ᠨᠠᠢᠮᠠᠨ ᠬᠤᠰᠢᠭᠤ 2024 ᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/13

      12 ᠰᠠᠷ᠎ᠠ ᠶᠢᠨ 5 ᠤ ᠡᠳᠦᠷ᠂ ᠨᠠᠢᠮᠠᠨ ᠬᠤᠰᠢᠭᠤ 2024 ᠣᠨ ᠤ ᠬᠤᠳᠠᠯᠳᠤᠭᠠᠴᠢᠨ ᠤᠷᠢᠵᠤ ᠪᠡᠯᠡ

ᠤᠷᠤᠭᠤᠯᠬᠤ ᠪᠠ ᠭᠤᠣᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠵᠤ᠂ 2024

ᠣᠨ ᠳᠤ ᠬᠡᠷᠡᠭᠵᠢᠭᠦᠯᠬᠦ ᠪᠠᠷ ᠪᠠᠶᠢᠭ᠎ᠠ ᠬᠤᠳᠠᠯᠳᠤᠭᠠᠴᠢᠨ ᠤᠷᠢᠵᠤ ᠪᠡᠯᠡ ᠤᠷᠤᠭᠤᠯᠬᠤ ᠭᠤᠣᠯᠳᠠᠯᠭ᠎ᠠ ᠲᠠᠢ ᠲᠥᠷᠥᠯ

ᠵᠦᠢᠯ ᠤᠨ ᠶᠡᠷᠦᠩᠬᠡᠢ ᠪᠠᠶᠢᠳᠠᠯ ᠵᠢᠴᠢ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠭᠰᠡᠨ ᠵᠡᠷᠭᠡ

ᠬᠠᠮᠢᠶ᠎ᠠ ᠪᠦᠬᠦᠢ ᠪᠠᠶᠢᠳᠠᠯ ᠢ ᠵᠠᠷᠯᠠᠨ ᠮᠡᠳᠡᠭᠳᠡᠵᠦ᠂ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ

ᠮᠥᠴᠢᠷ ᠤᠳ ᠳᠠᠭᠠᠭᠠᠴᠢᠯᠠᠨ ᠬᠤᠯᠪᠣᠭᠠᠯᠠᠬᠤ ᠲᠥᠷᠥᠯ ᠵᠦᠢᠯ ᠤᠨ ᠭᠠᠷ ᠭᠦᠢᠴᠡᠳᠬᠡᠯ ᠢ ᠭᠦᠢᠴᠡᠳᠬᠡᠭᠰᠡᠨ

ᠪᠠᠶᠢᠳᠠᠯ ᠤᠨ ᠲᠤᠬᠠᠢ ᠶᠠᠷᠢᠶ᠎ᠠ ᠲᠠᠯᠪᠢᠵᠤ᠂ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠮᠠᠭᠠᠳᠯᠠᠵᠤ᠂

ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠨᠠᠮ ᠤᠨ

ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠪᠦᠦ ᠯᠢᠶᠠᠨ ᠱᠠᠨ ᠬᠤᠷᠠᠯ ᠳᠤ

ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠢ ᠮᠢᠨ

ᠬᠤᠷᠠᠯ ᠢ ᠡᠷᠭᠢᠯᠡᠵᠦ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠤᠯᠤᠰ ᠤᠨ

ᠥᠮᠴᠢᠯᠡᠯᠲᠦ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃

奈曼旗召开2024年招商引资和重点项目调度会.png

 
ᠢᠷᠡᠯᠲᠡ᠄ ᠨᠠᠢᠮᠠᠨ ᠬᠤᠰᠢᠭᠤᠨ ᠤ ᠤᠷᠤᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠦᠢᠯᠡᠴᠢᠯᠡᠭᠡᠨ ᠤ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06000874号