ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠯᠢᠦ ᠬᠤᠤ ᠲᠠᠷᠢᠶᠠᠯᠠᠩ ᠤᠨ | ᠲᠠᠯᠠᠪᠠᠶ ᠶᠢᠨ ᠬᠠᠮᠢᠶᠠᠷᠤᠯᠲᠠ ᠶᠢᠨ ᠵᠥᠪᠯᠡᠯ᠂ ᠳᠠᠴᠢᠨᠲᠠᠯ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ | ᠲᠦᠩᠯᠢᠶᠣᠣ ᠶᠢᠨ ᠨᠠᠢᠮᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ | ᠬᠤᠰᠢᠭᠤᠨ ᠤ ᠵᠠᠰᠠᠭ ᠤᠨ ᠣᠷᠳᠣᠨ ᠤ ᠡᠯ᠎ᠡ ᠵᠥᠪᠯᠡᠯ ᠠᠯᠪᠠᠨ ᠭᠡᠷ ᠲᠣᠪᠴᠢᠶ᠎ᠠ ᠵᠢᠴᠢ ᠡᠯ᠎ᠡ ᠠᠷᠠᠳ ᠤᠨ ᠪᠦᠯᠬᠦᠮ᠂ | ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠄ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠪᠠ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠵᠣᠬᠢᠶᠠᠨ ᠪᠠᠶᠢᠭᠤᠯᠬᠤ ᠬᠠᠤᠯᠢ︾ ᠶᠢᠨ ᠲᠣᠭᠲᠠᠭᠠᠯ ᠢ ᠦᠨᠳᠦᠰᠦᠯᠡᠨ᠂ ᠬᠤᠰᠢᠭᠤᠨ ᠤ ᠵᠠᠰᠠᠭ ᠤᠨ | ᠣᠷᠳᠣᠨ ᠨᠢ ᠬᠤᠰᠢᠭᠤᠨ ᠳᠠᠷᠤᠭ᠎ᠠ ᠶᠢᠨ ᠬᠠᠷᠢᠭᠤᠴᠠᠬᠤ ᠳᠦᠷᠢᠮ ᠢ ᠬᠡᠷᠡᠭᠵᠢᠭᠦᠯᠵᠦ᠂ ᠬᠤᠰᠢᠭᠤᠨ ᠤ ᠵᠠᠰᠠᠭ ᠤᠨ | ᠣᠷᠳᠣᠨ ᠤ ᠳᠡᠳ᠋ ᠬᠤᠰᠢᠭᠤᠨ ᠳᠠᠷᠤᠭ᠎ᠠ ᠨᠢ ᠬᠤᠰᠢᠭᠤᠨ ᠳᠠᠷᠤᠭ᠎ᠠ ᠶᠢᠨ ᠠᠵᠢᠯ ᠳᠤ ᠬᠠᠮᠵᠢᠯᠴᠠᠨ᠎ᠠ᠃ ᠠᠵᠢᠯᠲᠠᠨ ᠤ | ᠶᠠᠪᠤᠳᠠᠯ ᠤᠨ ᠬᠤᠪᠢᠷᠠᠯᠲᠠ ᠶᠢᠨ ᠪᠠᠶᠢᠳᠠᠯ ᠪᠠ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠬᠤᠰᠢᠭᠤᠨ ᠤ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠬᠤ ᠪᠠᠷ ᠳᠡᠮᠵᠢᠨ᠂ | ᠬᠤᠰᠢᠭᠤᠨ ᠤ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ᠂ ᠳᠡᠳ᠋ ᠬᠤᠰᠢᠭᠤᠨ ᠳᠠᠷᠤᠭ᠎ᠠ ᠶᠢᠨ ᠠᠵᠢᠯ ᠳᠤ | ᠳᠣᠣᠷᠠᠬᠢ ᠮᠡᠲᠦ ᠲᠣᠬᠢᠷᠠᠭᠤᠯᠤᠯᠲᠠ ᠬᠢᠪᠡ᠄ | ᠪᠦᠦ ᠯᠢᠶᠠᠨ ᠱᠠᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠨᠢ | ᠬᠤᠰᠢᠭᠤᠨ ᠤ ᠵᠠᠰᠠᠭ ᠤᠨ ᠣᠷᠳᠣᠨ ᠪᠣᠯᠣᠨ ᠲᠦᠩᠯᠢᠶᠣᠣ ᠶᠢᠨ ᠨᠠᠢᠮᠠᠨ ᠤ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠪᠥᠬᠦ ᠲᠠᠯ᠎ᠠ ᠶᠢᠨ ᠠᠵᠢᠯ ᠢ ᠡᠷᠭᠢᠯᠡᠵᠦ᠂ ᠬᠢᠨᠠᠨ ᠪᠤᠳᠤᠬᠤ ᠵᠡᠷᠭᠡ ᠲᠠᠯ᠎ᠠ ᠶᠢᠨ ᠠᠵᠢᠯ ᠢ | ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ ᠬᠤᠰᠢᠭᠤᠨ ᠤ ᠬᠢᠨᠠᠨ ᠪᠤᠳᠤᠬᠤ ᠲᠣᠪᠴᠢᠶ᠎ᠠ᠃ | ᠯᠢ ᠸᠧᠢ ᠵᠥᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ | ᠳᠠᠷᠤᠭ᠎ᠠ᠂ ᠪᠦᠦ ᠯᠢᠶᠠᠨ ᠱᠠᠨ ᠬᠤᠰᠢᠭᠤᠨ ᠳᠠᠷᠤᠭ᠎ᠠ ᠶᠢ ᠬᠠᠪᠰᠤᠷᠤᠨ ᠪᠡᠭᠡᠵᠢᠩ ᠥᠪᠥᠷ ᠮᠣᠩᠭᠤᠯ ᠤᠨ ᠠᠵᠢᠯ | ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠠᠵᠢᠯ ᠢ ᠬᠠᠷᠢᠭᠤᠴᠠᠨ᠎ᠠ᠃ | ᠰᠤ᠋ ᠯᠢ ᡁᠢ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ | ᠳᠠᠷᠤᠭ᠎ᠠ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠪᠦᠦ ᠯᠢᠶᠠᠨ ᠱᠠᠨ | ᠬᠤᠰᠢᠭᠤᠨ ᠳᠠᠷᠤᠭ᠎ᠠ ᠶᠢ ᠬᠠᠪᠰᠤᠷᠤᠨ ᠡᠳ᠋ ᠤᠨ ᠵᠠᠰᠠᠭ ᠤᠨ ᠠᠵᠢᠯ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ | ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠲᠠᠷᠢᠶᠠᠯᠠᠬᠤ ᠣᠷᠣᠨ᠂ ᠰᠢᠨᠵᠢᠯᠡᠬᠦ ᠤᠬᠠᠭᠠᠨ ᠮᠡᠷᠭᠡᠵᠢᠯ᠂ ᠣᠶ ᠰᠢᠭᠤᠢ | ᠨᠤᠲᠤᠭ ᠪᠡᠯᠴᠢᠭᠡᠷ᠂ ᠤᠰᠤᠨ ᠤ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠯᠠᠨ | ᠨᠡᠶᠢᠲᠡ ᠶᠢᠨ ᠡᠬᠢ ᠪᠠᠶᠠᠯᠢᠭ ᠢ ᠠᠷᠠᠯᠵᠢᠶᠠᠯᠠᠬᠤ᠂ ᠪᠠᠶᠢᠭᠤᠯᠭ᠎ᠠ ᠶᠢᠨ ᠶᠠᠪᠤᠳᠠᠯ᠂ ᠪᠡᠭᠡᠵᠢᠩ ᠥᠪᠥᠷ ᠮᠣᠩᠭᠤᠯ ᠤᠨ | ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ᠂ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ᠂ ᠨᠡᠶᠢᠲᠡ ᠶᠢᠨ ᠥᠮᠴᠢᠯᠡᠯᠲᠦ ᠪᠤᠰᠤ ᠠᠵᠤ ᠠᠬᠤᠢ ᠶᠢᠨ ᠬᠠᠮᠢᠶᠠᠷᠤᠯᠲᠠ᠂ ᠬᠠᠩᠭᠠᠨ | ᠪᠣᠷᠣᠯᠠᠭᠤᠯᠬᠤ ᠬᠠᠮᠲᠤᠷᠠᠯᠴᠠᠭ᠎ᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠵᠡᠷᠭᠡ ᠲᠠᠯ᠎ᠠ ᠶᠢᠨ ᠠᠵᠢᠯ ᠢ | ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ ︵ᠭᠠᠳᠠᠭᠠᠳᠤ ᠶᠠᠪᠤᠳᠠᠯ ᠤᠨ | ᠠᠯᠪᠠᠨ ᠭᠡᠷ︶᠂ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ︶᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠰᠤᠨ ᠤ ᠶᠠᠪᠤᠳᠠᠯ ᠤᠨ | ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶᠠᠨ ᠤ ᠲᠥᠪ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠪᠠᠶᠢᠭᠠᠯᠢ ᠶᠢᠨ | ᠴᠡᠴᠡᠷᠯᠢᠭ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ᠂ ᠮᠧᠩ ᠵᠢᠶᠠ ᠳ᠋ᠤᠸᠠᠨ ᠤ ᠤᠯᠤᠰ ᠤᠨ ᠨᠤᠭᠤ ᠭᠠᠵᠠᠷ ᠤᠨ | ᠴᠡᠴᠡᠷᠯᠢᠭ ᠤᠨ ᠬᠠᠮᠢᠶᠠᠷᠤᠯᠲᠠ ᠶᠢᠨ ᠭᠠᠵᠠᠷ᠂ ᠬᠠᠩᠭᠠᠨ ᠪᠣᠷᠣᠯᠠᠭᠤᠯᠬᠤ ᠬᠤᠷᠰᠢᠶ᠎ᠠ᠂ ᠤᠯᠤᠰ ᠤᠨ ᠦᠮᠴᠢᠯᠡᠯᠲᠦ | ᠠᠵᠤ ᠠᠬᠤᠶᠢᠯᠠᠯ᠂ ᠪᠦᠦ ᠯᠢᠶᠠᠨ ᠱᠠᠨ ᠬᠤᠰᠢᠭᠤᠨ ᠳᠠᠷᠤᠭ᠎ᠠ ᠶᠢ ᠬᠠᠪᠰᠤᠷᠤᠨ ᠬᠤᠰᠢᠭᠤᠨ ᠤ ᠬᠢᠨᠠᠨ ᠪᠤᠳᠤᠬᠤ | ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ | ᠬᠠᠷᠢᠯᠴᠠᠬᠤ ᠨᠢ᠄ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ | ᠤᠯᠤᠰ ᠲᠥᠷᠥ ᠶᠢᠨ ᠵᠥᠪᠯᠡᠯᠭᠡᠨ᠂ ᠬᠢᠨᠠᠨ ᠪᠠᠶᠢᠴᠠᠭᠠᠬᠤ ᠵᠥᠪᠯᠡᠯ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ | ᠣᠷᠳᠣᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠨᠠᠢᠮᠠᠨ ᠬᠤᠰᠢᠭᠤᠨ ᠤ ᠭᠠᠶᠢᠯᠢ ᠶᠢᠨ | ᠶᠠᠪᠤᠳᠠᠯ ᠤᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠴᠠᠭ ᠠᠭᠤᠷ ᠤᠨ ᠲᠣᠪᠴᠢᠶ᠎ᠠ᠂ | ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠠᠮᠢ ᠠᠬᠤᠢ ᠶᠢᠨ ᠪᠣᠯᠪᠠᠰᠤᠨ ᠵᠢᠴᠢ ᠡᠯᠡᠰᠦ ᠡᠪᠡᠰᠦᠨ ᠤ ᠠᠵᠤ | ᠦᠢᠯᠡᠰ ᠢ ᠠᠬᠢᠭᠤᠯᠬᠤ ᠨᠡᠶᠢᠭᠡᠮᠯᠢᠭ᠂ ᠬᠠᠭᠤᠴᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠲᠠᠷᠢᠶᠠᠨ | ᠭᠠᠵᠠᠷ ᠤᠨ ᠠᠮᠢ ᠠᠬᠤᠢ ᠶᠢᠨ ᠰᠢᠰᠲ᠋ᠧᠮ ᠤᠨ ᠤᠯᠤᠰ ᠤᠨ ᠬᠡᠭᠡᠷ᠎ᠡ ᠶᠢᠨ ᠰᠢᠨᠵᠢᠯᠡᠬᠦ ᠤᠬᠠᠭᠠᠨ ᠤ ᠠᠵᠢᠭᠯᠠᠨ ᠰᠢᠨᠵᠢᠬᠦ | ᠰᠤᠳᠤᠯᠭᠠᠨ ᠤ ᠥᠷᠲᠡᠭᠡ᠃ | ᠪᠦᠦ ᠯᠢᠶᠠᠨ ᠱᠠᠨ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠵᠠᠩ ᠬᠤᠩ ᠪᠢᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ | ᠳᠠᠷᠤᠭ᠎ᠠ᠂ ᠪᠦᠦ ᠯᠢᠶᠠᠨ ᠱᠠᠨ ᠬᠤᠰᠢᠭᠤᠨ ᠳᠠᠷᠤᠭ᠎ᠠ ᠶᠢ ᠬᠠᠪᠰᠤᠷᠤᠨ ᠰᠤᠷᠭᠠᠨ ᠬᠥᠮᠦᠵᠢᠯ᠂ ᠪᠡᠶ᠎ᠡ ᠶᠢᠨ ᠲᠠᠮᠢᠷ᠂ | ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮ ᠡᠮᠨᠡᠯᠭᠡ ᠶᠢᠨ ᠪᠠᠲᠤᠯᠠᠭ᠎ᠠ᠂ ᠰᠣᠶᠣᠯ ᠵᠢᠭᠤᠯᠴᠢᠯᠠᠯ᠂ ᠵᠡᠭᠡᠯᠢ ᠭᠤᠳᠤᠮᠵᠢ | ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠠᠬᠤ᠄ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠣᠶᠣᠯ | ᠪᠠ ᠵᠢᠭᠤᠯᠴᠢᠯᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ᠂ ᠳᠠᠴᠢᠨᠲᠠᠯ᠎ᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠃ | ᠬᠠᠷᠢᠯᠴᠠᠬᠤ ᠨᠢ᠄ ᠡᠪ ᠬᠠᠮᠲᠤ ᠵᠠᠯᠠᠭᠤᠴᠤᠳ ᠤᠨ ᠡᠪᠯᠡᠯ ᠤᠨ ᠨᠠᠢᠮᠠᠨ ᠬᠤᠰᠢᠭᠤᠨ ᠤ ᠵᠥᠪᠯᠡᠯ᠂ | ᠡᠮᠡᠭᠲᠡᠶᠢᠴᠦᠳ ᠤᠨ ᠬᠤᠯᠪᠤᠭ᠎ᠠ᠂ ᠪᠣᠭᠤᠮᠲᠠ ᠶᠢᠨ ᠠᠵᠢᠯ ᠤᠨ ᠵᠥᠪᠯᠡᠯ᠂ ᠨᠠᠰᠤᠲᠠᠶᠢᠴᠤᠳ ᠤᠨ ᠪᠡᠶ᠎ᠡ ᠶᠢᠨ | ᠲᠠᠮᠢᠷ ᠤᠨ ᠨᠡᠶᠢᠭᠡᠮᠯᠢᠭ᠂ ᠬᠥᠯ ᠪᠥᠮᠪᠦᠭᠡ ᠶᠢᠨ ᠨᠡᠶᠢᠭᠡᠮᠯᠢᠭ᠂ ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠣᠭᠠᠲᠤ | ᠬᠤᠷᠠᠯ᠂ ᠰᠢᠨᠬᠤᠸᠠ ᠨᠣᠮ ᠤᠨ ᠳᠡᠯᠭᠡᠭᠦᠷ᠂ ᠥᠪᠥᠷ ᠮᠣᠩᠭᠤᠯ ᠤᠨ ᠷᠠᠳᠢᠣ᠋ ᠲᠧᠯᠸᠢᠰ ᠤᠨ ᠰᠦᠯᠵᠢᠶᠡᠨ ᠤ | ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠢᠮᠠᠨ ᠤ ᠬᠤᠪᠢᠶᠠᠷᠢ ᠺᠣᠮᠫᠠᠨᠢ᠂ 734 ᠬᠠᠷᠪᠤᠯᠲᠠ ᠶᠢᠨ ᠲᠠᠪᠴᠠᠩ᠃ | ᠪᠦᠦ ᠯᠢᠶᠠᠨ ᠱᠠᠨ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠸᠠᠩ ᠸᠧᠢ ᠱᠧᠩ᠂ ᠳᠡᠳ᠋ ᠬᠤᠰᠢᠭᠤᠨ ᠳᠠᠷᠤᠭ᠎ᠠ᠂ ᠪᠦᠦ ᠯᠢᠶᠠᠨ ᠱᠠᠨ ᠬᠤᠰᠢᠭᠤᠨ ᠳᠠᠷᠤᠭ᠎ᠠ ᠶᠢ ᠬᠠᠪᠰᠤᠷᠤᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠪᠠᠶᠢᠭᠠᠯᠢ ᠶᠢᠨ ᠡᠬᠢ ᠪᠠᠶᠠᠯᠢᠭ᠂ | ᠬᠥᠮᠥᠨ ᠤ ᠬᠦᠴᠦᠨ ᠤ ᠡᠬᠢ ᠪᠠᠶᠠᠯᠢᠭ᠂ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠬᠤᠲᠠ ᠶᠢᠨ | ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠥᠪ᠂ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ᠂ | ᠬᠤᠲᠠ ᠶᠢᠨ ᠬᠠᠮᠢᠶᠠᠷᠤᠯᠲᠠ ᠶᠢᠨ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠃ | ᠬᠠᠷᠢᠯᠴᠠᠬᠤ ᠨᠢ᠄ ᠲᠦᠩᠯᠢᠶᠣᠣ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ ᠲᠥᠪ ᠤᠨ ᠨᠠᠢᠮᠠᠨ ᠬᠤᠰᠢᠭᠤᠨ ᠤ ᠦᠢᠯᠡᠴᠢᠯᠡᠭᠡᠨ ᠤ ᠬᠡᠯᠲᠡᠰ᠃ | ᠪᠦᠦ ᠯᠢᠶᠠᠨ ᠱᠠᠨ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠸᠠᠩ ᠳ᠋ᠦᠩ᠂ ᠳᠡᠳ᠋ ᠬᠤᠰᠢᠭᠤᠨ ᠳᠠᠷᠤᠭ᠎ᠠ᠂ ᠪᠦᠦ ᠯᠢᠶᠠᠨ ᠱᠠᠨ ᠬᠤᠰᠢᠭᠤᠨ ᠳᠠᠷᠤᠭ᠎ᠠ ᠶᠢ ᠬᠠᠪᠰᠤᠷᠤᠨ | ᠦᠨᠳᠦᠰᠦᠲᠡᠨ ᠤ ᠬᠡᠷᠡᠭ ᠶᠠᠪᠤᠳᠠᠯ᠂ ᠠᠷᠠᠳ ᠤᠨ ᠶᠠᠪᠤᠳᠠᠯ᠂ ᠲᠣᠮᠣ ᠳ᠋ᠠᠶᠢᠲ᠋ᠠ᠂ ᠬᠢᠲᠠᠳ ᠡᠮ ᠤᠨ ᠮᠠᠲ᠋ᠧᠷᠢᠶᠠᠯ ︵ | ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠠᠷᠠᠳ ᠤᠨ | ᠶᠠᠪᠤᠳᠠᠯ ᠤᠨ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ᠂ ᠡᠮ ᠤᠨ ᠮᠠᠲ᠋ᠧᠷᠢᠶᠠᠯ ᠤᠨ ᠰᠤᠳᠤᠯᠭᠠᠨ ᠤ | ᠬᠥᠭᠵᠢᠯᠲᠡ ᠶᠢᠨ ᠲᠥᠪ᠃ | ᠬᠠᠷᠢᠯᠴᠠᠬᠤ ᠨᠢ᠄ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ | ᠵᠡᠮᠳᠡᠭᠴᠦᠳ ᠤᠨ ᠬᠤᠯᠪᠣᠭᠠᠲᠤ ᠬᠤᠷᠠᠯ᠂ ᠨᠢᠭᠦᠯᠡᠰᠦᠩᠭᠦᠢ ᠶᠢᠨ ᠶᠡᠷᠦᠩᠬᠡᠢ ᠡᠪᠯᠡᠯ᠃ | ᠪᠦᠦ ᠯᠢᠶᠠᠨ ᠱᠠᠨ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠵᠠᠩ ᠶᠦᠩ ᠴᠢᠤᠸᠠᠨ᠂ ᠳᠡᠳ᠋ ᠬᠤᠰᠢᠭᠤᠨ ᠳᠠᠷᠤᠭ᠎ᠠ᠂ ᠪᠦᠦ ᠯᠢᠶᠠᠨ ᠱᠠᠨ ᠬᠤᠰᠢᠭᠤᠨ ᠳᠠᠷᠤᠭ᠎ᠠ ᠶᠢ | ᠬᠠᠪᠰᠤᠷᠤᠨ ᠮᠥᠩᠭᠦᠨ ᠭᠦᠢᠯᠭᠡᠭᠡ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ᠂ ᠵᠠᠮ ᠬᠠᠷᠢᠯᠴᠠᠭ᠎ᠠ | ᠲᠡᠭᠡᠭᠡᠪᠦᠷᠢ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ | ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠬᠢᠭᠡᠳ | ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ᠃ | ᠬᠠᠷᠢᠯᠴᠠᠬᠤ ᠨᠢ᠄ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠵᠡᠪᠰᠡᠭᠲᠦ ᠴᠠᠭᠳᠠᠭ᠎ᠠ ᠶᠢᠨ | ᠳᠤᠮᠳᠠ ᠠᠩᠭᠢ᠂ 84 ᠬᠤᠪᠢᠶᠠᠷᠢ ᠠᠩᠭᠢ᠂ ᠨᠠᠢᠮᠠᠨ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ | ᠂ ᠲᠦᠷᠭᠡᠨ ᠳᠠᠪᠬᠢᠬᠤ ᠵᠠᠰᠠᠮᠠᠯ ᠵᠠᠮ ᠤᠨ ᠨᠠᠢᠮᠠᠨ ᠬᠤᠰᠢᠭᠤᠨ ᠤ ᠵᠠᠮ ᠤᠨ ᠶᠠᠪᠤᠳᠠᠯ ᠤᠨ ᠶᠡᠭᠡ ᠠᠩᠭᠢ᠂ ᠲᠦᠩᠯᠢᠶᠣᠣ | ᠬᠤᠲᠠ ᠶᠢᠨ ᠵᠠᠰᠠᠮᠠᠯ ᠵᠠᠮ ᠤᠨ ᠠᠷᠠᠴᠢᠯᠠᠯᠲᠠ ᠶᠢᠨ ᠲᠥᠪ ᠤᠨ ᠳᠠᠴᠢᠨᠲᠠᠯ᠎ᠠ ᠬᠤᠪᠢᠶᠠᠷᠢ ᠲᠥᠪ ᠲᠤ ᠲᠦᠷᠭᠡᠨ | ᠳᠠᠪᠬᠢᠬᠤ ᠵᠠᠰᠠᠮᠠᠯ ᠵᠠᠮ ᠤᠨ ᠰᠦᠢᠳᠬᠡᠯ ᠬᠤᠷᠢᠶᠠᠬᠤ ᠭᠠᠵᠠᠷ᠂ ᠤᠯᠠᠭᠠᠨᠬᠠᠳᠠ ᠶᠢᠨ ᠲᠡᠷᠭᠡᠨ ᠤ ᠶᠠᠪᠤᠳᠠᠯ ᠤᠨ | ᠬᠡᠰᠡᠭ ᠤᠨ ᠨᠠᠢᠮᠠᠨ ᠦᠷᠲᠡᠭᠡ᠂ ᠰᠢᠤᠳᠠᠨ ᠤ ᠬᠤᠪᠢᠶᠠᠷᠢ ᠺᠣᠮᠫᠠᠨᠢ᠂ ᠨᠠᠪᠴᠢᠨ ᠲᠠᠮᠠᠬᠢ ᠶᠢᠨ ᠲᠤᠰᠬᠠᠢ | ᠬᠤᠳᠠᠯᠳᠤᠭᠠᠨ ᠤ ᠲᠣᠪᠴᠢᠶ᠎ᠠ ︵ᠪᠣᠷᠤᠯᠠᠭᠤᠯᠭ᠎ᠠ ᠶᠢᠨ ᠭᠠᠵᠠᠷ︶᠂ ᠳᠤᠮᠳᠠᠳᠤ ᠤᠯᠤᠰ ᠤᠨ ᠴᠢᠯᠠᠭᠤᠨ ᠲᠣᠰᠣ | ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ | ᠲᠦᠩᠯᠢᠶᠣᠣ ᠶᠢᠨ ᠨᠠᠢᠮᠠᠨ ᠬᠤᠰᠢᠭᠤᠨ ᠤ ᠬᠤᠪᠢᠶᠠᠷᠢ ᠺᠤᠮᠫᠠᠨᠢ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ | ᠨᠠᠢᠮᠠᠨ ᠬᠤᠰᠢᠭᠤᠨ ᠤ ᠰᠠᠯᠪᠤᠷᠢ ᠪᠠᠩᠬᠢ᠂ ᠳᠤᠮᠳᠠᠳᠤ ᠤᠯᠤᠰ ᠤᠨ ᠪᠠᠩᠬᠢ ᠶᠢᠨ ᠨᠠᠢᠮᠠᠨ ᠬᠤᠰᠢᠭᠤᠨ ᠤ ᠰᠠᠯᠪᠤᠷᠢ | ᠪᠠᠩᠬᠢ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠨᠠᠢᠮᠠᠨ ᠬᠤᠰᠢᠭᠤᠨ ᠤ ᠰᠠᠯᠪᠤᠷᠢ ᠪᠠᠩᠬᠢ᠂ ᠳᠤᠮᠳᠠᠳᠤ | ᠤᠯᠤᠰ ᠤᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠨᠠᠢᠮᠠᠨ ᠬᠤᠰᠢᠭᠤᠨ ᠤ ᠰᠠᠯᠪᠤᠷᠢ ᠪᠠᠩᠬᠢ᠂ | ᠰᠢᠤᠳᠠᠨ ᠤ ᠬᠠᠳᠠᠭᠠᠯᠠᠮᠵᠢ ᠶᠢᠨ ᠪᠠᠩᠬᠢ᠂ ᠥᠪᠥᠷ ᠮᠣᠩᠭᠤᠯ ᠤᠨ ᠪᠠᠩᠬᠢ ᠶᠢᠨ ᠲᠦᠩᠯᠢᠶᠣᠣ ᠶᠢᠨ ᠨᠠᠢᠮᠠᠨ ᠰᠠᠯᠪᠤᠷᠢ | ᠪᠠᠩᠬᠢ᠂ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠲᠦᠩᠯᠢᠶᠣᠣ ᠶᠢᠨ ᠨᠠᠢᠮᠠᠨ ᠤ ᠰᠠᠯᠪᠤᠷᠢ ᠪᠠᠩᠬᠢ᠂ ᠨᠠᠢᠮᠠᠨ ᠤ | ᠬᠥᠳᠡᠭᠡ ᠲᠣᠰᠬᠤᠨ ᠤ ᠬᠤᠷᠰᠢᠭᠰᠠᠨ ᠪᠠᠩᠬᠢ᠂ ᠥᠪᠥᠷ ᠮᠣᠩᠭᠤᠯ ᠤᠨ ᠬᠤᠳᠠᠯᠳᠤᠭᠠᠨ ᠤ ᠪᠠᠩᠬᠢ ᠶᠢᠨ | ᠲᠦᠩᠯᠢᠶᠣᠣ ᠶᠢᠨ ᠨᠠᠢᠮᠠᠨ ᠤ ᠰᠠᠯᠪᠤᠷᠢ ᠪᠠᠩᠬᠢ᠂ ᠨᠠᠢᠮᠠᠨ ᠳᠤ ᠰᠠᠭᠤᠭ᠎ᠠ ᠳᠠᠭᠠᠳᠬᠠᠯ ᠤᠨ ᠪᠠᠶᠢᠭᠤᠯᠤᠮᠵᠢ᠃ | ᠪᠦᠦ ᠯᠢᠶᠠᠨ ᠱᠠᠨ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠯᠢ ᠮᠢᠨ᠂ ᠳᠡᠳ᠋ ᠬᠤᠰᠢᠭᠤᠨ ᠳᠠᠷᠤᠭ᠎ᠠ᠂ ᠪᠦᠦ ᠯᠢᠶᠠᠨ ᠱᠠᠨ ᠬᠤᠰᠢᠭᠤᠨ ᠳᠠᠷᠤᠭ᠎ᠠ ᠶᠢ ᠬᠠᠪᠰᠤᠷᠤᠨ | ᠬᠥᠭᠵᠢᠭᠦᠯᠦᠯᠲᠡ ᠥᠭᠡᠷᠡᠴᠢᠯᠡᠯᠲᠡ᠂ ᠡᠨᠧᠷᠭᠢ ᠴᠠᠬᠢᠯᠭᠠᠨ ᠬᠦᠴᠦᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠠᠮᠤᠷ ᠲᠦᠪᠰᠢᠨ᠂ ᠠᠵᠤ ᠦᠢᠯᠡᠳᠪᠦᠷᠢ᠂ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ᠂ ᠠᠮᠢ | ᠠᠬᠤᠢ ᠶᠢᠨ ᠣᠷᠴᠢᠨ ᠲᠣᠭᠤᠷᠢᠨ᠂ ᠲᠤᠭ᠎ᠠ ᠪᠦᠷᠢᠳᠬᠡᠯ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ | ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠠᠯᠪᠠᠨ ᠭᠡᠷ᠂ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ︶᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠦᠩᠯᠢᠶᠣᠣ ᠬᠤᠲᠠ ᠶᠢᠨ ᠠᠮᠢ ᠠᠬᠤᠢ ᠶᠢᠨ ᠣᠷᠴᠢᠨ | ᠲᠣᠭᠤᠷᠢᠨ ᠤ ᠲᠣᠪᠴᠢᠶ᠎ᠠ ᠶᠢᠨ ᠨᠠᠢᠮᠠᠨ ᠬᠤᠰᠢᠭᠤᠨ ᠤ ᠬᠤᠪᠢᠶᠠᠷᠢ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ | ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠥᠪ᠃ | ᠬᠠᠷᠢᠯᠴᠠᠬᠤ ᠨᠢ᠄ ᠲᠦᠩᠯᠢᠶᠣᠣ ᠶᠢᠨ ᠨᠠᠢᠮᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠢᠮᠠᠨ ᠬᠤᠰᠢᠭᠤᠨ ᠤ | ᠪᠠᠶᠢᠴᠠᠭᠠᠯᠲᠠ ᠶᠢᠨ ᠠᠩᠭᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠤᠯᠤᠰ ᠤᠨ ᠴᠠᠬᠢᠯᠭᠠᠨ ᠲᠣᠣᠷ ᠤᠨ | ᠨᠠᠢᠮᠠᠨ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ᠂ ᠳᠤᠮᠳᠠᠳᠤ ᠤᠯᠤᠰ ᠤᠨ ᠰᠢᠯᠵᠢᠮᠡᠯ ᠬᠤᠯᠪᠣᠭᠠᠨ ᠤ ᠨᠠᠢᠮᠠᠨ | ᠬᠤᠰᠢᠭᠤᠨ ᠤ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠨᠠᠢᠮᠠᠨ ᠬᠤᠰᠢᠭᠤᠨ ᠤ | ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠨᠠᠢᠮᠠᠨ ᠬᠤᠰᠢᠭᠤᠨ ᠤ ᠬᠤᠪᠢᠶᠠᠷᠢ ᠺᠣᠮᠫᠠᠨᠢ | ᠂ ᠥᠪᠥᠷ ᠮᠣᠩᠭᠤᠯ ᠤᠨ ᠲᠦᠩᠯᠢᠶᠣᠣ ᠬᠤᠲᠠ ᠶᠢᠨ ᠳᠠᠪᠤᠰᠤᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠨᠠᠢᠮᠠᠨ | ᠬᠤᠰᠢᠭᠤᠨ ᠤ ᠲᠣᠬᠢᠷᠠᠭᠤᠯᠤᠨ ᠬᠦᠷᠭᠡᠬᠦ ᠲᠥᠪ᠂ ᠥᠪᠥᠷ ᠮᠣᠩᠭᠤᠯ ᠤᠨ ᠲᠦᠩ ᠯᠢᠶᠠᠩ ᠪᠦᠯᠦᠭᠯᠡᠯ ᠤᠨ ᠡᠯ᠎ᠡ | ᠤᠯᠤᠰ ᠤᠨ ᠠᠮᠤ ᠪᠤᠳᠠᠭ᠎ᠠ ᠨᠥᠭᠡᠴᠡᠯᠡᠬᠦ ᠬᠥᠮᠥᠷᠭᠡ ᠶᠢᠨ ᠬᠢᠵᠠᠭᠠᠷᠲᠤ ᠺᠣᠮᠫᠠᠨᠢ᠃ | ᠪᠦᠦ ᠯᠢᠶᠠᠨ ᠱᠠᠨ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠶᠠᠩ ᠴᠦᠨ ᠱᠧᠩ᠂ ᠳᠡᠳ᠋ ᠬᠤᠰᠢᠭᠤᠨ ᠳᠠᠷᠤᠭ᠎ᠠ ᠪᠥᠭᠡᠳ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠳᠠᠷᠤᠭ᠎ᠠ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠤ᠂ ᠪᠦᠦ ᠯᠢᠶᠠᠨ ᠱᠠᠨ ᠬᠤᠰᠢᠭᠤᠨ ᠳᠠᠷᠤᠭ᠎ᠠ ᠶᠢ ᠬᠠᠮᠵᠢᠨ | ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠣᠷᠪᠤᠯᠵᠢᠯᠠᠭ᠎ᠠ ᠵᠡᠷᠭᠡ ᠲᠠᠯ᠎ᠠ ᠶᠢᠨ ᠠᠵᠢᠯ ᠢ | ᠬᠠᠷᠢᠭᠤᠴᠠᠨ᠎ᠠ᠃ | ᠬᠤᠪᠢᠳᠠᠨ ᠬᠠᠮᠢᠶᠠᠷᠬᠤ᠄ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠥᠬᠦ ᠲᠠᠯ᠎ᠠ ᠶᠢᠨ | ᠠᠵᠢᠯ ᠢ ᠡᠷᠭᠢᠯᠡᠨ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ | ᠃ | ᠬᠠᠷᠢᠯᠴᠠᠬᠤ ᠨᠢ᠄ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ᠂ | ᠤᠯᠤᠰ ᠤᠨ ᠠᠮᠤᠷ ᠲᠦᠪᠰᠢᠨ ᠤ ᠲᠣᠪᠴᠢᠶ᠎ᠠ᠃ | ᠪᠦᠦ ᠯᠢᠶᠠᠨ ᠱᠠᠨ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | | 2023 ᠣᠨ ᠤ 9 ᠰᠠᠷ᠎ᠠ ᠶᠢᠨ 25 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | | | | | |