︽ᠠᠷᠠᠳ ᠲᠤ ᠠᠰᠢᠭ ᠬᠦᠷᠲᠡᠭᠡᠬᠦ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ᠂ ᠦᠢᠯᠡᠴᠢᠯᠡᠭᠡ ᠨᠢ | ᠬᠥᠮᠥᠰ ᠤᠨ ᠰᠡᠳᠬᠢᠯ ᠢ ᠳᠤᠯᠠᠭᠠᠴᠠᠭᠤᠯᠬᠤ︾ ᠦᠢᠯᠡᠴᠢᠯᠡᠭᠡ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ | ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠂ ᠲᠦᠩᠯᠢᠶᠣᠣ ᠬᠤᠲᠠ ᠶᠢᠨ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠨᠠᠢᠮᠠᠨ ᠬᠤᠰᠢᠭᠤᠨ ᠤ | ᠦᠢᠯᠡᠴᠢᠯᠡᠭᠡᠨ ᠤ ᠬᠡᠯᠲᠡᠰ ᠠᠷᠠᠳ ᠲᠤ ᠦᠢᠯᠡᠴᠢᠯᠡᠬᠦ᠂ ᠠᠷᠠᠳ ᠲᠤ ᠲᠥᠬᠦᠮ ᠦᠵᠡᠭᠦᠯᠬᠦ ᠡᠭᠦᠳᠡᠨ ᠠᠴᠠ᠂ ᠠᠵᠤ | ᠠᠬᠤᠶᠢᠯᠠᠯ ᠂ ᠣᠯᠠᠨ ᠲᠦᠮᠡᠨ ᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠢ | ᠭᠦᠢᠴᠡᠳᠬᠡᠬᠦ ᠳᠤᠮᠳᠠᠬᠢ ︽ᠭᠦᠢᠴᠡᠳᠬᠡᠵᠦ ᠴᠢᠳᠠᠬᠤ ᠦᠭᠡᠢ᠂ ᠳᠠᠬᠢᠨ ᠳᠠᠪᠲᠠᠨ ᠠᠰᠠᠭᠤᠬᠤ︾ ᠵᠡᠷᠭᠡ | ᠠᠰᠠᠭᠤᠳᠠᠯ ᠢ ᠰᠢᠢᠳᠪᠦᠷᠢᠯᠡᠵᠦ᠂ ᠦᠢᠯᠡᠴᠢᠯᠡᠭᠡᠨ ᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ︽ᠮᠡᠷᠭᠡᠨ | ᠴᠤᠬᠤᠷ︾ ᠤᠨ ᠬᠡᠷᠡᠭ ᠭᠦᠢᠴᠡᠳᠬᠡᠬᠦ ᠵᠦᠭᠯᠡᠭᠦᠷ ᠢ ᠭᠠᠷᠭᠠᠵᠤ᠂ ︽ᠣᠶᠤᠨᠴᠢ ᠦᠢᠯᠡᠴᠢᠯᠡᠭᠡ︾ ᠶᠢᠨ ᠲᠠᠰ | ᠳᠡᠪᠰᠢᠬᠦ ᠶᠢ ᠠᠬᠢᠭᠤᠯᠤᠨ ︽ᠺᠣᠳ᠋︾ ᠢ ᠨᠡᠮᠡᠪᠡ᠃ | | | | | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ︽ᠮᠡᠷᠭᠡᠨ ᠴᠤᠬᠤᠷ︾ ᠤᠨ ᠬᠡᠷᠡᠭ ᠭᠦᠢᠴᠡᠳᠭᠡᠬᠦ | ᠵᠦᠭᠯᠡᠭᠦᠷ ᠢ ᠵᠢᠭᠡᠯᠡᠯᠭᠡ ᠠᠪᠬᠤ᠂ ᠭᠠᠷᠭᠠᠨ ᠠᠪᠬᠤ 2 ᠲᠤᠮᠤ ᠬᠡᠰᠡᠭ ᠬᠤᠪᠢᠶᠠᠨ᠎ᠠ᠃ ᠡᠭᠦᠨ ᠳᠤ ᠵᠢᠭᠡᠯᠡᠯᠭᠡ | ᠲᠠᠯᠪᠢᠬᠤ᠂ ᠭᠠᠷᠭᠠᠨ ᠠᠪᠬᠤ᠂ ᠮᠤᠵᠢ ᠠᠯᠤᠰᠯᠠᠨ ᠭᠦᠢᠴᠡᠳᠬᠡᠬᠦ᠂ ᠺᠤᠳ᠋ ᠢᠶᠠᠨ ᠦᠵᠡᠭᠦᠯᠪᠡᠯ ᠭᠦᠢᠴᠡᠳᠭᠡᠵᠦ ᠪᠤᠯᠬᠤ | ᠂ ︽ᠵᠢᠭᠡᠯᠡᠯᠭᠡ ᠶᠢ ᠥᠯᠥ ᠵᠣᠯᠭᠠᠭᠤᠯᠬᠤ︾ ᠰᠢᠰᠲ᠋ᠧᠮ ᠤᠨ ᠠᠵᠢᠯᠯᠠᠭᠠᠨ ᠤ ᠵᠦᠭᠯᠡᠭᠦᠷ ᠵᠡᠷᠭᠡ 30 ᠵᠦᠢᠯ ᠤᠨ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠤᠯ ᠤᠨ ᠮᠥᠩᠭᠦ ᠶᠢᠨ ᠦᠢᠯᠡᠴᠢᠯᠡᠭᠡᠨ ᠤ ᠵᠦᠢᠯᠡᠰ ᠵᠢᠴᠢ | ᠦᠢᠯᠡᠴᠢᠯᠡᠭᠡᠨ ᠤ ᠲᠢᠩᠬᠢᠮ ᠤᠨ ᠪᠣᠳᠠᠲᠠᠢ ᠪᠠᠶᠢᠷᠢᠰᠢᠯ ᠤᠨ ᠠᠶᠠᠯᠠᠯ ᠵᠠᠯᠠᠬᠤ᠂ ᠠᠰᠠᠭᠤᠨ ᠯᠠᠪᠯᠠᠬᠤ ᠤᠲᠠᠰᠤ ᠵᠡᠷᠭᠡ | ᠪᠠᠶᠢᠩᠭᠤ ᠬᠡᠷᠡᠭᠯᠡᠭᠳᠡᠬᠦ ᠮᠡᠳᠡᠭᠡ ᠵᠠᠩᠭᠢ ᠶᠢ ᠬᠠᠮᠤᠷᠴᠠᠢ᠃ ᠤᠴᠢᠷ ᠶᠠᠪᠤᠳᠠᠯ ᠰᠢᠢᠳᠪᠦᠷᠢᠯᠡᠬᠦ ᠣᠯᠠᠨ ᠲᠦᠮᠡᠨ ︽ | ᠮᠡᠷᠭᠡᠨ ᠴᠤᠬᠤᠷ︾ ᠢ ᠰᠢᠷᠪᠢᠬᠦ ᠪᠠᠷ ᠳᠡᠮᠵᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠬᠡᠷᠡᠭᠰᠡᠬᠦ ᠨᠠᠷᠢᠨ | ᠮᠠᠲ᠋ᠧᠷᠢᠶᠠᠯ᠂ ᠭᠦᠢᠴᠡᠳᠬᠡᠬᠦ ᠶᠠᠪᠤᠴᠠ᠂ ᠭᠦᠢᠴᠡᠳᠬᠡᠬᠦ ᠴᠠᠭ ᠤᠨ ᠬᠢᠵᠠᠭᠠᠷ ᠢ ᠣᠶᠢᠯᠠᠭᠠᠵᠤ᠂ ᠤᠴᠢᠷ ᠶᠠᠪᠤᠳᠠᠯ | ᠭᠦᠢᠴᠡᠳᠬᠡᠬᠦ ᠵᠦᠭᠯᠡᠭᠦᠷ ᠢ ᠰᠢᠷᠪᠢᠪᠡᠯ ᠳᠠᠷᠤᠢ ᠪᠠᠶᠢᠴᠠᠭᠠᠵᠤ᠂ ᠲᠤᠪᠴᠢᠳᠠᠪᠠᠯ ᠳᠠᠷᠤᠢ ᠦᠵᠡᠬᠦ ᠶᠢ ᠪᠡᠶᠡᠯᠡᠭᠦᠯᠵᠦ | ᠴᠢᠳᠠᠨ᠎ᠠ᠃ ᠡᠭᠦᠨ ᠠᠴᠠ ᠭᠠᠳᠠᠨ᠎ᠠ᠂ ᠨᠠᠢᠮᠠᠨ ᠬᠤᠰᠢᠭᠤᠨ ᠤ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠨᠢ ᠪᠠᠰᠠ ︽ᠮᠡᠷᠭᠡᠨ ᠴᠤᠬᠤᠷ︾ ᠤᠨ ᠬᠡᠷᠡᠭ ᠡᠷᠭᠢᠯᠡᠬᠦ ᠵᠦᠭᠯᠡᠭᠦᠷ ᠢ ᠬᠤᠷᠰᠢᠭᠰᠠᠨ | ᠪᠠᠩᠬᠢ ᠶᠢᠨ ᠲᠣᠣᠷ ᠴᠡᠭ᠂ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠳᠤ ᠬᠦᠷᠲᠡᠯ᠎ᠡ ᠥᠷᠭᠡᠳᠬᠡᠵᠦ᠂ ᠣᠯᠠᠨ | ᠲᠦᠮᠡᠨ ᠤ ︽ᠮᠡᠷᠭᠡᠨ ᠴᠤᠬᠤᠷ︾ ᠢ ᠭᠡᠷ ᠲᠡᠭᠡᠨ ᠠᠪᠠᠴᠢᠬᠤ ᠳᠤ ᠲᠥᠬᠦᠮ ᠦᠵᠡᠭᠦᠯᠵᠦ᠂ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠲᠣᠭᠠᠴᠢᠯᠠᠬᠤ᠂ ᠳᠥᠭᠦᠮᠴᠢᠯᠡᠬᠦ ᠶᠢ | ᠪᠦᠲᠦᠮᠵᠢᠲᠡᠶ ᠲᠦᠯᠬᠢᠨ ᠠᠬᠢᠭᠤᠯᠪᠠ᠃ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ︽ᠮᠡᠷᠭᠡᠨ ᠴᠤᠬᠤᠷ︾ ᠤᠨ ᠲᠤᠬᠠᠶᠢᠯᠠᠭᠰᠠᠨ ᠠᠵᠢᠯ ᠤᠨ | ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠨᠢ ᠤᠤᠯ ᠤᠨ ᠴᠠᠭᠠᠰᠤᠨ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ ᠤᠨ | ᠠᠭᠤᠯᠭ᠎ᠠ ᠶᠢᠨ ᠬᠠᠮᠤᠷᠬᠤ ᠬᠡᠪᠴᠢᠶ᠎ᠡ ᠪᠦᠷᠢᠨ ᠪᠤᠰᠤ᠂ ᠬᠠᠳᠠᠭᠠᠯᠠᠬᠤ ᠳᠤ ᠳᠥᠭᠦᠮ ᠦᠭᠡᠢ᠂ ᠡᠷᠢᠬᠦ ᠳᠤ ᠬᠦᠴᠢᠷ᠂ | ᠬᠠᠭᠤᠳᠠᠰᠤ ᠬᠡᠮᠵᠢᠶ᠎ᠡ ᠨᠢ ᠬᠢᠵᠠᠭᠠᠷᠯᠠᠭᠳᠠᠬᠤ ᠵᠡᠷᠭᠡ ᠠᠰᠠᠭᠤᠳᠠᠯ ᠢ ᠰᠢᠢᠳᠪᠦᠷᠢᠯᠡᠵᠦ᠂ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠶᠢ ᠨᠢᠭᠡ ᠴᠣᠭᠴᠠᠵᠢᠭᠤᠯᠤᠭᠰᠠᠨ ᠠᠵᠢᠯ ᠶᠠᠪᠤᠳᠠᠯ ᠭᠦᠢᠴᠡᠳᠬᠡᠬᠦ ᠵᠠᠭᠪᠤᠷ ᠢ ᠪᠦᠲᠦᠮᠵᠢᠲᠡᠶ | ᠲᠦᠯᠬᠢᠨ ᠠᠬᠢᠭᠤᠯᠵᠤ᠂ ᠬᠡᠷᠡᠭᠵᠢᠭᠦᠯᠦᠮᠡᠭᠴᠡ ᠥᠷᠭᠡᠨ ᠣᠯᠠᠨ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠤ | ᠬᠦᠷᠢᠶᠡᠯᠡᠯ ᠪᠠ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ ᠣᠯᠠᠨ ᠲᠦᠮᠡᠨ ᠢᠯᠡᠷᠬᠡᠶᠢᠯᠡᠬᠦ ᠳᠡᠭᠡᠨ᠂ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ︽ᠬᠤᠶᠠᠷ ᠬᠡᠮᠵᠢᠯᠲᠦ ᠲᠡᠮᠳᠡᠭ︾ ᠤᠨ ᠠᠵᠢᠯ ᠶᠠᠪᠤᠳᠠᠯ | ᠭᠦᠢᠴᠡᠳᠬᠡᠬᠦ ᠵᠦᠭᠯᠡᠭᠦᠷ ᠢ ᠬᠡᠷᠡᠭᠯᠡᠬᠦ ᠳᠤ ᠲᠥᠬᠦᠮ᠂ ᠬᠠᠳᠠᠭᠠᠯᠠᠬᠤ ᠳᠤ ᠠᠮᠠᠷᠬᠠᠨ᠂ ᠭᠠᠷ ᠤᠲᠠᠰᠤ ᠪᠠᠷ | ᠭᠦᠢᠴᠡᠳᠭᠡᠵᠦ᠂ ᠠᠵᠢᠯ ᠤᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ︽ᠮᠡᠷᠭᠡᠨ ᠴᠤᠬᠤᠷ ᠢ ᠭᠠᠷ ᠲᠠᠭᠠᠨ ᠠᠳᠬᠤᠵᠤ᠂ ᠠᠵᠢᠯ ᠶᠠᠪᠤᠳᠠᠯ ᠬᠢᠬᠦ ᠳᠤ | ᠵᠣᠪᠠᠭ᠋ᠤ ᠦᠭᠡᠢ︾ ᠪᠠᠶᠢᠬᠤ ᠶᠢ ᠪᠡᠶᠡᠯᠡᠭᠦᠯᠪᠡ᠃ | | | |