ᠨᠠᠢᠮᠠᠨ ᠬᠤᠰᠢᠭᠤᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠷᠥ ᠶᠢᠨ ᠪᠣᠳᠣᠯᠭ᠎ᠠ ᠶᠢ ᠠᠰᠠᠷ ᠲᠤ ᠣᠷᠣᠭᠤᠯᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/12/13
      ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠬᠢᠷᠢ ᠲᠦᠪᠰᠢᠨ ᠪᠠ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠦᠷᠢᠮ ᠤᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠥᠷᠭᠡᠨ ᠣᠯᠠᠨ ᠲᠦᠮᠡᠨ ᠳᠤ ᠨᠠᠢᠮᠠᠨ ᠬᠤᠰᠢᠭᠤᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠵᠢᠴᠢ ᠦᠢᠯᠡᠴᠢᠯᠡᠭᠡ ᠶᠢ ᠨᠠᠩ ᠳᠥᠭᠦᠮ ᠳᠥᠲᠡ ᠪᠠᠷ ᠣᠶᠢᠯᠠᠭᠠᠭᠤᠯᠬᠤ ᠶᠢᠨ ᠲᠥᠯᠥᠭᠡ ᠂ 12 ᠰᠠᠷ᠎ᠠ ᠶᠢᠨ 5 ᠤ ᠡᠳᠦᠷ᠂ ᠨᠠᠢᠮᠠᠨ ᠬᠤᠰᠢᠭᠤᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠴᠢ ᠶᠠ · ᠱᠠᠩ ᠴᠧᠩ  ᠤᠨ  ᠬᠤᠳᠠᠯᠳᠤᠬᠤ ᠲᠥᠪ ᠲᠤ ᠬᠦᠷᠴᠦ᠂ ︽ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠷᠥ ᠶᠢᠨ ᠪᠣᠳᠣᠯᠭ᠎ᠠ ᠶᠢ ᠠᠰᠠᠷ ᠲᠤ ᠣᠷᠣᠭᠤᠯᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
奈曼旗住房公积金开展“住房公积金政策进楼盘”宣传活动1.jpg
奈曼旗住房公积金开展“住房公积金政策进楼盘”宣传活动2.jpg      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠨᠠᠢᠮᠠᠨ ᠬᠤᠰᠢᠭᠤᠨ ᠤ ᠣᠷᠣᠨ ᠰᠠᠭᠤᠴᠠ ᠶᠢᠨ ᠨᠡᠶᠢᠲᠡ ᠶᠢᠨ
ᠬᠤᠷᠠᠮᠳᠤᠭᠤᠯᠭ᠎ᠠ ᠶᠢᠨ ᠮᠥᠩᠭᠦ ᠶᠢᠨ ᠠᠵᠢᠯᠲᠠᠨ ᠠᠰᠠᠷ ᠬᠤᠳᠠᠯᠳᠤᠬᠤ ᠭᠠᠵᠠᠷ ᠤᠨ ᠲᠤᠬᠠᠶᠢᠯᠠᠭᠰᠠᠨ ᠠᠵᠢᠯ ᠤᠨ ᠠᠵᠢᠯᠲᠠᠨ ᠳᠤ ᠬᠠᠮᠤᠭ ᠤᠨ ᠰᠢᠨ᠎ᠡ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠪᠠ ᠭᠠᠷᠭᠠᠨ ᠠᠪᠬᠤ ᠲᠥᠷᠥ ᠶᠢᠨ ᠪᠣᠳᠣᠯᠭ᠎ᠠ ᠶᠢ ᠭᠤᠤᠯᠳᠠᠯᠭ᠎ᠠ ᠲᠠᠢ ᠲᠠᠨᠢᠯᠴᠠᠭᠤᠯᠬᠤ ᠶᠢᠨ ᠬᠠᠮᠲᠤ ᠪᠣᠳᠠᠲᠤ ᠵᠢᠱᠢᠶ᠎ᠡ ᠲᠠᠢ ᠤᠶᠠᠯᠳᠤᠭᠤᠯᠤᠨ ᠵᠢᠭᠡᠯᠡᠯᠭᠡ ᠪᠤᠳᠤᠬᠤ ᠠᠷᠭ᠎ᠠ ᠮᠠᠶ᠋ᠢᠭ᠂ ᠭᠤᠶᠤᠴᠢᠯᠠᠬᠤ ᠶᠠᠪᠤᠴᠠ᠂  ᠬᠤᠳᠠᠯᠳᠤᠭᠠᠨ ᠤ ᠵᠢᠭᠡᠯᠡᠯᠭᠡ  ᠶᠢ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠳᠤ ᠰᠢᠯᠵᠢᠭᠦᠯᠬᠦ ᠨᠥᠬᠦᠴᠡᠯ ᠳᠤ ᠨᠡᠶᠢᠴᠡᠬᠦ ᠡᠰᠡᠬᠦ᠂ ᠤᠨᠳᠤᠤ ᠭᠠᠵᠠᠷ ᠤᠨ ᠵᠢᠭᠡᠯᠡᠯᠭᠡ ᠶᠢ ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾᠂ ︽ᠺᠣᠳ᠋ ᠢᠶᠠᠨ ᠦᠵᠡᠭᠦᠯᠪᠡᠯ  ᠭᠦᠢᠴᠡᠳᠭᠡᠵᠦ ᠪᠣᠯᠬᠤ︾ ᠵᠡᠷᠭᠡ ᠲᠥᠷᠥ ᠶᠢᠨ ᠪᠣᠳᠣᠯᠭ᠎ᠠ ᠳᠤ ᠪᠣᠳᠠᠲᠠᠶ ᠲᠠᠶᠢᠯᠪᠤᠷᠢᠯᠠᠯᠲᠠ ᠬᠢᠵᠦ᠂ ᠳᠠᠬᠢᠨ ︽ᠲᠠ ᠠᠰᠠᠭᠤᠪᠠᠯ ᠪᠢ ᠬᠠᠷᠢᠭᠤᠯᠬᠤ︾ ᠠᠵᠢᠯᠯᠠᠭ᠎ᠠ ᠶᠢᠨ ᠬᠡᠯᠪᠡᠷᠢ ᠪᠠᠷ ᠳᠠᠮᠵᠢᠭᠤᠯᠤᠨ ᠠᠵᠤ ᠠᠬᠤᠶᠢᠯᠠᠯ ᠤᠨ ᠠᠵᠢᠯᠲᠠᠨ ᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠪᠡ᠃ ᠠᠵᠢᠯᠯᠠᠭ᠎ᠠ ᠳᠤᠮᠳᠠ᠂  ᠬᠤᠳᠠᠯᠳᠤᠬᠤ ᠲᠥᠪ ᠠᠴᠠ ᠬᠡᠷ ᠪᠠᠶᠢᠰᠢᠩ ᠬᠤᠳᠠᠯᠳᠤᠨ ᠠᠪᠬᠤ ᠣᠯᠠᠨ ᠲᠦᠮᠡᠨ ᠳᠤ ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ ᠬᠠᠭᠤᠳᠠᠰᠤ ᠪᠠ ︽ᠵᠢᠭᠡᠯᠡᠯᠭᠡ ᠨᠢ ᠨᠢᠭᠤᠷ ᠵᠣᠯᠭᠠᠬᠤ ᠥᠬᠡᠶ︾ ᠰᠢᠰᠲ᠋ᠧᠮ ᠤᠨ ᠠᠵᠢᠯᠯᠠᠭᠠᠨ ᠤ ᠵᠦᠭᠯᠡᠭᠦᠷ ᠢ ᠲᠠᠷᠬᠠᠭᠠᠨ᠂ ᠤᠬᠠᠭᠤᠯᠭ᠎ᠠ ᠶᠢᠨ ᠡᠯᠭᠦᠭᠡ ᠪᠢᠴᠢᠭᠡᠰᠦ ᠨᠠᠭᠠᠵᠤ᠂ ᠤᠬᠠᠭᠤᠯᠭ᠎ᠠ ᠶᠢᠨ ᠠᠰᠠᠭᠤᠨ ᠯᠠᠪᠯᠠᠬᠤ ᠲᠠᠪᠴᠠᠩ ᠢ ᠪᠠᠶᠢᠭᠤᠯᠤᠨ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠮᠡᠷᠭᠡᠨ ᠴᠤᠬᠤᠷ ᠤᠨ ᠤᠬᠠᠭᠤᠯᠭ᠎ᠠ ᠶᠢᠨ ᠳᠡᠯᠭᠡᠴᠡ ᠶᠢ ᠳᠡᠯᠭᠡᠵᠦ᠂ ᠬᠡᠷ ᠪᠠᠶᠢᠰᠢᠩ ᠬᠤᠳᠠᠯᠳᠤᠨ ᠠᠪᠬᠤ ᠣᠯᠠᠨ ᠲᠦᠮᠡᠨ ᠰᠢᠷᠪᠢᠮᠡᠭᠴᠡ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠬᠡᠷᠡᠭᠰᠡᠬᠦ ᠮᠠᠲ᠋ᠧᠷᠢᠶᠠᠯ᠂ ᠴᠤᠪᠤᠷᠠᠯ ᠪᠠ ᠴᠠᠭ ᠤᠨ ᠬᠢᠵᠠᠭᠠᠷ ᠢ ᠮᠡᠳᠡᠵᠦ᠂ ᠨᠠᠩ ᠣᠯᠠᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠷ ᠠᠷᠠᠳ ᠲᠤ ᠠᠰᠢᠭ ᠬᠦᠷᠲᠡᠭᠡᠬᠦ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠠᠶᠠᠯᠢᠭ ᠰᠣᠨᠢᠷᠬᠠᠯᠲᠠᠶ ᠬᠡᠯᠪᠡᠷᠢ ᠪᠠᠷ ᠣᠯᠠᠨ ᠲᠦᠮᠡᠨ ᠳᠤ ᠳᠦᠭᠦᠮ ᠦᠵᠡᠭᠦᠯᠪᠡ᠃
奈曼旗住房公积金开展“住房公积金政策进楼盘”宣传活动3.jpg
奈曼旗住房公积金开展“住房公积金政策进楼盘”宣传活动4.jpg
      ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠨ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠪᠠ ᠬᠡᠷ ᠪᠠᠶᠢᠰᠢᠩ ᠬᠤᠳᠠᠯᠳᠤᠨ ᠠᠪᠬᠤ ᠣᠯᠠᠨ ᠲᠦᠮᠡᠨ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠨᠠᠩ ᠪᠥᠬᠦ ᠲᠠᠯ᠎ᠠ ᠪᠠᠷ᠂ ᠭᠦᠨᠵᠡᠭᠡᠶ ᠣᠶᠢᠯᠠᠭᠠᠭᠤᠯᠵᠤ᠂ ᠠᠰᠠᠷ ᠬᠤᠳᠠᠯᠳᠤᠬᠤ ᠳᠤ ᠬᠠᠮᠵᠢᠯᠴᠠᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠴᠣᠩᠬᠤ ᠶᠢ ᠪᠦᠲᠦᠮᠵᠢᠲᠡᠶ ᠡᠮᠦᠨᠡᠰᠢ ᠰᠢᠯᠵᠢᠭᠦᠯᠵᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ  ᠦᠢᠯᠡᠴᠢᠯᠡᠭᠡᠨ ᠤ ᠦᠢᠯᠡᠳᠦᠯ ᠴᠢᠳᠠᠮᠵᠢ ᠶᠢ ᠤᠯᠠᠮ ᠨᠢᠭᠡ ᠠᠯᠬᠤᠮ ᠴᠢᠩᠭᠠᠷᠠᠭᠤᠯᠪᠠ᠃ ᠲᠠᠷᠠᠭᠠᠴᠢ ᠶᠢᠨ ᠠᠯᠬᠤᠮ ᠳᠤ ᠂ ᠨᠠᠢᠮᠠᠨ ᠬᠤᠰᠢᠭᠤᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠨᠢ ᠢᠮᠠᠭᠲᠠ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ︽  ᠨᠢᠭᠡᠴᠢ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ᠂ ᠠᠰᠠᠷ ᠲᠤ ᠣᠷᠣᠭᠤᠯᠬᠤ︾ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠲᠠᠰᠤᠷᠠᠯᠲᠠ ᠥᠬᠡᠶ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠥᠷᠭᠡᠳᠬᠡᠬᠦ ᠲᠥᠷᠥ ᠶᠢᠨ ᠪᠣᠳᠣᠯᠭ᠎ᠠ ᠶᠢᠨ ᠠᠰᠢᠭ ᠬᠦᠷᠲᠡᠭᠡᠬᠦ ᠲᠠᠯ᠎ᠠ ᠪᠠᠷ ᠰᠡᠳᠬᠢᠯ ᠳᠡᠯᠪᠢᠨ ᠬᠦᠴᠦ ᠣᠷᠣᠭᠤᠯᠵᠤ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠪᠠᠶᠢᠭᠠᠳ ᠠᠷᠠᠳ ᠣᠯᠠᠨ ᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠠᠯ᠎ᠠ ᠪᠠᠷ ᠬᠢ ᠪᠠᠴᠢᠮ᠂ ᠬᠦᠴᠢᠷ᠂ ᠵᠣᠪᠠᠨᠢᠯ᠂ ᠬᠦᠰᠡᠯ ᠡᠷᠡᠮᠡᠯᠵᠡᠯ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠨᠠᠩ ᠣᠯᠠᠨ ᠲᠦᠮᠡᠨ ᠤ ︽ᠠᠮᠤᠭᠤᠯᠠᠩ ᠰᠠᠭᠤᠷᠢᠰᠢᠬᠤ ᠬᠦᠰᠡᠯ︾ ᠢ ᠪᠡᠶᠡᠯᠡᠭᠦᠯᠬᠦ ᠳᠤ ᠬᠦᠴᠦᠨ ᠨᠡᠮᠡᠷᠢᠯᠡᠪᠡ᠃
 
ᠢᠷᠡᠯᠲᠡ᠄ ᠲᠦᠩᠯᠢᠶᠤᠤ ᠬᠤᠲᠠ ᠶᠢᠨ ᠤᠷᠤᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠦᠩᠭᠦ ᠶᠢᠨ ᠲᠦᠪ ᠤᠨ ᠨᠠᠢᠮᠠᠨ ᠬᠤᠰᠢᠭᠤᠨ ᠤ ᠦᠢᠯᠡ᠊
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号