤ ᠬᠦᠴᠢᠷᠳᠡᠯᠲᠡᠶ ᠨᠡᠷᠡᠰ ᠢ ᠬᠠᠩᠭᠠᠬᠤ ᠴᠢᠬᠤᠯᠠᠲᠠᠶ︔       ᠳᠥᠷᠪᠡ᠂ ᠮᠡᠳᠡᠭᠦᠯᠦᠨ ᠬᠦᠷᠭᠡᠬᠦ ᠴᠠᠭ᠄       ᠡᠯ᠎ᠡ ᠠᠵᠤ ᠠᠬᠤᠶᠢᠯᠠᠯ᠂ ᠬᠤᠷᠰᠢᠶ᠎ᠠ ︵ᠪᠤᠶᠤ ᠶᠠᠳᠠᠭᠤ ᠠᠴᠠ ᠠᠩᠭᠢᠵᠢᠷᠠᠭᠰᠠᠨ ᠡᠷᠦᠬᠡ︶ 2023 ᠣᠨ ᠤ 11 ᠰᠠᠷ᠎ᠠ ᠶᠢᠨ 5 ᠤ ᠡᠳᠦᠷ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭ᠎ᠠ ᠬᠢᠭᠡᠳ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ᠶᠢᠨ 401 ᠲᠠᠰᠤᠭ ᠲᠤ ᠮᠡᠳᠡᠭᠦᠯᠦᠨ ᠬᠦᠷᠭᠡᠵᠦ᠂ ᠬᠤᠭᠤᠴᠠᠭ᠎ᠠ ᠬᠡᠲᠦᠷᠡᠪᠡᠯ ᠭᠥᠯᠢᠶᠡᠨ ᠠᠪᠴᠤ ᠰᠢᠢᠳᠪᠦᠷᠢᠯᠡᠬᠦ ᠥᠬᠡᠶ᠃       ᠲᠠᠪᠤ᠂ ᠬᠠᠷᠢᠯᠴᠠᠬᠤ ᠠᠷᠭ᠎ᠠ ᠮᠠᠶ᠋ᠢᠭ᠄        ᠬᠠᠷᠢᠯᠴᠠᠬᠤ ᠬᠥᠮᠦᠨ᠄ ᠯᠢᠦ ᠶᠦᠨ ᠹᠧᠩ       ᠬᠠᠷᠢᠯᠴᠠᠬᠤ ᠤᠲᠠᠰᠤ᠄ 0475 - 4211576      ᠬᠢᠨᠠᠯᠲᠠ ᠲᠠᠯᠪᠢᠬᠤ ᠤᠲᠠᠰᠤ᠄ 0475 - 4212040       12317        ᠬᠠᠶ᠋ᠢᠭ᠄  ᠨᠠᠢᠮᠠᠨ ᠬᠤᠰᠢᠭᠤᠨ ᠤ ᠴᠢᠩ ᠾᠧ ᠵᠠᠮ ᠤᠨ ᠬᠤᠶᠢᠲᠤ ᠬᠡᠰᠡᠭ ᠤᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭ᠎ᠠ ᠬᠢᠭᠡᠳ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ ︵ᠤᠤᠯ ᠤᠨ ᠲᠥᠯᠥᠪᠯᠡᠭᠡᠲᠦ ᠦᠷᠡᠵᠢᠯ ᠤᠨ ᠲᠣᠪᠴᠢᠶ᠎ᠠ︶ ᠶᠢᠨ 4 ᠳ᠋ᠤᠭᠡᠷ ᠳᠠᠪᠬᠤᠷᠭ᠎ᠠ       ᠢᠮᠧᠯ᠄ nmqswhlsj @ 163 . com                                                    ᠨᠠᠢᠮᠠᠨ ᠬᠤᠰᠢᠭᠤᠨ ᠤ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭ᠎ᠠ ᠪᠠ ᠮᠥᠩᠭᠦᠨ ᠭᠦᠢᠯᠭᠡᠭᠡᠨ ᠤ  ᠦᠢᠯᠡᠴᠢᠯᠡᠭᠡᠨ ᠤ ᠲᠣᠪᠴᠢᠶ᠎ᠠ                             2023 ᠣᠨ ᠤ 11 ᠰᠠᠷ᠎ᠠ ᠶᠢᠨ 1 ᠤ ᠡᠳᠦᠷ 
 
ᠢᠷᠡᠯᠲᠡ᠄ ᠨᠠᠢᠮᠠᠨ ᠬᠤᠰᠢᠭᠤᠨ ᠤ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭ᠎ᠠ ᠪᠠ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号