ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠯᠢᠦ ᠬᠤᠤ ᠲᠠᠷᠢᠶᠠᠯᠠᠩ ᠤᠨ ᠲᠠᠯᠠᠪᠠᠶ ᠶᠢᠨ | ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ᠂ | ᠬᠤᠯᠪᠣᠭᠳᠠᠯ ᠪᠥᠬᠦᠶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠄ | ᠬᠤᠰᠢᠭᠤᠨ ᠤ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠡᠳᠦᠭᠡ ︽ᠨᠠᠢᠮᠠᠨ ᠬᠤᠰᠢᠭᠤᠨ ᠤ 2023 | ᠣᠨ ᠤ ᠮᠠᠯᠴᠢᠨ ᠲᠠᠷᠢᠶᠠᠴᠢᠨ ᠤ ᠡᠪᠦᠯ ᠤᠨ ᠳᠤᠯᠠᠭᠠᠯᠠᠭ᠎ᠠ ᠶᠢᠨ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ | ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠨᠠᠷᠢᠨ | ᠬᠢᠨᠠᠮᠠᠭᠠᠶ ᠵᠣᠬᠢᠶᠠᠨ ᠪᠠᠶᠢᠭᠤᠯᠵᠤ ᠬᠡᠷᠡᠭᠵᠢᠭᠦᠯᠲᠦᠭᠡᠶ᠃ | 2023 ᠤᠨ ᠤ 9 ᠰᠠᠷ᠎ᠠ ᠶᠢᠨ 25 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠨᠠᠢᠮᠠᠨ ᠬᠤᠰᠢᠭᠤᠨ ᠤ 2023 ᠣᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ | ᠳᠤᠯᠠᠭᠠᠯᠠᠭ᠎ᠠ ᠶᠢᠨ ᠨᠡᠭᠦᠷᠡᠰᠦ ᠶᠢᠨ ᠪᠠᠲᠤᠯᠠᠭ᠎ᠠ ᠶᠢᠨ ᠠᠵᠢᠯ ᠤᠨ ᠬᠡᠷᠡᠭᠵᠢᠭᠦᠯᠬᠦ ᠲᠥᠰᠦᠯ | ᠪᠥᠬᠦ ᠬᠤᠰᠢᠭᠤᠨ ᠤ ᠥᠷᠭᠡᠨ ᠣᠯᠠᠨ ᠮᠠᠯᠴᠢᠨ ᠲᠠᠷᠢᠶᠠᠴᠢᠨ ᠤ ᠬᠠᠯᠠᠭᠤᠨ ᠳᠤᠯᠠᠭᠠᠨ ᠡᠪᠦᠯᠵᠢᠬᠦ ᠶᠢ | ᠪᠠᠲᠤᠯᠠᠬᠤ ᠶᠢᠨ ᠲᠦᠯᠦᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠡᠨᠡ ᠡᠪᠦᠯ ᠢᠷᠡᠬᠦ ᠬᠠᠪᠤᠷ ᠤᠨ ᠳᠤᠯᠠᠭᠠᠯᠠᠭ᠎ᠠ ᠬᠠᠩᠭᠠᠬᠤ ᠤᠯᠠᠷᠢᠯ ᠤᠨ | ᠠᠷᠠᠳ ᠤᠨ ᠠᠮᠢᠳᠤᠷᠠᠯ ᠤᠨ ᠳᠤᠯᠠᠭᠠᠯᠠᠯᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠲᠥᠰᠦᠯ ᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 53 ᠳ᠋ᠤᠭᠠᠷ | ᠲᠣᠭᠠᠲᠤ︶ ᠪᠣᠯᠤᠨ ︽ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ | ᠲᠦᠩᠯᠢᠶᠣᠤ ᠬᠤᠲᠠ ᠶᠢᠨ 2023 ᠣᠨ ᠤ ᠮᠠᠯᠴᠢᠨ ᠲᠠᠷᠢᠶᠠᠴᠢᠨ ᠤ ᠡᠪᠦᠯ ᠤᠨ ᠳᠤᠯᠠᠭᠠᠯᠠᠯᠭ᠎ᠠ ᠳᠤ ᠬᠡᠷᠡᠭᠯᠡᠬᠦ | ᠨᠡᠭᠦᠷᠡᠰᠦᠨ ᠤ ᠪᠠᠲᠤᠯᠠᠭ᠎ᠠ ᠶᠢᠨ ᠠᠵᠢᠯ ᠤᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ | ︵ᠲᠦᠩᠯᠢᠶᠤᠤ ᠵᠠᠰᠠᠭ ᠠᠯᠪᠠᠨ ᠲᠠᠷᠬᠠᠭᠠᠭᠰᠠᠨ ﹇2023﹈ 47 ᠳ᠋ᠤᠭᠠᠷ ᠲᠣᠭᠠᠲᠤ︶ ᠤᠨ ᠱᠠᠭᠠᠷᠳᠠᠯᠭ᠎ᠠ | ᠶᠣᠰᠣᠭᠠᠷ᠂ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ︽ᠠᠷᠠᠳ ᠲᠦᠮᠡᠨ ᠢᠶᠠᠷ ᠭᠤᠤᠯ ᠪᠣᠯᠭᠠᠬᠤ︾ ᠬᠥᠭᠵᠢᠯᠲᠡ ᠶᠢᠨ | ᠦᠵᠡᠯ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ᠂ ᠲᠦᠩᠯᠢᠶᠣᠤ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠣᠬᠢᠷᠠᠭᠤᠯᠤᠯᠲᠠ | ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠭᠤᠤᠯ ᠤᠳᠤᠷᠢᠳᠤᠯᠭ᠎ᠠ ᠶᠢᠨ ︽ᠣᠯᠠᠨ ᠲᠦᠮᠡᠨ ᠢ | ᠳᠠᠭᠠᠷᠠᠭᠤᠯᠬᠤ ᠥᠬᠡᠶ ᠪᠣᠯ ᠬᠠᠲᠠᠭᠤ ᠶᠣᠰᠣ ᠮᠥᠨ︾ ᠭᠡᠬᠦ ᠴᠣᠬᠤᠯᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ | ᠬᠡᠷᠡᠭᠯᠡᠬᠦ ᠨᠡᠭᠦᠷᠡᠰᠦ ᠶᠢ ᠬᠤᠳᠠᠯᠳᠤᠨ ᠠᠪᠬᠤ᠂ ᠲᠡᠭᠡᠭᠡᠪᠦᠷᠢᠯᠡᠬᠦ᠂ ᠬᠤᠪᠢᠶᠠᠨ ᠬᠤᠳᠠᠯᠳᠤᠬᠤ ᠵᠡᠷᠭᠡ ᠡᠯ᠎ᠡ | ᠭᠤᠭᠴᠤᠭ᠎ᠠ ᠶᠢᠨ ᠠᠵᠢᠯ ᠢ ᠬᠦᠴᠦᠯᠡᠨ ᠰᠠᠶᠢᠲᠤᠷ ᠬᠢᠵᠦ᠂ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠡᠯ᠎ᠡ ᠵᠦᠢᠯ | ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶ ᠨᠠᠶᠢᠳᠠᠪᠤᠷᠢᠵᠢᠭᠤᠯᠤᠨ᠂ ᠮᠠᠯᠴᠢᠨ ᠲᠠᠷᠢᠶᠠᠴᠢᠨ ᠤ ᠡᠪᠦᠯ ᠤᠨ | ᠤᠯᠠᠷᠢᠯ ᠤᠨ ᠳᠤᠯᠠᠭᠠᠯᠠᠭ᠎ᠠ ᠳᠤ ︽ᠰᠢᠲᠠᠭᠠᠬᠤ ᠨᠡᠭᠦᠷᠡᠰᠦ ᠲᠠᠢ᠂ ᠬᠤᠳᠠᠯᠳᠤᠨ ᠠᠪᠴᠤ ᠳᠡᠶᠢᠯᠬᠦ︾ ᠶᠢ ᠦᠨᠡᠨ ᠬᠦ | ᠪᠠᠲᠤᠯᠠᠵᠤ᠂ ᠮᠠᠯᠴᠢᠨ ᠲᠠᠷᠢᠶᠠᠴᠢᠨ ᠢ ᠳᠤᠯᠠᠭᠠᠨ ᠡᠪᠦᠯᠵᠢᠭᠦᠯᠬᠦ ᠬᠡᠷᠡᠭᠲᠡᠢ᠃ | ᠬᠤᠶᠠᠷ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠪᠠᠲᠤᠯᠠᠭ᠎ᠠ ᠶᠢᠨ ᠪᠠᠷᠢᠮᠵᠢᠶ᠎ᠠ᠃ ᠲᠠᠷᠢᠶᠠᠴᠢᠨ ᠮᠠᠯᠴᠢᠳ ᠤᠨ ᠡᠪᠦᠯ ᠤᠨ ᠤᠯᠠᠷᠢᠯ ᠤᠨ | ᠳᠤᠯᠠᠭᠠᠯᠠᠯᠭ᠎ᠠ ᠳᠤ ᠬᠡᠷᠡᠭᠯᠡᠬᠦ ᠨᠡᠭᠦᠷᠡᠰᠦ ᠶᠢ ᠬᠤᠤᠯᠢᠩᠭᠤᠤᠯ ᠤᠨ ᠨᠡᠭᠦᠷᠡᠰᠦ ᠪᠠᠷ ᠭᠤᠣᠯ ᠪᠣᠯᠭᠠᠨ᠂ ᠲᠠᠷᠢᠶᠠᠴᠢᠨ | ᠮᠠᠯᠴᠢᠳ ᠤᠨ ᠰᠢᠲᠠᠭᠠᠬᠤ ᠱᠠᠭᠠᠷᠳᠠᠯᠭ᠎ᠠ ᠳᠤ ᠨᠡᠶᠢᠴᠡᠭᠦᠯᠬᠦ ᠪᠠᠷ ᠪᠠᠷᠢᠮᠵᠢᠶ᠎ᠠ ᠪᠣᠯᠭᠠᠵᠤ᠂ ᠢᠯᠴᠢ ᠶᠢᠨ ᠥᠷᠲᠡᠭ ᠢ | 3500 ᠺᠠᠯᠤᠷᠢ ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠵᠠᠷᠴᠢᠮ ᠳᠡᠭᠡᠷ᠎ᠡ ᠪᠠᠨ ᠡᠷᠦᠬᠡ ᠪᠦᠷᠢ ᠳᠤ 2 ᠲᠣᠨ ᠤ | ᠪᠠᠷᠢᠮᠵᠢᠶ᠎ᠠ ᠪᠠᠷ ᠪᠠᠲᠤᠯᠠᠵᠤ᠂ ᠨᠡᠭᠦᠷᠡᠰᠦ ᠶᠢ ᠡᠷᠦᠬᠡ ᠳᠤ ᠬᠦᠷᠦᠭᠦᠯᠬᠦ ᠦᠨ᠎ᠡ ᠬᠠᠩᠰᠢ ᠨᠢ ᠠᠭᠤᠷᠬᠠᠶ ᠶᠢᠨ | ᠠᠮᠠᠰᠠᠷ ᠤᠨ ᠦᠨ᠎ᠡ ᠬᠠᠩᠰᠢ ︵ᠭᠠᠶᠢᠯᠢ 270 ᠲᠥᠭᠦᠷᠢᠭ ᠲᠣᠨ ᠪᠠᠭᠲᠠᠨ᠎ᠠ︶ ᠪᠣᠯᠤᠨ ᠨᠡᠭᠦᠷᠡᠰᠦᠨ | ᠠᠭᠤᠷᠬᠠᠶ ᠠᠴᠠ ᠡᠯ᠎ᠡ ᠬᠤᠪᠢᠶᠠᠷᠢ ᠬᠤᠳᠠᠯᠳᠤᠬᠤ ᠴᠡᠭ ᠬᠦᠷᠲᠡᠯᠡᠬᠢ ᠲᠡᠭᠡᠭᠡᠪᠦᠷᠢ ᠶᠢᠨ ᠵᠠᠷᠤᠳᠠᠯ ︵ᠪᠣᠳᠠᠲᠠᠶ ᠪᠠᠷ | ᠪᠠᠷᠢᠮᠵᠢᠶ᠎ᠠ ᠪᠣᠯᠭᠠᠨ᠎ᠠ︶ ᠢᠶᠠᠷ ᠪᠦᠷᠢᠯᠳᠦᠨ᠎ᠡ᠃ | ︵ᠬᠤᠶᠠᠷ︶ ᠪᠡᠶᠡᠯᠡᠭᠦᠯᠬᠦ ᠴᠠᠭ ᠬᠤᠭᠤᠴᠠᠭ᠎ᠠ᠃ ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶ ᠬᠠᠬᠢᠷ | ᠬᠦᠢᠲᠡᠨ ᠠᠭᠤᠷ ᠠᠮᠢᠰᠬᠤᠯ ᠢᠷᠡᠬᠦ ᠠᠴᠠ ᠡᠮᠦᠨ᠎ᠡ ᠨᠡᠭᠦᠷᠡᠰᠦ ᠬᠡᠷᠡᠭᠯᠡᠬᠦ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ᠂ | ᠨᠢᠭᠡᠨᠲᠡ ᠬᠤᠳᠠᠯᠳᠤᠨ ᠠᠪᠬᠤ ᠪᠠᠷ ᠭᠤᠶᠤᠴᠢᠯᠠᠭᠰᠠᠨ ᠪᠥᠭᠡᠳ ᠨᠡᠭᠦᠷᠡᠰᠦ ᠬᠤᠳᠠᠯᠳᠤᠨ ᠠᠪᠬᠤ ᠵᠣᠭᠤᠰ ᠢᠶᠠᠨ | ᠭᠦᠢᠴᠡᠳ ᠲᠤᠰᠢᠶᠠᠭᠰᠠᠨ ᠳᠤᠯᠠᠭᠠᠯᠠᠯᠭ᠎ᠠ ᠶᠢᠨ ᠨᠡᠭᠦᠷᠡᠰᠦ ᠶᠢ ᠴᠠᠭ ᠲᠤᠬᠠᠶ ᠳᠤᠨᠢ ᠡᠷᠦᠬᠡ ᠳᠤ ᠬᠤᠪᠢᠶᠠᠨ | ᠬᠤᠳᠠᠯᠳᠤᠬᠤ ᠶᠢ ᠪᠠᠲᠤᠯᠠᠨ᠎ᠠ᠃ | ︵ᠭᠤᠷᠪᠠ︶ ᠡᠮᠦᠨᠡᠬᠢ ᠬᠤᠭᠤᠴᠠᠭᠠᠨ ᠤ ᠪᠡᠯᠡᠳᠬᠡᠯ᠃ ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶ ᠨᠠᠷᠢᠨ | ᠨᠢᠮᠪᠠᠶ ᠵᠣᠬᠢᠶᠠᠨ ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠰᠠᠭᠤᠷᠢ | ᠲᠤᠭ᠎ᠠ ᠶᠢ ᠴᠠᠭ ᠲᠤᠬᠠᠶ ᠳᠤᠨᠢ ᠲᠣᠳᠣᠷᠬᠠᠶ ᠣᠶᠢᠯᠠᠭᠠᠵᠤ᠂ ᠡᠬᠡ ᠳᠠᠩᠰᠠ ᠲᠣᠭᠲᠠᠭᠠᠨ᠂ ᠨᠡᠭᠦᠷᠡᠰᠦ ᠬᠤᠳᠠᠯᠳᠤᠨ | ᠠᠪᠬᠤ ᠵᠣᠭᠤᠰ ᠬᠤᠷᠢᠶᠠᠵᠤ᠂ ᠨᠡᠭᠦᠷᠡᠰᠦᠨ ᠤ ᠬᠤᠪᠢᠶᠠᠨ ᠬᠤᠳᠠᠯᠳᠤᠬᠤ ᠴᠡᠭ ᠢ ᠲᠣᠭᠲᠠᠭᠠᠨ᠂ ᠲᠡᠭᠡᠭᠡᠪᠦᠷᠢ ᠶᠢᠨ | ᠵᠠᠮ ᠱᠤᠭᠤᠮ ᠢ ᠲᠦᠯᠦᠪᠵᠢᠭᠦᠯᠦᠨ᠎ᠡ᠃ | ︵ᠳᠦᠷᠪᠡ︶ ᠨᠡᠭᠦᠷᠡᠰᠦᠨ ᠵᠣᠭᠤᠰ ᠢ ᠳ᠋ᠦᠩᠨᠡᠨ ᠪᠤᠳᠤᠬᠤ᠃ ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶ | ᠬᠤᠷᠢᠶᠠᠭᠰᠠᠨ ᠨᠡᠭᠦᠷᠡᠰᠦ ᠬᠤᠳᠠᠯᠳᠤᠨ ᠠᠪᠬᠤ ᠵᠣᠭᠤᠰ ︵ᠨᠡᠭᠦᠷᠡᠰᠦᠨ ᠤ ᠪᠠ ᠲᠡᠭᠡᠭᠡᠪᠦᠷᠢ ᠶᠢᠨ ᠵᠠᠷᠤᠳᠠᠯ ᠪᠠᠭᠲᠠᠨ᠎ᠠ︶ | ᠢᠶᠠᠨ ᠨᠠᠢᠮᠠᠨ ᠬᠤᠰᠢᠭᠤᠨ ᠤ ᠲᠢᠶᠠᠨ ᠴᠧᠩ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠳᠤ ᠲᠤᠰᠢᠶᠠᠨ | ᠥᠭᠴᠦ᠂ ᠨᠠᠢᠮᠠᠨ ᠬᠤᠰᠢᠭᠤᠨ ᠤ ᠲᠢᠶᠠᠨ ᠴᠧᠩ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠠᠴᠠ | ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠥᠪᠥᠷ ᠮᠣᠩᠭᠤᠯ ᠤᠨ ᠺᠣᠮᠫᠠᠨᠢ ᠶᠢᠨ ᠲᠡᠭᠡᠭᠡᠪᠦᠷᠢᠯᠡᠨ | ᠪᠣᠷᠣᠯᠠᠭᠤᠯᠬᠤ ᠺᠣᠮᠫᠠᠨᠢ ᠪᠠ ᠲᠡᠭᠡᠭᠡᠪᠦᠷᠢ ᠶᠢᠨ ᠲᠡᠷᠭᠡᠨ ᠠᠩᠭᠢ ᠳᠤ ᠲᠤᠰᠢᠶᠠᠨ ᠥᠭᠭᠦᠨ᠎ᠡ᠃ | ︵ᠲᠠᠪᠤ︶ ᠬᠤᠳᠠᠯᠳᠤᠨ ᠠᠪᠬᠤ ᠪᠠ ᠲᠡᠭᠡᠭᠡᠪᠦᠷᠢᠯᠡᠬᠦ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ | ᠨᠠᠢᠮᠠᠨ ᠬᠤᠰᠢᠭᠤᠨ ᠤ ᠲᠢᠶᠠᠨ ᠴᠧᠩ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠳᠤ ᠨᠠᠶᠢᠳᠠᠵᠤ | ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠥᠪᠥᠷ ᠮᠣᠩᠭᠤᠯ ᠤᠨ ᠺᠣᠮᠫᠠᠨᠢ ᠶᠢᠨ ᠲᠡᠭᠡᠭᠡᠪᠦᠷᠢᠯᠡᠨ | ᠪᠣᠷᠣᠯᠠᠭᠤᠯᠬᠤ ᠺᠣᠮᠫᠠᠨᠢ ᠲᠠᠢ ᠨᠡᠭᠦᠷᠡᠰᠦ ᠬᠤᠳᠠᠯᠳᠤᠨ ᠠᠪᠬᠤ ᠭᠡᠷ᠎ᠡ ᠲᠣᠭᠲᠠᠬᠤ ᠶᠢ ᠬᠠᠷᠢᠭᠤᠴᠠᠭᠤᠯᠵᠤ᠂ ᠨᠡᠭᠦᠷᠡᠰᠦ | ᠬᠤᠳᠠᠯᠳᠤᠨ ᠠᠪᠬᠤ ᠪᠠ ᠲᠡᠭᠡᠭᠡᠪᠦᠷᠢᠯᠡᠬᠦ ᠶᠢ ᠬᠠᠷᠢᠭᠤᠴᠠᠭᠤᠯᠤᠨ᠎ᠠ᠃ ᠨᠠᠢᠮᠠᠨ ᠬᠤᠰᠢᠭᠤᠨ ᠤ ᠲᠢᠶᠠᠨ ᠴᠧᠩ | ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠲᠡᠭᠡᠭᠡᠪᠦᠷᠢ ᠶᠢᠨ ᠲᠡᠷᠭᠡ ᠠᠩᠭᠢ ᠶᠢ ᠨᠢᠭᠡᠳᠦᠯᠲᠡᠶ ᠵᠣᠬᠢᠶᠠᠨ | ᠪᠠᠶᠢᠭᠤᠯᠵᠤ᠂ ᠨᠡᠭᠦᠷᠡᠰᠦ ᠶᠢ ᠵᠠᠬᠠᠨᠠᠭᠤᠷ ᠨᠡᠭᠦᠷᠡᠰᠦᠨ ᠠᠭᠤᠷᠬᠠᠶ ᠠᠴᠠ ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶ | ᠶᠢᠨ ᠲᠤᠭᠲᠠᠭᠰᠠᠨ ᠨᠡᠭᠦᠷᠡᠰᠦᠨ ᠤ ᠬᠤᠪᠢᠶᠠᠷᠢ ᠬᠤᠳᠠᠯᠳᠤᠬᠤ ᠴᠡᠭ ᠲᠤ ᠵᠥᠭᠡᠭᠡᠪᠦᠷᠢᠯᠡᠨ ᠬᠦᠷᠭᠡᠨ᠎ᠡ᠃ | ︵ᠵᠢᠷᠭᠤᠭ᠎ᠠ︶ ᠬᠡᠮᠵᠢᠵᠦ ᠬᠤᠪᠢᠶᠠᠨ ᠬᠤᠳᠠᠯᠳᠤᠬᠤ᠃ ᠡᠯ᠎ᠡ ᠰᠤᠮᠤ ᠰᠢᠶᠠᠩ ᠪᠠᠯᠭᠠᠰᠤ ︵ᠲᠠᠯᠠᠪᠠᠶ︶ | ᠨᠡᠭᠦᠷᠡᠰᠦᠨ ᠤ ᠬᠤᠪᠢᠶᠠᠨ ᠬᠤᠳᠠᠯᠳᠤᠬᠤ ᠴᠡᠭ ᠲᠣᠭᠲᠠᠭᠠᠵᠤ᠂ ᠲᠤᠰᠬᠠᠶ ᠬᠥᠮᠦᠨ ᠲᠣᠬᠢᠷᠠᠭᠤᠯᠤᠨ ᠬᠦᠯᠢᠶᠡᠨ ᠠᠪᠬᠤ | ᠂ ᠬᠡᠮᠵᠢᠬᠦ᠂ ᠬᠤᠪᠢᠶᠠᠨ ᠬᠤᠳᠠᠯᠳᠤᠬᠤ ᠠᠵᠢᠯ ᠢ ᠬᠠᠷᠢᠭᠤᠴᠠᠭᠤᠯᠬᠤ ᠶᠢᠨ ᠬᠠᠮᠲᠤ ᠨᠡᠭᠦᠷᠡᠰᠦ ᠶᠢ ᠴᠠᠭ ᠲᠤᠬᠠᠶ ᠳᠤᠨᠢ | ᠡᠷᠦᠬᠡ ᠳᠤ ᠬᠦᠷᠲᠡᠯ᠎ᠡ ᠬᠤᠳᠠᠯᠳᠤᠨ᠎ᠠ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ | ᠥᠷᠭᠡᠨ ᠣᠯᠠᠨ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ | ᠪᠠᠲᠤᠯᠠᠬᠤ ᠶᠢᠨ ᠲᠥᠯᠥᠭᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠠᠢᠮᠠᠨ ᠬᠤᠰᠢᠭᠤᠨ ᠤ 2023 | ᠣᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠪᠠᠲᠤᠯᠠᠬᠤ | ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠥᠬᠦ ᠬᠤᠰᠢᠭᠤᠨ ᠤ ᠮᠠᠯᠴᠢᠨ ᠲᠠᠷᠢᠶᠠᠴᠢᠨ ᠤ ᠡᠪᠦᠯ ᠤᠨ | ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦ ᠶᠢ ᠪᠠᠲᠤᠯᠠᠬᠤ ᠵᠣᠬᠢᠶᠠᠨ ᠪᠠᠶᠢᠭᠤᠯᠬᠤ᠂ ᠵᠣᠬᠢᠴᠠᠭᠤᠯᠬᠤ | ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠬᠦ ᠪᠠᠷ ᠲᠣᠭᠲᠠᠪᠠ᠃ ᠪᠣᠳᠠᠲᠠᠢ ᠨᠡᠷᠡᠰ ᠨᠢ ᠳᠣᠣᠷᠠᠬᠢ ᠮᠡᠲᠦ᠄ | | ᠳᠤᠭᠤᠶᠢᠯᠠᠩ ᠤᠨ ᠳᠠᠷᠤᠭ᠎ᠠ᠄ | ᠯᠢ ᠮᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ | ᠸᠠᠩ ᠹᠧᠩ ᠵᠢᠶ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ | ᠡᠷᠬᠢᠯᠡᠭᠴᠢ | ᠼᠦᠢ ᠢᠦᠶ ᠪᠥᠸᠧ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ | ᠡᠷᠬᠢᠯᠡᠭᠴᠢ | ᠪᠦᠷᠢᠯᠳᠦᠬᠦᠨ᠄ | ᠪᠦᠦ ᠢᠦᠶ ᠲᠦᠩ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ | ᠢᠨᠲ᠋ᠤᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ ᠡᠷᠬᠢᠯᠡᠭᠴᠢ | ᠭᠤᠤ ᠷᠤ᠋ ᠶᠠᠨ ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠲᠥᠪ ᠤᠨ ᠡᠷᠬᠢᠯᠡᠭᠴᠢ | ᠰᠦᠨ ᠬᠤᠩ ᠮᠧᠶ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ | ᠡᠷᠬᠢᠯᠡᠭᠴᠢ | ᠯᠢᠦ ᠭᠦᠸᠧ ᠴᠢᠶᠠᠩ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ | ᠡᠷᠬᠢᠯᠡᠭᠴᠢ | ᠢᠦᠢ ᠬᠠᠢ ᠴᠢᠤᠸᠠᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠡᠳ᠋ ᠲᠤᠪᠴᠢᠶᠠᠨ ᠳᠠᠷᠤᠭ᠎ᠠ | ᠯᠢᠦ ᠴᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠲᠤᠪᠴᠢᠶᠠᠨ ᠳᠠᠷᠤᠭ᠎ᠠ | | ᠶᠠᠩ ᠯᠢ ᠭᠠᠩ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠡᠷᠬᠢᠯᠡᠭᠴᠢ | ᠰᠦᠨ ᠴᠠᠩ ᠴᠢᠩ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ | ᠳᠡᠳ᠋ ᠲᠤᠪᠴᠢᠶᠠᠨ ᠳᠠᠷᠤᠭ᠎ᠠ | ᠮᠠ ᠬᠤᠩ ᠪᠥᠸᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ | ᠳᠡᠳ᠋ ᠲᠤᠪᠴᠢᠶᠠᠨ ᠳᠠᠷᠤᠭ᠎ᠠ | ᠸᠠᠩ ᠵᠢᠩ ᠾᠧ ᠬᠤᠰᠢᠭᠤᠨ ᠤ ᠲᠠᠷᠢᠶᠠᠯᠠᠩ ᠮᠠᠯᠵᠢᠯ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶᠠᠨ ᠤ ᠳᠡᠳ᠋ ᠲᠤᠪᠴᠢᠶᠠᠨ ᠳᠠᠷᠤᠭ᠎ᠠ | ᠯᠢ ᠮᠤᠤ ᠬᠤᠸᠠ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶᠠᠨ ᠤ ᠳᠡᠳ᠋ ᠲᠤᠪᠴᠢᠶᠠᠨ ᠳᠠᠷᠤᠭ᠎ᠠ | | ᠵᠠᠩ ᠶᠢᠩ ᠰᠢᠨ ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ | ᠨᠠᠷᠠᠰᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠱᠠᠯᠠᠪᠳᠠᠨ ᠪᠠᠶᠢᠴᠠᠭᠠᠬᠤ ᠲᠠᠰᠤᠭ ᠤᠨ | ᠬᠠᠷᠢᠭᠤᠴᠠᠯᠭᠠᠲᠠᠨ | ᠯᠢᠦ ᠵᠢᠢ ᠴᠧᠩ ᠨᠠᠢᠮᠠᠨ ᠬᠤᠰᠢᠭᠤᠨ ᠤ ᠳ᠋ᠢᠩ ᠰᠢᠨ ᠪᠡᠯᠡ ᠣᠷᠣᠭᠤᠯᠤᠯᠲᠠ ᠶᠢᠨ ᠪᠦᠯᠦᠭᠯᠡᠯᠲᠦ | ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ | ᠡᠯ᠎ᠡ ᠰᠤᠮᠤ ᠰᠢᠶᠠᠩ ᠪᠠᠯᠭᠠᠰᠤ ᠲᠠᠯᠠᠪᠠᠶ ᠶᠢᠨ ᠵᠠᠰᠠᠭ ᠤᠨ ᠣᠷᠳᠣᠨ᠂ ᠯᠢᠦ ᠬᠤᠤ ᠲᠠᠷᠢᠶᠠᠯᠠᠩ ᠤᠨ | ᠲᠠᠯᠠᠪᠠᠶ ᠶᠢᠨ ᠬᠠᠮᠢᠶᠠᠷᠤᠯᠲᠠ ᠶᠢᠨ ᠵᠥᠪᠯᠡᠯ ᠤᠨ ᠭᠤᠤᠯ ᠬᠠᠷᠢᠭᠤᠴᠠᠯᠭᠠᠲᠠᠨ | ᠮᠠᠯᠴᠢᠨ ᠲᠠᠷᠢᠶᠠᠴᠢᠳ ᠤᠨ ᠡᠪᠦᠯ ᠤᠨ ᠤᠯᠠᠷᠢᠯ ᠤᠨ ᠳᠤᠯᠠᠭᠠᠯᠠᠯᠭ᠎ᠠ ᠶᠢᠨ ᠨᠡᠭᠦᠷᠡᠰᠦ ᠬᠤᠳᠠᠯᠳᠤᠨ ᠠᠪᠬᠤ ᠪᠠ | ᠲᠡᠭᠡᠭᠡᠪᠦᠷᠢᠯᠡᠬᠦ᠂ ᠬᠤᠪᠢᠶᠠᠨ ᠬᠤᠳᠠᠯᠳᠤᠬᠤ ᠡᠯ᠎ᠡ ᠵᠦᠢᠯ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ | ᠪᠠᠲᠤᠯᠠᠬᠤ ᠶᠢᠨ ᠲᠦᠯᠦᠭᠡ᠂ ᠤᠳᠤᠷᠢᠳᠬᠤ ᠳᠤᠭᠤᠶᠢᠯᠠᠩ ᠤᠨ ᠳᠣᠣᠷ᠎ᠠ 5 ᠠᠵᠢᠯᠯᠠᠬᠤ ᠳᠤᠭᠤᠶᠢᠯᠠᠩ | ᠲᠤᠬᠢᠷᠠᠭᠤᠯᠵᠤ᠂ ᠪᠣᠳᠠᠲᠠᠶ ᠪᠦᠷᠢᠯᠳᠦᠬᠦᠨ ᠵᠢᠴᠢ ᠠᠵᠢᠯ ᠤᠨ ᠬᠤᠪᠢᠶᠠᠷᠢᠯᠠᠯ ᠳᠣᠣᠷᠠᠬᠢ ᠮᠡᠲᠦ | ︵ᠨᠢᠭᠡ︶ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ | ᠼᠦᠢ ᠢᠦᠶ ᠪᠥᠸᠧ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ | ᠡᠷᠬᠢᠯᠡᠭᠴᠢ | ᠳᠤᠭᠤᠶᠢᠯᠠᠩ ᠤᠨ ᠳᠡᠳ᠋ ᠳᠠᠷᠤᠭ᠎ᠠ᠄ | ᠯᠢᠦ ᠭᠦᠸᠧ ᠴᠢᠶᠠᠩ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ | ᠡᠷᠬᠢᠯᠡᠭᠴᠢ | ᠮᠠ ᠬᠤᠩ ᠪᠥᠸᠧ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ | ᠳᠡᠳ᠋ ᠲᠤᠪᠴᠢᠶᠠᠨ ᠳᠠᠷᠤᠭ᠎ᠠ | ᠪᠦᠷᠢᠯᠳᠦᠬᠦᠨ᠄ ᠳᠤᠭᠤᠶᠢᠯᠠᠩ ᠤᠨ ᠳᠠᠷᠤᠭ᠎ᠠ ᠵᠢᠴᠢ ᠳᠡᠳ᠋ ᠳᠤᠭᠤᠶᠢᠯᠠᠩ ᠤᠨ ᠳᠠᠷᠤᠭ᠎ᠠ ᠶᠢ ᠲᠤᠰ ᠨᠢᠭᠡᠴᠢ | ᠠᠴᠠ ᠲᠤᠬᠠᠶᠢᠯᠠᠭᠰᠠᠨ ᠠᠵᠢᠯ ᠤᠨ ᠠᠵᠢᠯᠲᠠᠨ ᠢ ᠥᠪᠡᠰᠦᠪᠡᠨ ᠲᠠᠲᠠᠵᠤ ᠪᠦᠷᠢᠯᠳᠦᠭᠦᠯᠦᠨ᠎ᠡ᠃ | ᠭᠤᠤᠯ ᠡᠭᠦᠷᠭᠡ ᠬᠠᠷᠢᠭᠤᠴᠠᠯᠭ᠎ᠠ᠄ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠮᠠᠯᠴᠢᠨ | ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦᠨ ᠤ ᠪᠠᠲᠤᠯᠠᠭ᠎ᠠ ᠶᠢᠨ ᠠᠵᠢᠯ ᠢ ᠨᠢᠭᠡᠳᠦᠯᠲᠡᠶ | ᠲᠥᠯᠥᠪᠯᠡᠨ ᠠᠬᠢᠭᠤᠯᠬᠤ ᠶᠢ ᠬᠠᠷᠢᠭᠤᠴᠠᠬᠤ ᠶᠢᠨ ᠬᠠᠮᠲᠤ ᠠᠵᠢᠯ ᠤᠨ ᠲᠤᠰᠬᠠᠶ ᠠᠩᠭᠢ ᠶᠢᠨ ᠡᠳᠦᠷ ᠲᠤᠲᠤᠮ ᠤᠨ | ᠠᠵᠢᠯ ᠢ ᠬᠠᠷᠢᠭᠤᠴᠠᠨ᠎ᠠ︔ ᠪᠦᠬᠦ ᠬᠤᠰᠢᠭᠤᠨ ᠤ ᠡᠯ᠎ᠡ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠨᠡᠪᠲᠡᠷᠡᠯᠴᠡᠬᠦ ᠶᠢ ᠬᠠᠷᠢᠭᠤᠴᠠᠵᠤ᠂ ᠨᠡᠭᠦᠷᠡᠰᠦᠨ ᠤ ᠢᠷᠡᠯᠲᠡ ᠶᠢ ᠨᠠᠶᠢᠳᠠᠪᠤᠷᠢᠵᠢᠭᠤᠯᠬᠤ ᠶᠢᠨ ᠬᠠᠮᠲᠤ ᠠᠵᠢᠯ ᠤᠨ | ᠳᠤᠮᠳᠠᠬᠢ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠨ᠎ᠡ︔ ᠠᠵᠢᠯ ᠤᠨ ᠡᠬᠡ | ᠲᠠᠩᠰᠠ ᠪᠠᠶᠢᠭᠤᠯᠵᠤ᠂ ᠡᠯ᠎ᠡ ᠭᠠᠵᠠᠷ ᠣᠷᠣᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ | ᠨᠡᠭᠦᠷᠡᠰᠦ ᠬᠡᠷᠡᠭᠯᠡᠬᠦ ᠠᠵᠢᠯ ᠤᠨ ᠬᠤᠪᠢᠶᠠᠨ ᠬᠤᠳᠠᠯᠳᠤᠬᠤ ᠠᠬᠢᠴᠠ ᠶᠢ ᠴᠠᠭ ᠲᠤᠬᠠᠶ ᠳᠤᠨᠢ ᠲᠣᠬᠢᠷᠠᠭᠤᠯᠤᠨ | ᠪᠦᠷᠢᠳᠬᠡᠵᠦ᠂ ᠲᠤᠬᠲᠠᠭᠰᠠᠨ ᠬᠤᠭᠤᠴᠠᠭ᠎ᠠ ᠲᠠᠢ ᠪᠠᠷ ᠲᠦᠩᠯᠢᠶᠣᠤ ᠬᠤᠲᠠ ᠶᠢᠨ ᠬᠤᠯᠪᠣᠭᠳᠠᠯ ᠪᠥᠬᠦᠶ ᠰᠠᠯᠠᠭ᠎ᠠ | ᠮᠥᠴᠢᠷ ᠪᠠ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠳᠤ ᠠᠵᠢᠯ ᠤᠨ | ᠠᠬᠢᠴᠠ ᠶᠢᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ᠂ ᠰᠤᠮᠤ ᠰᠢᠶᠠᠩ ᠪᠠᠯᠭᠠᠰᠤ | ᠲᠠᠯᠠᠪᠠᠶ ᠳᠤ ᠠᠵᠢᠯ ᠢᠶᠠᠨ ᠥᠷᠨᠢᠭᠦᠯᠦᠭᠰᠡᠨ ᠪᠠᠶᠢᠳᠠᠯ ᠪᠠ ᠣᠷᠣᠰᠢᠵᠤ ᠪᠠᠶᠢᠭ᠎ᠠ ᠠᠰᠠᠭᠤᠳᠠᠯ ᠵᠢᠴᠢ ᠬᠤᠯᠪᠣᠭᠳᠠᠯ | ᠪᠥᠬᠦᠶ ᠠᠵᠢᠯ ᠤᠨ ᠠᠷᠭ᠎ᠠ ᠬᠡᠮᠵᠢᠶ᠎ᠡ ᠪᠠᠨ ᠮᠡᠳᠡᠭᠳᠡᠨ᠎ᠡ᠃ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ ᠡᠯ᠎ᠡ ᠭᠠᠵᠠᠷ ᠣᠷᠣᠨ ᠤ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ | ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠬᠦ ᠡᠷᠦᠬᠡ ᠵᠡᠷᠭᠡ ᠬᠥᠮᠦᠰ ᠢ ᠡᠪᠦᠯ ᠤᠨ ᠤᠯᠠᠷᠢᠯ ᠤᠨ | ᠳᠤᠯᠠᠭᠠᠯᠠᠭ᠎ᠠ ᠪᠠᠷ ᠬᠠᠪᠰᠤᠷᠤᠨ ᠲᠡᠳᠬᠦᠬᠦ ᠠᠵᠢᠯ ᠢ ᠬᠠᠷᠢᠭᠤᠴᠠᠨ ᠵᠢᠯᠣᠭᠤᠳᠴᠤ᠂ ᠴᠥᠭᠡᠨ ᠲᠣᠭᠠᠨ ᠤ ᠨᠡᠭᠦᠷᠡᠰᠦ | ᠬᠤᠳᠠᠯᠳᠤᠨ ᠠᠪᠬᠤ ᠴᠢᠳᠠᠪᠤᠷᠢ ᠥᠬᠡᠶ ᠬᠥᠮᠦᠰ ᠤᠨ ᠳᠤᠯᠠᠭᠠᠨ ᠡᠪᠦᠯᠵᠢᠬᠦ ᠶᠢ ᠪᠠᠲᠤᠯᠠᠨ᠎ᠠ᠃ | ︵ᠬᠤᠶᠠᠷ︶ ᠲᠡᠭᠡᠭᠡᠪᠦᠷᠢ ᠶᠢ ᠪᠠᠲᠤᠯᠠᠬᠤ ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ | ᠶᠠᠩ ᠯᠢ ᠭᠠᠩ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠡᠷᠬᠢᠯᠡᠭᠴᠢ | ᠳᠤᠭᠤᠶᠢᠯᠠᠩ ᠤᠨ ᠳᠡᠳ᠋ ᠳᠠᠷᠤᠭ᠎ᠠ᠄ | ᠯᠢᠦ ᠴᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠡᠳ᠋ ᠲᠤᠪᠴᠢᠶᠠᠨ | ᠳᠠᠷᠤᠭ᠎ᠠ | ᠪᠦᠷᠢᠯᠳᠦᠬᠦᠨ᠄ ᠳᠤᠭᠤᠶᠢᠯᠠᠩ ᠤᠨ ᠳᠠᠷᠤᠭ᠎ᠠ ᠵᠢᠴᠢ ᠳᠡᠳ᠋ ᠳᠤᠭᠤᠶᠢᠯᠠᠩ ᠤᠨ ᠳᠠᠷᠤᠭ᠎ᠠ ᠶᠢ ᠲᠤᠰ ᠨᠢᠭᠡᠴᠢ | ᠠᠴᠠ ᠲᠤᠬᠠᠶᠢᠯᠠᠭᠰᠠᠨ ᠠᠵᠢᠯ ᠤᠨ ᠠᠵᠢᠯᠲᠠᠨ ᠢ ᠥᠪᠡᠰᠦᠪᠡᠨ ᠲᠠᠲᠠᠵᠤ ᠪᠦᠷᠢᠯᠳᠦᠭᠦᠯᠦᠨ᠎ᠡ᠃ | ᠭᠤᠣᠯ ᠡᠭᠦᠷᠭᠡ ᠬᠠᠷᠢᠭᠤᠴᠠᠯᠭ᠎ᠠ᠄ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ | ᠮᠥᠴᠢᠷ ᠭᠤᠣᠯᠳᠠᠭᠤ ᠡᠯ᠎ᠡ ᠭᠠᠵᠠᠷ ᠣᠷᠣᠨ ᠤ ᠨᠡᠭᠦᠷᠡᠰᠦ ᠲᠡᠭᠡᠭᠡᠪᠦᠷᠢᠯᠡᠬᠦ ᠲᠡᠷᠭᠡ ᠬᠥᠰᠬᠡ ᠶᠢᠨ ᠡᠮᠬᠢ | ᠵᠢᠷᠤᠮ ᠲᠠᠢ ᠪᠠᠷ ᠲᠡᠭᠡᠭᠡᠪᠦᠷᠢᠯᠡᠬᠦ ᠶᠢ ᠬᠢᠨᠠᠯᠲᠠ ᠲᠠᠯᠪᠢᠨ ᠵᠢᠯᠣᠭᠤᠳᠬᠤ ᠶᠢ ᠬᠠᠷᠢᠭᠤᠴᠠᠵᠤ᠂ ᠴᠢᠬᠤᠯᠠ ᠲᠠᠢ ᠦᠶ᠎ᠡ ᠳᠤ | ᠵᠠᠮ ᠤᠨ ᠬᠡᠰᠡᠭ ᠤᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠨᠡᠭᠦᠷᠡᠰᠦ ᠲᠡᠭᠡᠭᠡᠪᠦᠷᠢᠯᠡᠬᠦ ᠲᠡᠷᠭᠡ ᠬᠥᠰᠬᠡ ᠳᠤ | ᠰᠠᠭᠠᠳ ᠦᠭᠡᠶ ᠨᠡᠪᠲᠡᠷᠡᠬᠦ ᠵᠠᠮ ᠨᠡᠭᠡᠭᠡᠵᠦ ᠥᠭᠬᠦ ᠵᠡᠷᠭᠡ ᠪᠣᠯᠤᠨ᠎ᠠ︔ ᠡᠯ᠎ᠡ ᠭᠠᠵᠠᠷ ᠣᠷᠣᠨ ᠢ ᠬᠢᠨᠠᠨ ᠵᠢᠯᠣᠭᠤᠳᠴᠤ | ᠪᠠᠶᠢᠭᠠᠳ ᠨᠡᠭᠦᠷᠡᠰᠦᠨ ᠤ ᠲᠡᠭᠡᠭᠡᠪᠦᠷᠢ ᠶᠢᠨ ᠶᠠᠪᠤᠴᠠ ᠳᠠᠬᠢ ︽ᠮᠠᠭᠤ ᠪᠠᠷ ᠰᠠᠶᠢᠨ ᠢ ᠣᠷᠣᠯᠠᠭᠤᠯᠬᠤ︾ ︽ ᠠᠯᠲᠠ | ᠶᠢ ᠨᠢ ᠠᠷᠭᠠᠯ ᠢᠶᠠᠷ ᠰᠤᠯᠢᠬᠤ︾ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ | ᠴᠣᠬᠢᠯᠲᠠ ᠥᠭᠭᠦᠨ᠎ᠡ᠃ | ︵ᠭᠤᠷᠪᠠ︶ ᠦᠨ᠎ᠡ ᠬᠠᠩᠰᠢ ᠳᠤ ᠬᠢᠨᠠᠯᠲᠠ ᠲᠠᠯᠪᠢᠬᠤ ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ | ᠰᠦᠨ ᠴᠠᠩ ᠴᠢᠩ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶᠠᠨ ᠤ | ᠳᠡᠳ᠋ ᠲᠤᠪᠴᠢᠶᠠᠨ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠰᠦᠨ ᠬᠤᠩ ᠮᠧᠶ ᠬᠤᠰᠢᠭᠤᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ | ᠪᠦᠷᠢᠯᠳᠦᠬᠦᠨ᠄ ᠳᠤᠭᠤᠶᠢᠯᠠᠩ ᠤᠨ ᠳᠠᠷᠤᠭ᠎ᠠ ᠵᠢᠴᠢ ᠳᠡᠳ᠋ ᠳᠤᠭᠤᠶᠢᠯᠠᠩ ᠤᠨ ᠳᠠᠷᠤᠭ᠎ᠠ ᠶᠢ ᠲᠤᠰ ᠨᠢᠭᠡᠴᠢ | ᠠᠴᠠ ᠲᠤᠬᠠᠶᠢᠯᠠᠭᠰᠠᠨ ᠠᠵᠢᠯ ᠤᠨ ᠠᠵᠢᠯᠲᠠᠨ ᠢ ᠥᠪᠡᠰᠦᠪᠡᠨ ᠲᠠᠲᠠᠵᠤ ᠪᠦᠷᠢᠯᠳᠦᠭᠦᠯᠦᠨ᠎ᠡ᠃ | ᠭᠤᠣᠯ ᠡᠭᠦᠷᠭᠡ ᠬᠠᠷᠢᠭᠤᠴᠠᠯᠭ᠎ᠠ ᠄ ᠡᠯ᠎ᠡ ᠭᠠᠵᠠᠷ ᠣᠷᠣᠨ ᠤ ᠨᠡᠭᠦᠷᠡᠰᠦᠨ ᠤ ᠬᠤᠪᠢᠶᠠᠷᠢ ᠬᠤᠳᠠᠯᠳᠤᠬᠤ ᠴᠡᠭ | ᠢ ᠡᠷᠣᠬᠡ ᠲᠤ ᠬᠦᠷᠲᠡᠯ᠎ᠡ ︽ᠭᠦᠢᠴᠡᠳ ᠬᠡᠮᠵᠢᠵᠦ ᠭᠦᠢᠴᠡᠳ ᠬᠤᠳᠠᠯᠳᠤᠭᠰᠠᠨ︾ ᠡᠰᠡᠬᠦ ᠲᠤ ᠬᠢᠨᠠᠯᠲᠠ ᠲᠠᠯᠪᠢᠵᠤ᠂ | ᠬᠡᠮᠵᠢᠭᠦᠷ ᠲᠤ ᠭᠡᠮ ᠬᠢᠭᠰᠡᠨ ᠥᠢᠯᠡ ᠠᠵᠢᠯᠯᠠᠭ᠎ᠠ ᠪᠠᠶᠢᠬᠤ ᠡᠰᠡᠬᠦ ᠶᠢ ᠪᠠᠶᠢᠴᠠᠭᠠᠬᠤ ᠶᠢ ᠬᠠᠷᠢᠭᠤᠴᠠᠨ᠎ᠠ︔ ᠡᠯ᠎ᠡ | ᠭᠠᠵᠠᠷ ᠣᠷᠣᠨ ᠤ ᠨᠡᠭᠦᠷᠡᠰᠦ ᠬᠠᠳᠠᠭᠠᠯᠠᠬᠤ᠂ ᠪᠣᠷᠣᠯᠠᠭᠤᠯᠬᠤ ᠴᠡᠭ ᠤᠨ ᠪᠠᠶᠢᠴᠠᠭᠠᠨ ᠣᠶᠢᠯᠠᠭᠠᠬᠤ ᠶᠢ ᠬᠢᠨᠠᠨ | ᠵᠢᠯᠣᠭᠤᠳᠬᠤ ᠶᠢ ᠬᠠᠷᠢᠭᠤᠴᠠᠵᠤ᠂ ᠨᠡᠭᠦᠷᠡᠰᠦ ᠬᠤᠳᠠᠯᠳᠤᠨ ᠠᠪᠬᠤ ᠭᠦᠢᠴᠡᠳᠭᠡᠯ ᠲᠤᠭ᠎ᠠ ᠶᠢ ᠰᠢᠯᠵᠢᠭᠦᠯᠦᠨ ᠥᠭᠬᠦ᠂ | ᠮᠡᠬᠡᠯᠡᠨ ᠠᠪᠴᠤ ᠰᠠᠷᠢᠭᠠᠯᠠᠬᠤ᠂ ᠳᠤᠷ᠎ᠠ ᠪᠠᠷ ᠢᠶᠠᠨ ᠰᠦᠢᠳᠭᠡᠯ ᠬᠤᠷᠢᠶᠠᠬᠤ ᠵᠡᠷᠭᠡ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠭᠦᠷᠡᠰᠦᠨ ᠤ ᠵᠢᠵᠢᠭᠯᠡᠨ ᠬᠤᠳᠠᠯᠳᠤᠬᠤ ᠬᠤᠳᠠᠯᠳᠤᠭᠠᠴᠢᠨ | ᠪᠤᠶᠤ ᠲᠠᠷᠠᠬᠠᠶ ᠡᠷᠦᠬᠡ ᠨᠦᠭᠦᠳ ᠨᠡᠭᠦᠷᠡᠰᠦ ᠬᠠᠩᠭᠠᠵᠤ ᠪᠠᠶᠢᠭ᠎ᠠ ᠲᠣᠬᠢᠶᠠᠯ ᠢ ᠠᠰᠢᠭᠯᠠᠨ ᠠᠶᠢᠯ ᠲᠣᠰᠬᠤᠨ ᠤ | ᠮᠠᠯᠴᠢᠨ ᠲᠠᠷᠢᠶᠠᠴᠢᠳ ᠤᠨ ᠳᠤᠯᠠᠭᠠᠯᠠᠯᠭ᠎ᠠ ᠳᠤ ᠬᠡᠷᠡᠭᠯᠡᠬᠦ ᠨᠡᠭᠦᠷᠡᠰᠦ ᠶᠢ ᠬᠤᠳᠠᠯᠳᠤᠨ ᠠᠪᠴᠤ ᠰᠠᠷᠢᠭᠠᠯᠠᠨ | ᠬᠤᠳᠠᠯᠳᠤᠭᠠᠯᠠᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠨ᠎ᠡ︔ ᠡᠯ᠎ᠡ ᠭᠠᠵᠠᠷ ᠣᠷᠣᠨ ᠤ ᠮᠠᠰᠢᠨ ᠲᠡᠷᠭᠡᠨ ᠤ ᠲᠡᠭᠡᠭᠡᠪᠦᠷᠢ ᠶᠢᠨ ᠺᠣᠮᠫᠠᠨᠢ ᠶᠢᠨ ᠡᠩ ᠤᠨ ᠦᠨ᠎ᠡ | ᠶᠢᠨ ᠨᠡᠭᠦᠷᠡᠰᠦ ᠢ ᠲᠠᠷᠬᠠᠭᠠᠵᠤ ᠪᠠᠶᠢᠭ᠎ᠠ ᠬᠤᠭᠤᠴᠠᠭᠠᠨ ᠳᠤ ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠭᠠᠭᠴᠠᠭᠠᠷ | ᠡᠵᠡᠮᠰᠢᠬᠦ᠂ ᠨᠡᠭᠦᠷᠡᠰᠦ ᠲᠡᠭᠡᠭᠡᠪᠦᠷᠢᠯᠡᠬᠦ ᠦᠨ᠎ᠡ ᠬᠠᠩᠰᠢ ᠶᠢ ᠬᠡᠲᠦᠷᠬᠡᠢ ᠥᠰᠬᠡᠬᠦ ᠵᠡᠷᠭᠡ ᠦᠢᠯᠡ ᠠᠵᠢᠯᠯᠠᠭ᠎ᠠ ᠲᠤ | ᠬᠢᠨᠠᠯᠲᠠ ᠲᠠᠯᠪᠢᠵᠤ ᠵᠢᠯᠣᠭᠤᠳᠬᠤ ᠶᠢ ᠬᠠᠷᠢᠭᠤᠴᠠᠨ᠎ᠠ᠃ | ︵ᠲᠦᠷᠪᠡ︶ ᠲᠤᠰᠬᠠᠢ ᠵᠦᠢᠯ ᠤᠨ ᠬᠢᠨᠠᠯᠲᠠ ᠲᠠᠯᠪᠢᠬᠤ ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ ᠸᠠᠩ ᠹᠧᠩ ᠵᠢᠶ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠬᠡᠷ ᠤᠨ ᠳᠡᠳ᠋ ᠡᠷᠬᠢᠯᠡᠭᠴᠢ | ᠳᠤᠭᠤᠶᠢᠯᠠᠩ ᠤᠨ ᠳᠡᠳ᠋ ᠳᠠᠷᠤᠭ᠎ᠠ᠄ ᠨᠠᠷᠠᠰᠤ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ | ᠱᠠᠯᠠᠪᠳᠠᠨ ᠪᠠᠶᠢᠴᠠᠭᠠᠬᠤ ᠲᠠᠰᠤᠭ ᠤᠨ ᠬᠠᠷᠢᠭᠤᠴᠠᠯᠭᠠᠲᠠᠨ | ᠪᠦᠷᠢᠯᠳᠦᠬᠦᠨ᠄ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ | ᠲᠤᠬᠠᠶᠢᠯᠠᠭᠰᠠᠨ ᠠᠵᠢᠯ ᠤᠨ ᠠᠵᠢᠯᠲᠠᠨ ᠢ ᠲᠠᠲᠠᠵᠤ ᠪᠦᠷᠢᠯᠳᠦᠭᠦᠯᠦᠨ᠎ᠡ | ᠭᠤᠣᠯ ᠡᠭᠦᠷᠭᠡ ᠬᠠᠷᠢᠭᠤᠴᠠᠯᠭ᠎ᠠ᠄ ᠡᠯ᠎ᠡ ᠭᠠᠵᠠᠷ ᠣᠷᠣᠨ ᠪᠣᠯᠤᠨ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠠᠵᠢᠯ ᠢᠶᠠᠨ ᠲᠦᠯᠬᠢᠨ ᠠᠬᠢᠭᠤᠯᠤᠭᠰᠠᠨ ᠪᠠᠶᠢᠳᠠᠯ ᠤᠨ ᠪᠦᠬᠦ ᠶᠠᠪᠤᠴᠠ ᠳᠤ ᠬᠢᠨᠠᠯᠲᠠ ᠲᠠᠯᠪᠢᠵᠤ | ᠪᠠᠶᠢᠴᠠᠭᠠᠬᠤ ᠶᠢ ᠬᠠᠷᠢᠭᠤᠴᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠶ᠂ | ᠠᠵᠢᠯ ᠤᠨ ᠠᠬᠢᠴᠠ ᠪᠠᠷ ᠤᠳᠠᠭᠠᠨ ᠪᠠᠶᠢᠭ᠎ᠠ ᠭᠠᠵᠠᠷ ᠣᠷᠣᠨ ᠢ ᠨᠡᠪᠲᠡᠷᠡᠭᠦᠯᠦᠨ ᠪᠣᠯᠵᠣᠨ ᠶᠠᠷᠢᠯᠴᠠᠵᠤ᠂ ᠠᠵᠢᠯ ᠤᠨ | ᠨᠠᠶᠢᠳᠠᠪᠤᠷᠢᠵᠢᠭᠤᠯᠤᠯᠲᠠ ᠨᠢ ᠬᠦᠷᠦᠯᠴᠡᠬᠦ ᠦᠭᠡᠢ ᠬᠠᠩᠭᠠᠯᠭ᠎ᠠ ᠶᠢᠨ ᠪᠠᠲᠤᠯᠠᠭ᠎ᠠ ᠶᠢ ᠬᠦᠴᠦᠲᠡᠶ ᠨᠥᠯᠥᠭᠡᠯᠡᠭᠰᠡᠨ | ᠦᠭᠡᠶ ᠠᠴᠠ ᠵᠣᠬᠢᠬᠤ ᠬᠠᠷᠢᠭᠤᠴᠠᠯᠭ᠎ᠠ ᠨᠡᠬᠡᠮᠵᠢᠯᠡᠨ᠎ᠡ︔ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠨᠣᠶᠠᠨ ᠪᠠ | ᠠᠵᠤ ᠠᠬᠤᠶᠢᠯᠠᠯ ᠰᠥᠯᠪᠡᠭᠡᠯᠳᠦᠬᠦ᠂ ᠳᠤᠮᠳᠠ ᠠᠴᠠ ᠨᠢ ᠵᠤᠬᠢᠰ ᠦᠭᠡᠢ ᠠᠰᠢᠭ ᠤᠯᠬᠤ ᠵᠡᠷᠭᠡ ᠰᠠᠬᠢᠯᠭ᠎ᠠ ᠪᠠᠲᠤ | ᠲᠦᠷᠢᠮ ᠲᠣᠭᠲᠠᠭᠠᠯ ᠢ ᠵᠥᠷᠢᠴᠡᠭᠰᠡᠨ ᠠᠰᠠᠭᠤᠳᠠᠯ ᠤᠨ ᠰᠦᠪᠡᠭᠴᠢ ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠨ᠎ᠡ᠃ | ︵ᠲᠠᠪᠤ︶ ᠮᠡᠳᠡᠭᠡ ᠵᠠᠩᠭᠢ ᠶᠢᠨ ᠤᠬᠠᠭᠤᠯᠭ᠎ᠠ ᠶᠢᠨ ᠳᠤᠭᠤᠶᠢᠯᠠᠩ | ᠳᠤᠭᠤᠶᠢᠯᠠᠩ ᠤᠨ ᠳᠠᠷᠤᠭ᠎ᠠ᠄ ᠪᠦᠦ ᠢᠦᠶ ᠲᠦᠩ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ | ᠬᠡᠯᠲᠡᠰ ᠤᠨ ᠳᠡᠳ᠋ ᠳᠠᠷᠤᠭ᠎ᠠ᠂ ᠢᠨᠲ᠋ᠤᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ ᠡᠷᠬᠢᠯᠡᠭᠴᠢ | ᠳᠡᠳ᠋ ᠳᠤᠭᠤᠶᠢᠯᠠᠩ ᠤᠨ ᠳᠠᠷᠤᠭ᠎ᠠ᠄ ᠭᠤᠤ ᠷᠤ᠋ ᠶᠠᠨ ᠬᠤᠰᠢᠭᠤᠨ ᠤ ᠰᠦᠯᠵᠢᠶᠡᠨ ᠤ ᠠᠮᠤᠷ ᠲᠦᠪᠰᠢᠨ ᠤ | ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠥᠪ ᠤᠨ ᠡᠷᠬᠢᠯᠡᠭᠴᠢ | ᠯᠢᠦ ᠴᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠲᠤᠪᠴᠢᠶᠠᠨ ᠳᠠᠷᠤᠭ᠎ᠠ | ᠪᠦᠷᠢᠯᠳᠦᠬᠦᠨ᠄ ᠳᠤᠭᠤᠶᠢᠯᠠᠩ ᠤᠨ ᠳᠠᠷᠤᠭ᠎ᠠ ᠵᠢᠴᠢ ᠳᠡᠳ᠋ ᠳᠤᠭᠤᠶᠢᠯᠠᠩ ᠤᠨ ᠳᠠᠷᠤᠭ᠎ᠠ ᠶᠢ ᠲᠤᠰ ᠨᠢᠭᠡᠴᠢ | ᠠᠴᠠ ᠲᠤᠬᠠᠶᠢᠯᠠᠭᠰᠠᠨ ᠠᠵᠢᠯ ᠤᠨ ᠠᠵᠢᠯᠲᠠᠨ ᠢ ᠥᠪᠡᠰᠦᠪᠡᠨ ᠲᠠᠲᠠᠵᠤ ᠪᠦᠷᠢᠯᠳᠦᠭᠦᠯᠦᠨ᠎ᠡ᠃ | ᠭᠤᠤᠯ ᠡᠭᠦᠷᠭᠡ ᠬᠠᠷᠢᠭᠤᠴᠠᠯᠭ᠎ᠠ᠄ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠵᠥᠪ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠵᠢᠯᠣᠭᠤᠳᠣᠯᠭ᠎ᠠ ᠶᠢᠨ | ᠠᠵᠢᠯ ᠢ ᠬᠠᠷᠢᠭᠤᠴᠠᠨ ᠰᠠᠶᠢᠲᠤᠷ ᠬᠢᠵᠦ᠂ ᠤᠬᠠᠭᠤᠯᠭ᠎ᠠ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠵᠥᠪ | ᠲᠠᠯ᠎ᠠ ᠶᠢᠨ ᠵᠢᠯᠣᠭᠤᠳᠣᠯᠭ᠎ᠠ ᠶᠢ ᠳᠣᠪᠤᠶᠢᠯᠭᠠᠨ᠂ ᠨᠡᠭᠦᠷᠡᠰᠦ ᠬᠡᠷᠡᠭᠯᠡᠬᠦ ᠶᠢ ᠪᠠᠲᠤᠯᠠᠬᠤ ᠠᠵᠢᠯ ᠳᠤ ᠰᠠᠶᠢᠨ ᠰᠠᠶᠢᠬᠠᠨ | ᠠᠭᠤᠷ ᠠᠮᠢᠰᠬᠤᠯ ᠢ ᠪᠣᠶ ᠪᠣᠯᠭᠠᠵᠤ ᠥᠭᠭᠦᠨ᠎ᠡ᠃ ᠬᠤᠰᠢᠭᠤᠨ ᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ | ᠲᠦᠪᠰᠢᠨ ᠪᠠ ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠬᠡᠷ ᠨᠠᠵᠠᠭᠠᠶ ᠲᠠᠯ᠎ᠠ ᠶᠢᠨ ᠶᠠᠷᠢᠶ᠎ᠠ ᠬᠡᠯᠡᠯᠴᠡᠭᠡᠨ ᠤ | ᠪᠠᠶᠢᠳᠠᠯ ᠢ ᠬᠠᠮᠢᠶᠠᠷᠤᠨ ᠡᠵᠡᠮᠳᠡᠬᠦ ᠠᠵᠢᠯ ᠢ ᠲᠦᠷᠦᠭᠦᠯᠡᠨ ᠰᠠᠶᠢᠲᠤᠷ ᠬᠢᠵᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ | ᠮᠡᠳᠡᠭᠡ ᠵᠠᠩᠭᠢ ᠶᠢ ᠬᠢᠨᠠᠨ ᠬᠡᠮᠵᠢᠬᠦ ᠶᠢ ᠴᠢᠩᠭᠠᠳᠬᠠᠵᠤ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠠᠭ | ᠲᠤᠬᠠᠶ ᠳᠤᠨᠢ ᠡᠵᠡᠮᠰᠢᠵᠦ᠂ ᠨᠠᠵᠠᠭᠠᠶ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠠᠮᠢᠶᠠᠷᠬᠤ ᠪᠠ ᠬᠥᠲᠥᠯᠥᠨ | ᠵᠢᠯᠣᠭᠤᠳᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ | ᠬᠤᠰᠢᠭᠤᠨ ᠤ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠲᠠᠢ ᠬᠠᠮᠵᠢᠯᠴᠠᠨ | ᠵᠠᠪᠰᠢᠶᠠᠨ ᠢ ᠳᠠᠯᠢᠮᠳᠠᠭᠤᠯᠤᠨ ᠭᠠᠵᠢᠭᠤᠳᠠᠭᠤᠯᠤᠨ ᠲᠠᠶᠢᠯᠪᠤᠷᠢᠯᠠᠬᠤ᠂ ᠠᠶ᠎ᠠ ᠶᠢ ᠳᠠᠭᠠᠵᠤ ᠬᠥᠭᠡᠷᠭᠡᠳᠡᠬᠦ᠂ ᠮᠠᠭᠤ | ᠰᠠᠨᠠᠭ᠎ᠠ ᠲᠠᠢ ᠪᠠᠷ ᠳᠠᠭᠠᠷᠢᠯᠲᠠ ᠬᠢᠬᠦ ᠵᠡᠷᠭᠡ ᠨᠠᠵᠠᠭᠠᠶ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠦᠭᠭᠦᠨ᠎ᠡ᠃ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ | ᠭᠦᠨᠵᠡᠭᠡᠶᠢᠷᠡᠭᠦᠯᠬᠦ ᠬᠡᠷᠡᠭᠲᠡᠢ᠃ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠨᠡᠭᠦᠷᠡᠰᠦ | ᠬᠡᠷᠡᠭᠯᠡᠬᠦ ᠪᠠᠲᠤᠯᠠᠭ᠎ᠠ ᠬᠠᠩᠭᠠᠬᠤ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠨᠠᠮ ᠤᠨ ᠲᠥᠪ ᠬᠤᠷᠢᠶ᠎ᠠ ᠶᠢᠨ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠪᠠᠶᠢᠵᠤ᠂ ᠲᠦᠭ ᠲᠦᠮᠡᠨ ᠠᠶᠢᠯ ᠡᠷᠦᠬᠡ ᠳᠤ | ᠬᠤᠯᠪᠣᠭᠳᠠᠵᠤ᠂ ᠬᠠᠮᠤᠭ ᠤᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠠ ᠠᠷᠠᠳ ᠤᠨ ᠰᠡᠳᠬᠢᠯ ᠤᠨ | ᠢᠨᠵᠧᠨᠧᠷᠢᠩ ᠪᠣᠯᠤᠨ᠎ᠠ᠃ ᠡᠯ᠎ᠡ ᠭᠠᠵᠠᠷ ᠪᠣᠯᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠬᠤᠯᠪᠣᠭᠳᠠᠯ | ᠪᠦᠬᠦᠢ ᠠᠵᠤ ᠠᠬᠤᠶᠢᠯᠠᠯ ᠤᠳ ᠤᠯᠤᠰ ᠲᠥᠷᠥ ᠶᠢ ᠡᠷᠬᠢᠮᠯᠡᠬᠦ ᠳᠡᠭᠡᠳᠦ ᠬᠡᠮᠵᠢᠶᠡᠨ ᠠᠴᠠ ᠲᠠᠷᠢᠶᠠᠴᠢᠨ ᠮᠠᠯᠴᠢᠳ ᠤᠨ | ᠡᠪᠦᠯ ᠤᠨ ᠤᠯᠠᠷᠢᠯ ᠤᠨ ᠳᠤᠯᠠᠭᠠᠯᠠᠯᠭ᠎ᠠ ᠶᠢᠨ ᠨᠡᠭᠦᠷᠡᠰᠦ ᠶᠢ ᠪᠠᠲᠤᠯᠠᠬᠤ ᠠᠵᠢᠯ ᠤᠨ ᠴᠢᠬᠤᠯᠠ ᠴᠢᠨᠠᠷ ᠢ ᠭᠦᠢᠴᠡᠳ | ᠲᠠᠨᠢᠵᠤ᠂ ᠤᠯᠤᠰ ᠲᠥᠷᠥ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠤᠨ᠂ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠭᠤᠤᠯ ᠤᠳᠤᠷᠢᠳᠤᠯᠭ᠎ᠠ ᠨᠠᠷ ᠵᠢᠯᠣᠭᠤᠳᠴᠤ᠂ ᠪᠡᠶ᠎ᠡ ᠪᠠᠷ ᠢᠶᠠᠨ ᠪᠠᠶᠢᠷᠢᠯᠠᠭᠤᠯᠤᠨ᠂ ᠠᠵᠢᠯ ᠤᠨ | ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠠᠵᠢᠯ ᠤᠨ ᠡᠯ᠎ᠡ ᠭᠤᠭᠴᠤᠭ᠎ᠠ ᠶᠢᠨ ᠠᠵᠢᠯᠯᠠᠭᠠᠨ ᠤ ᠤᠷᠤᠭᠰᠢᠲᠠᠶ᠂ | ᠥᠨᠳᠥᠷ ᠦᠷ᠎ᠡ ᠪᠦᠲᠦᠮᠵᠢᠲᠡᠶ ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠵᠤ᠂ ᠪᠦᠬᠦ ᠬᠤᠰᠢᠭᠤᠨ ᠤ | ᠲᠠᠷᠢᠶᠠᠴᠢᠨ ᠮᠠᠯᠴᠢᠳ ᠤᠨ ᠡᠪᠦᠯ ᠤᠨ ᠤᠯᠠᠷᠢᠯ ᠤᠨ ᠳᠤᠯᠠᠭᠠᠯᠠᠯᠭ᠎ᠠ ᠶᠢᠨ ᠨᠡᠭᠦᠷᠡᠰᠦᠨ ᠤ ᠬᠡᠷᠡᠭᠯᠡᠯᠲᠡ ᠶᠢ ᠪᠠᠲᠤᠯᠠᠬᠤ | ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠶ᠃ | ︵ᠬᠤᠶᠠᠷ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠠᠷᠭ᠎ᠠ | ᠬᠡᠮᠵᠢᠶ᠎ᠡ ᠪᠠᠨ ᠨᠠᠷᠢᠯᠢᠬᠵᠢᠭᠤᠯᠬᠤ ᠬᠡᠷᠡᠭᠲᠡᠶ᠃ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ | ᠂ ᠯᠢᠦ ᠬᠤᠤ ᠲᠠᠷᠢᠶᠠᠯᠠᠩ ᠤᠨ ᠲᠠᠯᠠᠪᠠᠶ ᠶᠢᠨ ᠬᠠᠮᠢᠶᠠᠷᠤᠯᠲᠠ ᠶᠢᠨ ᠵᠥᠪᠯᠡᠯ ᠪᠤᠯ ᠲᠤᠰ ᠵᠠᠰᠠᠭ ᠵᠠᠬᠢᠷᠭᠠᠨ ᠤ ᠣᠷᠣᠨ ᠤ | ᠲᠠᠷᠢᠶᠠᠯᠠᠬᠤ ᠮᠠᠯᠵᠢᠬᠤ ᠡᠷᠦᠬᠡ ᠶᠢᠨ ᠡᠪᠦᠯ ᠤᠨ ᠤᠯᠠᠷᠢᠯ ᠤᠨ ᠳᠤᠯᠠᠭᠠᠯᠠᠯᠭ᠎ᠠ ᠳᠤ ᠬᠡᠷᠡᠭᠯᠡᠬᠦ ᠨᠡᠭᠦᠷᠡᠰᠦ ᠶᠢ ᠪᠠᠲᠤᠯᠠᠬᠤ | ᠬᠠᠷᠢᠭᠤᠴᠠᠯᠭ᠎ᠠ ᠶᠢᠨ ᠭᠤᠣᠯ ᠴᠣᠭᠴᠠ ᠪᠣᠯᠬᠤ ᠲᠤᠯᠠ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ | ᠶᠠᠪᠤᠭᠳᠠᠭᠤᠰᠢᠲᠠᠶ ᠠᠵᠢᠯ ᠤᠨ ᠲᠥᠰᠦᠯ ᠲᠣᠭᠲᠠᠭᠠᠵᠤ᠂ ᠠᠵᠢᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ᠪᠣᠯᠤᠨ ᠠᠵᠢᠯ ᠤᠨ ᠲᠤᠰᠬᠠᠶ ᠠᠩᠭᠢ ᠪᠠᠶᠢᠭᠤᠯᠬᠤ ᠬᠡᠷᠡᠭᠲᠡᠶ︔ ᠠᠷᠠᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠡᠷᠦᠬᠡ ᠪᠦᠷᠢ ᠶᠢᠨ ᠮᠠᠯᠴᠢᠨ ᠲᠠᠷᠢᠶᠠᠴᠢᠨ ᠤ | ᠮᠡᠳᠡᠪᠡᠯ ᠵᠣᠬᠢᠬᠤ ᠶᠢ ᠨᠢ ᠪᠦᠬᠦᠨ ᠢ ᠮᠡᠳᠡᠬᠦ ᠶᠢ ᠪᠠᠲᠤᠯᠠᠬᠤ ᠬᠡᠷᠡᠭᠲᠡᠶ︔ ᠬᠠᠷᠢᠶ᠎ᠠ ᠣᠷᠣᠨ ᠤ ᠮᠠᠯᠴᠢᠨ ᠲᠠᠷᠢᠶᠠᠴᠢᠨ ᠤ | ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ | ᠲᠣᠳᠣᠷᠬᠠᠶ ᠣᠶᠢᠯᠠᠭᠠᠵᠤ᠂ ᠨᠢᠭᠡ ᠲᠣᠰᠬᠤᠨ ᠢ ᠴᠤ ᠣᠷᠬᠢᠭᠳᠠᠭᠤᠯᠬᠤ ᠥᠬᠡᠶ᠂ ᠨᠢᠭᠡ ᠡᠷᠦᠬᠡ ᠶᠢ ᠴᠦ | ᠣᠷᠬᠢᠭᠳᠠᠭᠤᠯᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ︔ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠢᠳᠡᠪᠬᠢᠲᠡᠢ | ᠬᠠᠮᠵᠢᠯᠴᠠᠨ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠯᠭ᠎ᠠ ᠳᠤ ᠬᠡᠷᠡᠭᠯᠡᠬᠦ ᠨᠡᠭᠦᠷᠡᠰᠦᠨ ᠤ ᠲᠤᠭ᠎ᠠ | ᠬᠡᠮᠵᠢᠶ᠎ᠡ ᠶᠢ ᠪᠦᠷᠢᠳᠬᠡᠨ ᠳᠡᠭᠡᠭᠰᠢ ᠮᠡᠳᠡᠭᠦᠯᠬᠦ᠂ ᠪᠠᠯᠠ ᠮᠥᠩᠭᠦ ᠶᠢ ᠬᠢᠨᠠᠨ ᠬᠠᠷᠭᠤᠭᠤᠯᠬᠤ ᠪᠠ ᠬᠢᠨᠠᠯᠲᠠ ᠲᠠᠯᠪᠢᠵᠤ | ᠬᠠᠮᠢᠶᠠᠷᠬᠤ ᠵᠡᠷᠭᠡ ᠠᠵᠢᠯ ᠢ ᠰᠠᠶᠢᠲᠤᠷ ᠬᠢᠬᠦ ᠶᠢᠨ ᠬᠠᠮᠲᠤ᠂ ᠲᠤᠭ᠎ᠠ ᠪᠠᠷᠢᠮᠲᠠ ᠶᠢᠨ ᠦᠨᠡᠨ ᠪᠣᠳᠠᠲᠠᠶ ᠵᠥᠪ | ᠣᠨᠣᠪᠴᠢᠲᠠᠶ ᠪᠠᠶᠢᠬᠤ ᠶᠢ ᠪᠠᠲᠤᠯᠠᠵᠤ᠂ ᠭᠦᠢᠴᠡᠳᠭᠡᠬᠦ ᠲᠤᠭ᠎ᠠ ᠶᠢ ᠬᠤᠳᠠᠯ ᠢᠶᠠᠷ ᠮᠡᠳᠡᠭᠦᠯᠬᠦ᠂ ᠢᠯᠡᠭᠦᠦ ᠮᠡᠳᠡᠭᠦᠯᠬᠦ | ᠪᠠ ᠰᠠᠷᠢᠭᠠᠯᠠᠬᠤ ᠵᠢᠴᠢ ᠬᠤᠷᠠᠮᠳᠤᠭᠤᠯᠤᠨ ᠳᠠᠷᠤᠬᠤ ᠦᠵᠡᠭᠳᠡᠯ ᠢ ᠡᠷᠡᠰ ᠬᠤᠷᠢᠭᠯᠠᠬᠤ ᠬᠡᠷᠡᠭᠲᠡᠶ︔ ᠢᠯᠡ ᠨᠡᠶᠢᠲᠡᠯᠡᠬᠦ | ᠳᠦᠷᠢᠮ ᠢ ᠴᠢᠩᠭ᠎ᠠ ᠬᠡᠷᠡᠭᠵᠢᠭᠦᠯᠵᠦ᠂ ᠲᠠᠷᠢᠶᠠᠯᠠᠬᠤ ᠮᠠᠯᠵᠢᠬᠤ ᠡᠷᠦᠬᠡ ᠶᠢ ᠨᠤᠲᠠᠯᠠᠨ ᠲᠣᠭᠲᠠᠭᠠᠬᠤ᠂ ᠨᠡᠭᠦᠷᠡᠰᠦᠨ ᠤ | ᠲᠤᠭ᠎ᠠ ᠬᠡᠮᠵᠢᠶ᠎ᠡ᠂ ᠪᠡᠯᠡ ᠮᠥᠩᠭᠦ ᠶᠢᠨ ᠣᠷᠣᠯᠭ᠎ᠠ ᠵᠠᠷᠤᠯᠭ᠎ᠠ ᠵᠡᠷᠭᠡ ᠪᠠᠶᠢᠳᠠᠯ ᠢ ᠴᠠᠭ ᠲᠤᠬᠠᠶ ᠳᠤᠨᠢ ᠢᠯᠡ ᠪᠣᠯᠭᠠᠵᠤ᠂ | ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠶ︔ ᠨᠠᠢᠮᠠᠨ ᠬᠤᠰᠢᠭᠤᠨ ᠤ ᠲᠢᠶᠠᠨ ᠴᠧᠩ | ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠴᠠᠭ ᠲᠤᠬᠠᠶ ᠳᠤᠨᠢ ᠨᠡᠭᠦᠷᠡᠰᠦᠨ ᠤ ᠢᠷᠡᠯᠲᠡ ᠶᠢ ᠪᠠᠲᠤᠯᠠᠬᠤ | ᠨᠡᠭᠦᠷᠡᠰᠦᠨ ᠠᠭᠤᠷᠬᠠᠶ ᠲᠠᠢ ᠨᠡᠪᠲᠡᠷᠡᠯᠴᠡᠨ ᠵᠣᠯᠭᠠᠭᠤᠯᠬᠤ ᠬᠡᠷᠡᠭᠲᠡᠶ᠂ ︽ᠵᠠᠮ ᠱᠤᠭᠤᠮ ᠲᠣᠭᠲᠠᠭᠠᠬᠤ︾᠂ ᠲᠡᠷᠭᠡ | ᠲᠤᠭᠲᠠᠭᠠᠬᠤ᠂ ᠠᠵᠢᠯᠲᠠᠨ ᠢ ᠲᠣᠭᠲᠠᠭᠠᠬᠤ︾ ᠠᠷᠭ᠎ᠠ ᠮᠠᠶ᠋ᠢᠭ ᠶᠤᠰᠤᠭᠠᠷ᠂ ᠨᠡᠭᠦᠷᠡᠰᠦ ᠬᠤᠳᠠᠯᠳᠤᠨ ᠠᠪᠬᠤ ᠶᠢ | ᠲᠤᠬᠢᠷᠠᠭᠤᠯᠤᠨ ᠵᠣᠬᠢᠶᠠᠨ ᠪᠠᠶᠢᠭᠤᠯᠵᠤ᠂ ᠵᠥᠭᠡᠭᠡᠪᠦᠷᠢᠯᠡᠬᠦ᠂ ᠲᠣᠬᠢᠷᠠᠭᠤᠯᠤᠨ ᠬᠦᠷᠭᠡᠬᠦ ᠵᠡᠷᠭᠡ ᠡᠯ᠎ᠡ ᠭᠤᠭᠴᠤᠭ᠎ᠠ ᠶᠢᠨ | ᠠᠵᠢᠯ᠂ ᠨᠡᠭᠦᠷᠡᠰᠦ ᠶᠢ ᠠᠭᠤᠷᠬᠠᠶ ᠠᠴᠠ ᠭᠠᠷᠭᠠᠬᠤ ᠳᠠᠭᠠᠨ ︽ᠡᠨᠡ ᠡᠪᠦᠯ ᠢᠷᠡᠬᠦ ᠬᠠᠪᠤᠷ ᠤᠨ ᠳᠤᠯᠠᠭᠠᠯᠠᠯᠭ᠎ᠠ | ᠬᠠᠩᠭᠠᠬᠤ ᠤᠯᠠᠷᠢᠯ ᠤᠨ ᠠᠷᠠᠳ ᠤᠨ ᠠᠮᠢᠳᠤᠷᠠᠯ ᠤᠨ ᠳᠤᠯᠠᠭᠠᠯᠠᠯᠭ᠎ᠠ ᠳᠤ ᠬᠡᠷᠡᠭᠯᠡᠬᠦ ᠨᠡᠭᠦᠷᠡᠰᠦᠨ ᠤ ᠪᠠᠲᠤᠯᠠᠭ᠎ᠠ ᠶᠢᠨ | ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ | ﹇2023﹈ 53 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠨᠡᠭᠦᠷᠡᠰᠦᠨ ᠤ ᠡᠬᠢ ᠰᠤᠷᠪᠤᠯᠵᠢ ᠶᠢᠨ | ᠠᠭᠤᠷᠬᠠᠶ ᠲᠠᠢ ︽2023 ᠣᠨ ᠤ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ | ᠬᠠᠩᠭᠠᠯᠭ᠎ᠠ ᠶᠢᠨ ᠨᠡᠭᠦᠷᠡᠰᠦ ᠶᠢ ᠲᠤᠰᠢᠶᠠᠬᠤ ᠪᠠ ᠭᠥᠯᠢᠶᠡᠨ ᠠᠪᠬᠤ ᠨᠤᠲᠠᠯᠠᠯᠲᠠ ᠶᠢᠨ ᠪᠢᠴᠢᠭ︾ ᠲᠤᠲᠠᠭᠠᠵᠤ᠂ | ᠴᠢᠬᠤᠯᠠ ᠪᠦᠬᠦᠢ ᠰᠡᠭᠦᠳᠡᠷ ᠪᠠ ᠸᠢᠳᠢᠣ᠋ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠵᠡᠷᠭᠡ ᠶᠢ ᠦᠯᠡᠳᠡᠭᠡᠨ᠎ᠡ᠂ | ᠬᠠᠩᠭᠠᠯᠭ᠎ᠠ ᠬᠡᠷᠡᠭᠴᠡᠭᠡᠨ ᠤ ᠬᠤᠶᠠᠷ ᠲᠠᠯ᠎ᠠ ᠶᠢᠨ ᠬᠠᠷᠢᠭᠤᠴᠠᠯᠭ᠎ᠠ ᠶᠢᠨ ᠵᠠᠭᠠᠭ ᠢ ᠲᠣᠳᠣᠷᠬᠠᠢ ᠪᠤᠯᠭᠠᠬᠤ ᠬᠡᠷᠡᠭᠲᠡᠢ᠃ | ︵ᠭᠤᠷᠪᠠ︶ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠷᠠᠭᠤᠯᠵᠤ᠂ ᠬᠦᠴᠦᠨ ᠢᠶᠠᠨ ᠨᠢᠬᠲᠠᠷᠠᠭᠤᠯᠬᠤ | ᠬᠡᠷᠡᠭᠲᠡᠢ᠃ ᠡᠯ᠎ᠡ ᠭᠠᠵᠠᠷ ᠣᠷᠣᠨ ᠪᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠠᠷᠠᠳ ᠲᠦᠮᠡᠨ ᠢᠶᠠᠷ ᠭᠤᠤᠯ | ᠪᠣᠯᠭᠠᠬᠤ ᠠᠵᠢᠯ ᠤᠨ ᠤᠳᠤᠷᠢᠳᠤᠮᠵᠢ ᠶᠢ ᠪᠠᠷᠢᠮᠲᠠᠯᠠᠵᠤ᠂ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠶᠢᠨ | ᠲᠣᠭᠤᠷᠢᠨ ᠳᠤ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠴᠢᠨᠠᠭᠰᠢᠳᠠ ᠨᠠᠷᠢᠯᠢᠭᠵᠢᠭᠤᠯᠵᠤ᠂ ᠠᠶᠤᠯᠭᠦᠶ | ᠦᠢᠯᠡᠳᠪᠦᠷᠢᠯᠡᠯ ᠪᠠ ᠬᠠᠩᠭᠠᠯᠭ᠎ᠠ ᠶᠢ ᠪᠠᠲᠤᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ | ᠰᠠᠶᠢᠲᠤᠷ ᠬᠢᠵᠦ᠂ ᠡᠪᠦᠯ ᠤᠨ ᠤᠯᠠᠷᠢᠯ ᠤᠨ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠬᠠᠩᠭᠠᠯᠭ᠎ᠠ ᠶᠢ | ᠦᠷᠭᠦᠯᠵᠢᠯᠡᠨ ᠲᠣᠭᠲᠠᠭᠤᠨ ᠪᠠᠶᠢᠯᠭᠠᠬᠤ ᠶᠢ ᠪᠠᠲᠤᠯᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ᠬᠤᠭᠤᠷᠣᠨᠳᠣ ᠪᠠᠨ | ᠠᠵᠢᠯ ᠤᠨ ᠨᠡᠪᠲᠡᠷᠡᠯᠴᠡᠭᠡ᠂ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠪᠠ ᠬᠠᠮᠵᠢᠯᠴᠠᠭ᠎ᠠ ᠪᠠᠨ ᠴᠢᠩᠭᠠᠳᠬᠠᠵᠤ᠂ | ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ ᠪᠦᠬᠦ ᠬᠤᠲᠠ ᠶᠢᠨ ᠮᠠᠯᠴᠢᠨ ᠲᠠᠷᠢᠶᠠᠴᠢᠨ ᠤ | ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠨᠡᠭᠦᠷᠡᠰᠦ ᠬᠡᠷᠡᠭᠯᠡᠬᠦ ᠪᠠᠲᠤᠯᠠᠭ᠎ᠠ ᠶᠢᠨ ᠠᠵᠢᠯ ᠢ ᠪᠦᠬᠦ ᠲᠠᠯ᠎ᠠ ᠪᠠᠷ | ᠰᠠᠢᠲᠤᠷ ᠬᠢᠬᠦ ᠬᠡᠷᠡᠭᠲᠡᠢ︔ ᠬᠠᠷᠢᠭᠤᠴᠠᠯᠭ᠎ᠠ ᠲᠣᠳᠣᠷᠬᠠᠶ᠂ ᠲᠣᠬᠢᠷᠠᠭᠤᠯᠤᠯᠲᠠ ᠡᠮᠬᠢ ᠵᠢᠷᠤᠮ ᠲᠠᠢ ᠪᠠᠶᠢᠬᠤ ᠶᠢ | ᠪᠡᠶᠡᠯᠡᠭᠦᠯᠵᠦ᠂ ᠬᠠᠬᠢᠷ ᠬᠦᠢᠲᠡᠨ ᠠᠭᠤᠷ ᠠᠮᠢᠰᠬᠤᠯ ᠢᠷᠡᠬᠦ ᠠᠴᠠ ᠡᠮᠦᠨ᠎ᠡ ᠳᠤᠯᠠᠭᠠᠯᠠᠭ᠎ᠠ ᠳᠤ ᠬᠡᠷᠡᠭᠯᠡᠬᠦ | ᠨᠡᠭᠦᠷᠡᠰᠦᠨ ᠤ ᠴᠢᠨᠠᠷ᠂ ᠲᠤᠭ᠎ᠠ ᠬᠡᠮᠵᠢᠶ᠎ᠡ ᠶᠢ ᠪᠠᠲᠤᠯᠠᠨ ᠮᠠᠯᠴᠢᠨ ᠲᠠᠷᠢᠶᠠᠴᠢᠨ ᠤ ᠭᠠᠷ ᠲᠤ ᠬᠤᠳᠠᠯᠳᠤᠵᠤ᠂ ᠪᠥᠬᠦ | ᠬᠤᠰᠢᠭᠤᠨ ᠤ ᠮᠠᠯᠴᠢᠨ ᠲᠠᠷᠢᠶᠠᠴᠢᠨ ᠤ ᠳᠤᠯᠠᠭᠠᠨ ᠪᠦᠯᠢᠶᠡᠨ ᠡᠪᠦᠯᠵᠢᠬᠦ ᠳᠤ ᠪᠥᠬᠦ ᠲᠠᠯ᠎ᠠ ᠶᠢᠨ ᠦᠢᠯᠡᠴᠢᠯᠡᠭᠡ ᠪᠠ | ᠪᠠᠲᠤᠯᠠᠭ᠎ᠠ ᠬᠠᠩᠭᠠᠬᠤ ᠪᠠᠷ ᠴᠢᠷᠮᠠᠶᠢᠬᠤ ᠬᠡᠷᠡᠭᠲᠡᠶ᠃ | ︵ᠳᠥᠷᠪᠡ︶ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠵᠢᠯᠣᠭᠤᠳᠬᠤ ᠶᠢ ᠴᠢᠩᠭᠠᠳᠬᠠᠵᠤ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠬᠡᠷᠡᠭᠲᠡᠶ᠃ ᠡᠯ᠎ᠡ ᠭᠠᠵᠠᠷ ᠣᠷᠣᠨ ᠪᠠ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠮᠠᠯᠴᠢᠨ ᠲᠠᠷᠢᠶᠠᠴᠢᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ | ᠨᠡᠭᠦᠷᠡᠰᠦᠨ ᠤ ᠪᠠᠲᠤᠯᠠᠭ᠎ᠠ ᠶᠢᠨ ᠠᠵᠢᠯ ᠢ ᠰᠢᠮᠳᠠᠭᠤᠯᠤᠨ ᠪᠠᠶᠢᠴᠠᠭᠠᠬᠤ ᠪᠠ ᠪᠠᠶᠢᠴᠠᠭᠠᠬᠤ ᠲᠥᠯᠥᠪᠯᠡᠭᠡ ᠳᠤ | ᠣᠷᠣᠭᠤᠯᠵᠤ᠂ ᠡᠳᠦᠷ ᠲᠤᠲᠤᠮ ᠤᠨ ᠪᠠᠶᠢᠴᠠᠭᠠᠯᠲᠠ ᠪᠠ ᠲᠤᠰᠬᠠᠶ ᠰᠢᠮᠳᠠᠭᠤᠯᠤᠨ ᠵᠢᠯᠣᠭᠤᠳᠬᠤ ᠶᠢ ᠴᠢᠩᠭᠠᠳᠬᠠᠨ᠂ | ᠡᠯ᠎ᠡ ᠭᠠᠵᠠᠷ ᠣᠷᠣᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠭᠤᠤᠯᠳᠠᠯᠭ᠎ᠠ ᠲᠠᠢ ᠬᠦᠴᠢᠷ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠵᠦ᠂ ᠠᠵᠢᠯ ᠤᠨ ᠠᠬᠢᠴᠠ ᠤᠳᠠᠭᠠᠨ᠂ ᠬᠠᠷᠢᠯᠴᠠᠨ ᠲᠦᠯᠬᠢᠯᠴᠡᠬᠦ᠂ ᠬᠠᠷᠢᠭᠤᠴᠠᠯᠭ᠎ᠠ | ᠡᠭᠦᠷᠭᠡᠯᠡᠬᠦ ᠥᠬᠡᠶ᠂ ᠠᠵᠢᠯ ᠥᠯᠥ ᠬᠢᠬᠦ ᠵᠡᠷᠭᠡ ᠠᠰᠠᠭᠤᠳᠠᠯ ᠢᠯᠡᠷᠡᠪᠡᠯ᠂ ᠲᠥᠪ ᠴᠢᠩᠭ᠎ᠠ ᠪᠠᠷ ᠬᠠᠷᠢᠭᠤᠴᠠᠯᠭ᠎ᠠ | ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠬᠡᠷᠡᠭᠲᠡᠶ︔ ᠳᠤᠮᠳᠠ ᠠᠴᠠ ᠨᠢ ᠠᠰᠢᠭ ᠣᠯᠵᠤ ᠱᠠᠮᠰᠢᠭᠰᠠᠨ ᠵᠡᠷᠭᠡ | ᠰᠠᠬᠢᠯᠭ᠎ᠠ ᠪᠠᠲᠤ ᠳᠦᠷᠢᠮ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠤᠨ ᠰᠦᠪᠡᠭᠴᠢ ᠶᠢ ᠣᠯᠵᠤ ᠮᠡᠳᠡᠪᠡᠯ᠂ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠴᠠᠭ ᠲᠤᠬᠠᠶ ᠳᠤᠨᠢ ᠰᠢᠯᠵᠢᠭᠦᠯᠦᠨ ᠬᠦᠷᠭᠡᠬᠦ | ᠬᠡᠷᠡᠭᠲᠡᠶ᠃ ᠡᠭᠦᠨ ᠤ ᠵᠡᠷᠭᠡᠴᠡᠪᠡᠷ᠂ ᠡᠯ᠎ᠡ ᠱᠠᠲᠤᠨ ᠤ ᠬᠤᠯᠪᠣᠭᠳᠠᠯ ᠪᠥᠬᠦᠢ ᠰᠠᠯᠠᠭ᠎ᠠ ᠮᠥᠴᠢᠷ ᠬᠠᠷᠢᠶ᠎ᠠ | ᠭᠠᠵᠠᠷ ᠲᠤᠨᠢ ᠬᠢᠨᠠᠯᠲᠠ ᠲᠠᠯᠪᠢᠵᠤ ᠵᠢᠯᠣᠭᠤᠳᠬᠤ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠨ᠂ ᠰᠠᠷᠢᠭᠠᠯᠠᠨ | ᠬᠤᠳᠠᠯᠳᠤᠭᠠᠯᠠᠬᠤ᠂ ᠠᠯᠲᠠ ᠶᠢ ᠨᠢ ᠠᠷᠭᠠᠯ ᠢᠶᠠᠷ ᠰᠤᠯᠢᠬᠤ᠂ ᠮᠠᠭᠤ ᠪᠠᠷ ᠰᠠᠶᠢᠨ ᠢ ᠤᠷᠤᠯᠠᠬᠤ᠂ ᠳᠤᠷ᠎ᠠ ᠪᠠᠷ ᠢᠶᠠᠨ | ᠦᠨ᠎ᠡ ᠨᠡᠮᠡᠬᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠬᠤ ᠥᠢᠯᠡ ᠠᠵᠢᠯᠯᠠᠭ᠎ᠠ ᠲᠤ ᠡᠷᠡᠰ ᠴᠣᠬᠢᠯᠲᠠ | ᠥᠭᠴᠦ᠂ ᠲᠠᠷᠢᠶᠠᠴᠢᠨ ᠮᠠᠯᠴᠢᠳ ᠤᠨ ᠡᠪᠦᠯ ᠤᠨ ᠤᠯᠠᠷᠢᠯ ᠤᠨ ᠳᠤᠯᠠᠭᠠᠯᠠᠯᠭ᠎ᠠ ᠳᠤ ᠨᠡᠭᠦᠷᠡᠰᠦ ᠬᠡᠷᠡᠭᠯᠡᠬᠦ ᠶᠢ | ᠪᠠᠲᠤᠯᠠᠬᠤ ᠠᠵᠢᠯ ᠢ ᠡᠮᠬᠢ ᠵᠢᠷᠤᠮ ᠲᠠᠢ ᠪᠠᠷ ᠲᠥᠯᠬᠢᠨ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠲᠠᠪᠤ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠷᠠᠭᠤᠯᠵᠤ᠂ ᠶᠠᠷᠢᠶ᠎ᠠ ᠬᠡᠯᠡᠯᠴᠡᠭᠡᠨ ᠤ | ᠪᠠᠶᠢᠳᠠᠯ ᠢ ᠪᠦᠲᠦᠮᠵᠢᠲᠡᠶ ᠬᠠᠮᠢᠶᠠᠷᠤᠨ ᠡᠵᠡᠮᠳᠡᠬᠦ ᠬᠡᠷᠡᠭᠲᠡᠢ᠃ ᠡᠯ᠎ᠡ ᠭᠠᠵᠠᠷ ᠪᠣᠯᠤᠨ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠷᠠᠳᠢᠤ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠣᠯᠠᠨ ᠵᠦᠢᠯ ᠤᠨ | ᠵᠠᠭᠤᠴᠢᠯᠠᠭᠤᠷ ᠢ ᠭᠦᠢᠴᠡᠳ ᠬᠡᠷᠡᠭᠯᠡᠨ᠂ ᠡᠨᠡᠬᠦ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠤᠨ ᠴᠢᠬᠤᠯᠠ ᠠᠴᠢ | ᠬᠤᠯᠪᠣᠭᠳᠠᠯ ᠪᠣᠯᠤᠨ ᠠᠵᠢᠯ ᠤᠨ ᠦᠷ᠎ᠡ ᠪᠦᠲᠦᠮᠵᠢ ᠶᠢ ᠶᠡᠬᠡᠪᠡᠷ ᠤᠬᠠᠭᠤᠯᠵᠤ᠂ ᠨᠡᠶᠢᠭᠡᠮ ᠤᠨ ᠠᠩᠬᠠᠷᠤᠯ ᠲᠠᠯᠪᠢᠵᠤ | ᠪᠠᠶᠢᠭ᠎ᠠ ᠶᠠᠪᠤᠳᠠᠯ ᠳᠤ ᠬᠠᠷᠢᠭᠤᠯᠲᠠ ᠥᠭᠴᠦ᠂ ᠡᠷᠬᠡ ᠰᠦᠷᠲᠦ ᠮᠡᠳᠡᠭᠡ ᠵᠠᠩᠭᠢ ᠨᠡᠶᠢᠲᠡᠯᠡᠨ᠂ ᠪᠦᠬᠦ | ᠨᠡᠶᠢᠭᠡᠮ ᠢᠶᠠᠷ ᠢᠶᠠᠨ ᠲᠠᠷᠢᠶᠠᠴᠢᠨ ᠮᠠᠯᠴᠢᠳ ᠤᠨ ᠡᠪᠦᠯ ᠤᠨ ᠤᠯᠠᠷᠢᠯ ᠤᠨ ᠳᠤᠯᠠᠭᠠᠯᠠᠯᠭ᠎ᠠ ᠳᠤ ᠨᠡᠭᠦᠷᠡᠰᠦ ᠬᠡᠷᠡᠭᠯᠡᠬᠦ | ᠠᠵᠢᠯ ᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠣᠷᠴᠢᠨ ᠠᠬᠤᠶ ᠶᠢ ᠴᠢᠷᠮᠠᠶᠢᠨ ᠪᠣᠶ ᠪᠣᠯᠭᠠᠬᠤ ᠬᠡᠷᠡᠭᠲᠡᠶ᠃ | ᠡᠭᠦᠨ ᠤ ᠬᠠᠮᠲᠤ᠂ ᠠᠵᠢᠯ ᠤᠨ ᠳᠤᠮᠳᠠᠬᠢ ᠰᠠᠶᠢᠨ ᠲᠤᠷᠰᠢᠯᠭ᠎ᠠ ᠶᠢ ᠴᠠᠭ ᠲᠤᠬᠠᠶ ᠳᠤᠨᠢ ᠳ᠋ᠦᠩᠨᠡᠨ᠂ ᠳᠡᠯᠭᠡᠷᠡᠭᠦᠯᠵᠦ | ᠪᠣᠯᠬᠤ ᠨᠡᠶᠢᠲᠡᠯᠢᠭ ᠲᠤᠷᠰᠢᠯᠭ᠎ᠠ ᠶᠢ ᠪᠦᠷᠢᠯᠳᠦᠭᠦᠯᠵᠦ᠂ ᠪᠥᠬᠦ ᠬᠤᠰᠢᠭᠤᠨ ᠳᠤ ᠥᠷᠭᠡᠨ ᠢᠶᠠᠷ ᠳᠡᠯᠭᠡᠷᠡᠭᠦᠯᠬᠦ ᠬᠡᠷᠡᠭᠲᠡᠶ | ᠃ | |